︵97 ᠳ᠋ᠤᠭᠠᠷ︶ ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ | ᠬᠡᠷ ᠤᠨ ᠵᠠᠷᠯᠠᠯ | ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠡᠮ ᠤᠨ ᠵᠦᠢᠯᠡᠰ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠤᠬᠠᠶ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠵᠠᠯᠠᠨ ᠠᠶᠢᠯ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠵᠠᠯᠠᠨ ᠠᠶᠢᠯ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠬᠤᠲᠠ ᠶᠢᠨ ᠡᠮ ᠤᠨ ᠵᠦᠢᠯ ᠤᠨ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠪᠠ᠂ ᠣᠯᠠᠩᠬᠢ ᠠᠵᠤ | ᠠᠬᠤᠶᠢᠯᠠᠯ ᠱᠠᠭᠠᠷᠳᠠᠯᠭ᠎ᠠ ᠶᠣᠰᠣᠭᠠᠷ ᠳᠡᠯᠭᠡᠭᠦᠷ ᠲᠤ ᠣᠷᠣᠵᠤ ᠳᠤᠯᠠᠭᠠᠨ ᠬᠡᠮᠵᠢᠬᠦ ᠠᠵᠢᠯ ᠢ ᠰᠠᠶᠢᠲᠤᠷ ᠬᠢᠵᠦ | ᠪᠠᠶᠢᠬᠤ ᠶᠢ ᠪᠠᠶᠢᠴᠠᠭᠠᠵᠤ ᠮᠡᠳᠡᠪᠡ᠂ ᠦᠨᠡᠨ ᠨᠡᠷ᠎ᠡ ᠪᠠᠷ ᠳᠠᠩᠰᠠᠯᠠᠬᠤ᠂ ᠬᠡᠪ ᠤᠨ ᠪᠤᠰᠤ ᠮᠡᠳᠡᠭᠦᠯᠦᠯᠲᠡ᠂ ᠭᠡᠪᠡᠴᠦ | ᠪᠠᠰᠠ ᠴᠥᠭᠡᠨ ᠲᠣᠭᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠤ ᠤᠬᠠᠮᠰᠠᠷ ᠴᠢᠩᠭ᠎ᠠ ᠪᠢᠰᠢ᠂ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠦᠭᠡᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠰᠠᠭᠤᠳᠠᠯ ᠣᠷᠣᠰᠢᠵᠤ ᠪᠠᠶᠢᠭ᠎ᠠ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ᠴᠢᠩᠭ᠎ᠠ | ᠰᠢᠢᠳᠪᠦᠷᠢᠯᠡᠪᠡ᠂ ᠡᠳᠦᠭᠡ ᠬᠤᠯᠪᠣᠭᠳᠠᠯ ᠪᠥᠬᠦᠶ ᠪᠠᠶᠢᠳᠠᠯ ᠢ ᠳᠣᠤᠷᠠᠬᠢ ᠮᠡᠲᠦ ᠮᠡᠳᠡᠭᠳᠡᠪᠡ᠄ | ᠬᠡᠷᠡᠭ ᠤᠨ ᠵᠢᠱᠢᠶ᠎ᠡ ᠨᠢᠭᠡ᠄ 2020 ᠣᠨ ᠤ 12 ᠰᠠᠷ᠎ᠠ ᠶᠢᠨ 31 ᠤ ᠡᠳᠦᠷ᠂ ᠨᠢᠭᠡᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠭᠰᠡᠨ ᠥᠬᠡᠶ᠂ ᠪᠡᠶ᠎ᠡ ᠶᠢᠨ ᠬᠠᠯᠠᠭᠤᠨ ᠢ ᠬᠡᠮᠵᠢᠭᠰᠡᠨ ᠥᠬᠡᠶ᠂ ᠠᠰᠠᠭᠤᠭᠰᠠᠨ | ᠥᠬᠡᠶ᠂ ᠳᠠᠩᠰᠠᠯᠠᠭᠤᠯᠤᠭᠰᠠᠨ ᠥᠬᠡᠶ᠂ ᠬᠡᠤᠬᠡᠳ ᠤᠨ ᠪᠷᠦᠹᠸᠠ ᠵᠡᠷᠭᠡ ᠬᠠᠯᠠᠭᠤᠨ ᠢ ᠪᠠᠭᠤᠷᠠᠭᠤᠯᠬᠤ ᠡᠮ ᠢ ᠰᠢᠭᠤᠳ | ᠪᠣᠷᠣᠯᠠᠭᠤᠯᠪᠠ᠃ | ᠬᠡᠷᠡᠭ ᠤᠨ ᠵᠢᠱᠢᠶ᠎ᠡ ᠬᠤᠶᠠᠷ᠄ 2021 ᠣᠨ ᠤ 1 ᠰᠠᠷ᠎ᠠ ᠶᠢᠨ 1 ᠤ ᠡᠳᠦᠷ᠂ ᠨᠢᠭᠡᠨ ᠵᠢᠵᠢᠭᠯᠡᠨ ᠬᠤᠳᠠᠯᠳᠤᠬᠤ | ᠡᠮ ᠤᠨ ᠳᠡᠯᠭᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠦᠭᠰᠡᠨ ᠥᠬᠡᠶ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ᠂ ᠸᠢᠷᠦ᠋ᠰ ᠢ ᠡᠰᠡᠷᠭᠦᠴᠡᠬᠦ | ᠡᠮ ᠬᠤᠳᠠᠯᠳᠤᠨ ᠠᠪᠤᠭᠰᠠᠨ ᠬᠡᠷᠡᠭᠯᠡᠭᠴᠢᠳ ᠢ ᠦᠨᠡᠨ ᠮᠥᠨ ᠢᠶᠠᠷ ᠳᠠᠩᠰᠠᠯᠠᠭᠰᠠᠨ ᠥᠬᠡᠶ᠃ | ᠬᠡᠷᠡᠭ ᠤᠨ ᠵᠢᠱᠢᠶ᠎ᠡ ᠭᠤᠷᠪᠠ᠄ 2021 ᠣᠨ ᠤ 1 ᠰᠠᠷ᠎ᠠ ᠶᠢᠨ 1 ᠤ ᠡᠳᠦᠷ᠂ ᠨᠢᠭᠡᠨ ᠵᠢᠵᠢᠭᠯᠡᠨ | ᠬᠤᠳᠠᠯᠳᠤᠬᠤ ᠡᠮ ᠤᠨ ᠳᠡᠯᠭᠡᠭᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠭᠰᠡᠨ ᠥᠬᠡᠶ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ | ᠡᠮ ᠬᠤᠳᠠᠯᠳᠤᠨ ᠠᠪᠤᠭᠰᠠᠨ ᠬᠡᠷᠡᠭᠯᠡᠭᠴᠢᠳ ᠢ ᠪᠦᠬᠦᠨ ᠢ ᠳᠠᠩᠰᠠᠯᠠᠭᠤᠯᠤᠭᠰᠠᠨ ᠥᠬᠡᠶ᠃ | ᠳᠡᠭᠡᠷᠡᠬᠢ 3 ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠥᠪᠡᠷᠲᠡᠭᠡᠨ ᠵᠠᠰᠠᠬᠤ ᠣᠷᠣᠨ ᠪᠣᠯᠤᠨ | ᠬᠥᠯᠥᠨ ᠪᠤᠶᠢᠷ ᠬᠤᠲᠠ ᠬᠤᠶᠠᠷ ᠱᠠᠲᠤᠨ ᠤ ᠤᠷᠢᠳᠴᠢᠯᠠᠨ ᠰᠡᠷᠭᠡᠶᠢᠯᠡᠬᠦ ᠵᠢᠯᠣᠭᠤᠳᠬᠤ ᠭᠠᠵᠠᠷ ᠤᠨ ︽ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠣᠯᠠᠨ ᠴᠡᠭ ᠲᠤ ᠬᠥᠷᠬᠦ ᠶᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠠᠵᠢᠯ ᠤᠨ ᠲᠥᠰᠦᠯ ︵ᠲᠤᠷᠰᠢᠨ ᠬᠡᠷᠡᠭᠵᠢᠭᠦᠯᠬᠦ︶︾᠂ ︽ᠵᠠᠯᠠᠨ ᠠᠶᠢᠯ ᠬᠤᠲᠠ ᠶᠢᠨ ᠰᠢᠨ᠎ᠡ | ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ 95 ᠳ᠋ᠤᠭᠠᠷ ᠲᠣᠭᠠᠲᠤ ᠠᠯᠪᠠᠨ ᠵᠠᠷ︾ ᠵᠢᠴᠢ ᠬᠤᠯᠪᠣᠭᠳᠠᠯ ᠪᠥᠬᠦᠶ | ᠲᠣᠭᠲᠠᠭᠠᠯ ᠢ ᠵᠥᠷᠢᠴᠡᠭᠰᠡᠨ ᠠᠴᠠ ᠪᠣᠯᠵᠣ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | 3 ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠲᠤ ᠡᠵᠡᠩᠨᠡᠯᠲᠡ ᠪᠠᠨ ᠲᠦᠷ ᠵᠣᠭᠰᠣᠭᠠᠬᠤ᠂ ᠴᠡᠭᠴᠡᠯᠡᠯᠲᠡ | ᠬᠢᠭᠰᠡᠨ ᠤ ᠳᠠᠷᠠᠭ᠎ᠠ ᠰᠢᠯᠭᠠᠨ ᠠᠪᠬᠤ ᠳᠤ ᠬᠢᠷᠢ ᠲᠡᠩᠴᠡᠵᠦ ᠳᠠᠬᠢᠨ ᠡᠵᠡᠩᠨᠡᠯᠲᠡ ᠬᠢᠬᠦ ᠰᠢᠢᠳᠪᠦᠷᠢᠯᠡᠯᠲᠡ ᠬᠢᠪᠠ᠃ | ᠡᠯ᠎ᠡ ᠡᠮ ᠤᠨ ᠵᠦᠢᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠡᠭᠦᠨ ᠢᠶᠠᠷ ᠲᠣᠯᠢ ᠪᠣᠯᠭᠠᠵᠤ᠂ | ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠲᠣᠰ ᠪᠡᠶ᠎ᠡ ᠶᠢᠨ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠭᠰᠡᠨ | ᠰᠠᠭᠤᠷᠢᠨ ᠳᠡᠭᠡᠷ᠎ᠡ᠂ ᠳᠡᠯᠭᠡᠭᠦᠷ ᠲᠤ ᠣᠷᠣᠵᠤ ᠬᠤᠳᠠᠯᠳᠤᠨ ᠠᠪᠤᠭᠰᠠᠨ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ | ᠵᠣᠭᠰᠣᠭᠠᠬᠤ᠂ ᠪᠠᠺᠲ᠋ᠧᠷᠢ ᠶᠢ ᠡᠰᠡᠷᠭᠦᠴᠡᠨ ᠦᠷᠪᠢᠰᠦᠯ ᠢ ᠳᠠᠷᠤᠬᠤ᠂ ᠸᠢᠷᠦ᠋ᠰ ᠢ ᠡᠰᠡᠷᠭᠦᠴᠡᠬᠦ ᠲᠥᠷᠥᠯ ᠤᠨ ᠡᠮ ᠤᠨ | ᠵᠦᠢᠯ ᠤᠨ ᠬᠡᠷᠡᠭᠯᠡᠭᠴᠢᠳ ᠲᠤ ᠦᠨᠡᠨ ᠨᠡᠷ᠎ᠡ ᠶᠢᠨ ᠮᠡᠳᠡᠭᠡ ᠵᠠᠩᠭᠢ ᠶᠢ ᠳᠠᠩᠰᠠᠯᠠᠬᠤ ᠲᠦᠷᠢᠮ ᠢ ᠴᠢᠩᠭ᠎ᠠ | ᠬᠡᠷᠡᠭᠵᠢᠭᠦᠯᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ︔ | ᠥᠷᠭᠡᠨ ᠣᠯᠠᠨ ᠬᠤᠲᠠ ᠶᠢᠨ ᠠᠷᠠᠳ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠦᠷᠢᠮ ᠢ ᠬᠡᠷᠡᠭᠵᠢᠭᠦᠯᠬᠦ ᠳᠤ ᠢᠳᠡᠪᠬᠢᠲᠡᠶ ᠬᠠᠮᠵᠢᠯᠴᠠᠵᠤ᠂ ᠠᠮᠠᠪᠴᠢ ᠵᠡᠭᠦᠬᠦ᠂ ᠪᠡᠶ᠎ᠡ ᠶᠢᠨ | ᠬᠠᠯᠠᠭᠤᠨ ᠢ ᠬᠡᠮᠵᠢᠬᠦ ᠳᠤ ᠬᠠᠮᠵᠢᠯᠴᠠᠬᠤ᠂ ᠪᠡᠶ᠎ᠡ ᠶᠢᠨ ᠦᠨᠡᠮᠯᠡᠯ ᠢᠶᠠᠨ ᠰᠠᠨᠠᠭᠠᠴᠢᠯᠠᠭ᠎ᠠ ᠠᠴᠠ ᠪᠠᠨ ᠦᠵᠡᠭᠦᠯᠬᠦ᠂ | ᠡᠪᠡᠳᠴᠢᠨ ᠤ ᠪᠠᠶᠢᠳᠠᠯ᠂ ᠶᠠᠪᠤᠵᠤ ᠰᠠᠭᠤᠭᠰᠠᠨ ᠲᠡᠦᠬᠡ᠂ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠦᠨᠡᠨ | ᠮᠥᠨ ᠢᠶᠠᠷ ᠨᠢ ᠬᠠᠩᠭᠠᠬᠤ ᠬᠡᠷᠡᠭᠲᠡᠶ᠂ ᠬᠤᠳᠠᠯ ᠮᠡᠳᠡᠭᠦᠯᠬᠦ᠂ ᠣᠷᠬᠢᠭᠳᠠᠭᠤᠯᠤᠨ ᠮᠡᠳᠡᠭᠦᠯᠬᠦ᠂ ᠨᠢᠭᠤᠵᠤ ᠮᠡᠳᠡᠭᠦᠯᠬᠦ | ᠥᠬᠡᠶ ᠪᠠᠶᠢᠵᠤ ᠪᠣᠯᠬᠤ ᠥᠬᠡᠶ᠃ | ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠨᠢᠭᠡᠨᠲᠡ ᠨᠡᠶᠢᠭᠡᠮ ᠤᠨ | ᠬᠠᠮᠢᠶᠠᠷᠤᠨ ᠡᠵᠡᠮᠳᠡᠬᠦ ᠲᠣᠭᠤᠷᠢᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ | ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠥᠬᠡᠶ ᠡᠮ ᠤᠨ ᠵᠦᠶ᠋ᠯ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠢ | ᠣᠯᠵᠤ ᠮᠡᠳᠡᠪᠡᠯ᠂ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | | | | ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ | | 2021 ᠣᠨ ᠤ 1 ᠰᠠᠷ᠎ᠠ ᠶᠢᠨ 5 ᠤ ᠡᠳᠦᠷ |