ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠨᠠᠶᠢᠮᠠᠳᠣᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 134 ᠳ᠋ᠦᠭᠡᠷ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/7
    ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠨᠠᠶᠢᠮᠠᠳᠣᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 134 ᠳ᠋ᠦᠭᠡᠷ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ  
    1 ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠨᠠᠶᠢᠮᠠᠳᠣᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 134 ᠳ᠋ᠦᠭᠡᠷ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠶ ᠲᠤᠰᠢᠶᠠᠯ ᠤᠨ ᠮᠡᠳᠡᠭᠦᠯᠦᠯᠲᠡ ᠬᠢᠵᠦ ᠦᠨᠡᠯᠡᠨ ᠶᠠᠷᠢᠯᠴᠠᠪᠠ᠃ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠪᠠᠶᠢᠭᠤᠯᠤᠯᠲᠠ ᠶᠢᠨ ᠨᠠᠷᠢᠨ ᠪᠢᠴᠢᠭ ᠤᠨ ᠰᠠᠯᠠᠭᠠᠨ ᠤ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ  ᠬᠦᠮᠦᠵᠢᠯ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠪᠠᠢᠩᠭᠤ ᠶᠢᠨ ᠬᠤᠷᠢᠶ᠎ᠠ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠰᠤᠯᠠ ᠣᠷᠣᠯᠴᠠᠪᠠ᠃    ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠲᠠ ᠶᠢᠨ ᠰᠢᠭᠤᠳ ᠬᠠᠷᠢᠶ᠎ᠠ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠲᠤᠬᠠᠶ ᠶᠢᠨ ᠲᠠᠯᠠᠪᠠᠶ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠪᠢᠴᠢᠭ ᠢᠶᠠᠷ ᠲᠤᠰᠢᠶᠠᠯ ᠤᠨ ᠮᠡᠳᠡᠭᠦᠯᠦᠯᠲᠡ ᠬᠢᠵᠦ᠂ ᠵᠢᠶᠤᠤ ᠭᠠᠩ ᠸᠧᠶ ᠬᠤᠲᠠ ᠶᠢᠨ ᠨᠠᠮ ᠤᠨ ᠬᠤᠷᠢᠶ᠎ᠠ ᠶᠢ ᠲᠥᠯᠥᠭᠡᠯᠡᠨ ᠨᠢᠭᠡᠳ ᠨᠢᠭᠡ ᠪᠠᠷ ᠦᠨᠡᠯᠡᠪᠡ᠃ ᠬᠤᠲᠠ ᠶᠢᠨ ᠤᠳᠤᠷᠢᠳᠤᠯᠭ᠎ᠠ ᠪᠠᠶ ᠲᠢᠶᠧ ᠵᠦ᠋᠂ ᠯᠢᠦ ᠬᠤᠩ ᡁᠢ ᠲᠣᠰ ᠲᠣᠰ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠤᠶᠠᠯᠳᠤᠭᠤᠯᠤᠨ ᠶᠡᠷᠦᠩᠬᠡᠶ ᠦᠨᠡᠯᠡᠯᠲᠡ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠵᠢᠯᠣᠭᠤᠳᠬᠤ ᠰᠠᠨᠠᠯ ᠳᠤᠷᠠᠳᠪᠠ᠃     ᠵᠢᠶᠤᠤ ᠭᠠᠩ ᠸᠧᠶ ᠵᠢᠭᠠᠵᠤ ᠭᠠᠷᠭᠠᠭᠰᠠᠨ ᠨᠢ᠂ 2020 ᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠴᠢᠩᠭ᠎ᠠ ᠰᠢᠯᠭᠠᠯᠲᠠ ᠶᠢᠨ ᠡᠮᠦᠨ᠎ᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠠᠬᠢᠷᠬᠤ ᠶᠢ ᠪᠠᠷᠢᠮᠲᠠᠯᠠᠨ᠎ᠠ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠬᠠᠮᠤᠭ ᠤᠨ ᠶᠡᠭᠡ ᠵᠠᠰᠠᠭ ᠤᠨ ᠠᠵᠢᠯ ᠤᠨ ᠪᠦᠲᠦᠮᠵᠢ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠬᠡᠷᠡᠭᠲᠡᠢ᠂ ᠨᠠᠮ ᠤᠨ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ  ᠭᠦᠢᠴᠡᠳᠭᠡᠶ᠎ᠡ᠂ ︽ᠲᠠᠪᠤᠨ ᠲᠠᠯ᠎ᠠ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠦᠨᠳᠦᠰᠦᠨ ᠱᠠᠲᠤ ᠶᠢ ᠶᠡᠭᠡ ᠪᠠᠷ ᠠᠳᠬᠤᠬᠤ︾ ᠠᠵᠢᠯ ᠤᠨ ᠪᠠᠶᠢᠷᠢᠯᠠᠭᠤᠯᠤᠯᠲᠠ᠂ ᠤᠯᠤᠰ ᠲᠥᠷᠥ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠥᠷᠥ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ  ᠳᠡᠭᠡᠲᠦ ᠬᠡᠮᠵᠢᠶ᠎ᠡ ᠪᠠᠷ ᠨᠢᠭᠡᠳᠦᠯᠲᠡᠶ  ᠪᠠᠶᠢᠬᠤ ᠬᠡᠷᠡᠭᠲᠡᠶ᠂ ᠬᠤᠶᠠᠷ ᠢ ᠬᠠᠮᠠᠭᠠᠯᠠᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠡᠷᠡᠰ ᠪᠠᠲᠤ ᠴᠢᠨᠠᠷ ᠤᠯᠠᠮ ᠨᠢᠭᠡ ᠠᠯᠬᠤᠮ ᠴᠢᠩᠭᠠᠷᠠᠪᠠ᠂ ᠥᠷᠭᠡᠨ ᠤᠯᠠᠨ ᠨᠠᠮ ᠤᠨ ᠭᠡᠰᠢᠭᠦᠨ ᠤ ᠬᠦᠰᠡᠯᠡᠩ ᠢᠲᠡᠭᠡᠯ ᠪᠢᠰᠢᠷᠡᠯ ᠵᠣᠷᠢᠯᠲᠠ ᠶᠢᠨ ᠤᠬᠠᠮᠰᠠᠷ ᠴᠢᠨᠠᠭᠰᠢᠳᠠ ᠪᠠᠬᠢᠵᠢᠪᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠪᠠᠶᠢᠯᠳᠤᠬᠤ ᠬᠦᠴᠦᠨ᠂ ᠲᠥᠪᠯᠡᠩᠭᠦᠶ ᠬᠦᠴᠦᠨ ᠲᠠᠰᠤᠷᠠᠯᠲᠠ ᠦᠭᠡᠢ ᠳᠡᠭᠡᠭᠰᠢᠯᠡᠪᠡ᠃     ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ᠂ ᠵᠢᠶᠤᠤ ᠭᠠᠩ ᠸᠧᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠬᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠪᠠᠶᠢᠭᠤᠯᠤᠯᠲᠠ ᠶᠢ ᠦᠨᠡᠨ ᠬᠦ ᠪᠣᠳᠠᠲᠠᠢ ᠠᠳᠬᠤᠵᠤ᠂ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠦᠵᠡᠯ ᠰᠠᠨᠠᠭᠠᠨ ᠤ ᠪᠠᠶᠢᠭᠤᠯᠤᠯᠲᠠ ᠶᠢ ᠨᠠᠮ ᠤᠨ ᠪᠠᠶᠢᠭᠤᠯᠤᠯᠲᠠ ᠶᠢᠨ ᠴᠢᠬᠤᠯᠠ ᠪᠠᠶᠢᠷᠢᠨ ᠳᠤ ᠲᠠᠯᠪᠢᠵᠤ᠂ ᠠᠵᠢᠯ ᠬᠢᠵᠦ ᠦᠢᠯᠡᠰ ᠪᠤᠰᠬᠠᠬᠤ ᠵᠣᠷᠢᠭ ᠰᠠᠨᠠᠭ᠎ᠠ ᠶᠢ ᠨᠢᠭᠲᠠᠷᠠᠭᠤᠯᠤᠨ ᠳᠠᠪᠲᠠᠨ ᠪᠣᠯᠪᠠᠰᠤᠷᠠᠭᠤᠯᠵᠤ᠂ ᠦᠨᠡᠨ ᠬᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠨ ᠦᠢᠯᠡᠳᠦᠯᠭᠡ ᠪᠠᠨ ᠵᠢᠯᠤᠭᠤᠳᠤᠭᠤᠯᠵᠤ ᠠᠵᠢᠯ ᠢᠶᠠᠨ ᠠᠬᠢᠭᠤᠯᠬᠤ ᠬᠡᠷᠡᠭᠲᠡᠢ᠃ ᠦᠨᠳᠦᠰᠦᠨ ᠱᠠᠳᠤ ᠶᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠦᠢᠯᠡᠳᠦᠯᠭᠡᠵᠢᠭᠦᠯᠵᠦ᠂ ᠰᠠᠭᠤᠷᠢ ᠪᠠᠨ ᠪᠠᠬᠢᠵᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠬᠢᠯᠠᠰ ᠴᠡᠭ ᠢ ᠡᠭᠦᠳᠴᠦ᠂ ᠡᠯ᠎ᠡ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ︽ᠴᠢᠩᠭ᠎ᠠ︾ ᠪᠠᠶᠢᠬᠤ ᠭᠤᠣᠯ ᠬᠦᠭ ᠠᠶᠠᠰ ᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠬᠡ ᠶᠢᠨ ᠠᠵᠢᠯᠯᠠᠭᠠᠨ ᠤ ᠲᠣᠭᠲᠠᠴᠠ ᠪᠣᠯᠤᠨ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠯᠵᠢᠷᠡᠯ ᠢ ᠡᠰᠡᠷᠭᠦᠴᠡᠬᠦ ᠳᠡᠶᠢᠯᠦᠩᠭᠦᠢ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃    ᠬᠤᠷᠠᠯ ᠳᠡᠭᠡᠷ᠎ᠡ ᠪᠠᠰᠠ ᠬᠤᠯᠪᠣᠭᠳᠠᠯ ᠪᠦᠬᠦᠢ ᠠᠵᠢᠯ ᠳᠤ ᠴᠢᠭᠯᠡᠭᠦᠯᠦᠨ ᠲᠤᠬᠠᠢ ᠶᠢᠨ ᠲᠠᠯᠠᠪᠠᠢ ᠶᠢᠨ ᠰᠢᠯᠭᠠᠨ ᠦᠨᠡᠯᠡᠯᠲᠡ ᠬᠢᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号