ᠤᠷᠭᠤᠮᠠᠯ ᠤᠨ ᠶᠢᠷᠲᠢᠨᠴᠦ ︽ᠪᠠᠶᠢᠭᠠᠯᠢ ᠬᠢᠯᠭᠠᠨ᠎ᠠ︾
ᠨᠡᠶᠢᠲᠡᠯᠡᠭᠰᠡᠨ ᠴᠠᠭ᠄
2021/10/13
ᠪᠠᠶᠢᠭᠠᠯᠢ ᠬᠢᠯᠭᠠᠨ᠎ᠠ          ᠢᠭᠴᠤ ᠰᠠᠬᠤᠯᠢᠭ ᠦᠶᠡᠲᠦ ᠡᠪᠡᠰᠦ᠂ ᠳᠤᠮᠳᠠ ᠭᠠᠩᠰᠠᠭ ᠤᠷᠭᠤᠮᠠᠯ᠃ ᠠᠽᠢᠶ᠎ᠠ ᠲᠢᠪ ᠤᠨ ᠳᠤᠮᠳᠠ ᠬᠡᠰᠡᠭ ᠤᠨ ᠬᠡᠭᠡᠷ᠎ᠡ ᠲᠠᠯ᠎ᠠ ᠶᠢᠨ ᠨᠤᠭᠤ ᠭᠠᠵᠠᠷ ᠤᠨ ᠤᠷᠭᠤᠮᠠᠯ ᠬᠤᠴᠢᠯᠭ᠎ᠠ ᠶᠢᠨ ᠴᠢᠬᠤᠯᠠ ᠪᠦᠯᠦᠭᠯᠡᠯ ᠳᠦᠷᠰᠦ ᠪᠣᠯᠤᠨ᠎ᠠ᠃ ᠠᠭᠤᠯᠠᠨ ᠬᠥᠲᠥᠯ᠂ ᠬᠡᠭᠡᠷ᠎ᠡ ᠲᠠᠯ᠎ᠠ᠂ ᠳᠣᠪᠣᠷᠬᠠᠭ ᠭᠠᠵᠠᠷ ᠲᠤ ᠤᠷᠭᠤᠨ᠎ᠠ᠃ ᠮᠠᠨ ᠤ ᠣᠷᠣᠨ ᠤ ᠵᠡᠭᠦᠨ ᠬᠡᠰᠡᠭ ᠵᠢᠴᠢ ᠠᠯᠠᠱᠠ ᠠᠶᠢᠮᠠᠭ ᠤᠨ ᠠᠯᠠᠱᠠ ᠠᠭᠤᠯᠠ ᠪᠤᠯ ᠭᠠᠷᠤᠯᠳᠠ ᠶᠢᠨ ᠤᠷᠤᠨ ᠪᠤᠯᠤᠨ᠎ᠠ︔ ᠮᠠᠨ ᠤ ᠤᠯᠤᠰ ᠤᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠡᠮᠦᠨᠡᠲᠦ ᠣᠷᠣᠨ ᠢᠶᠠᠷ ᠲᠠᠷᠬᠠᠵᠤ ᠪᠠᠶᠢᠨ᠎ᠠ︔ ᠣᠷᠣᠰ ᠤᠨ ᠡᠮᠦᠨᠡᠲᠦ ᠬᠡᠰᠡᠭ ᠪᠠ ᠮᠣᠩᠭᠤᠯ ᠤᠯᠤᠰ ᠲᠤ ᠪᠠᠰᠠ ᠪᠣᠶ᠃ ᠣᠬᠢ ᠰᠠᠶᠢᠨ ᠲᠡᠵᠢᠭᠡᠯ ᠪᠣᠷᠳᠣᠭᠠᠨ ᠤ ᠤᠷᠭᠤᠮᠠᠯ ᠳᠤ ᠪᠠᠭᠳᠠᠨ᠎ᠠ᠃ ᠡᠯ᠎ᠡ ᠲᠦᠷᠦᠯ ᠤᠨ ᠠᠮᠢᠲᠠᠨ ᠳᠤ ᠲᠠᠭᠠᠰᠢᠶᠠᠭᠳᠠᠬᠤ ᠲᠡᠵᠢᠭᠡᠯ ᠡᠪᠡᠰᠦ ᠪᠤᠯᠤᠨ᠎ᠠ᠃ ᠬᠠᠪᠤᠷ ᠡᠷᠲᠡ ᠨᠣᠭᠤᠭᠠᠷᠠᠨ᠎ᠠ᠃

   

   

 
ᠢᠷᠡᠯᠲᠡ᠄ ᠦᠪᠦᠷ ᠮᠣᠩᠭᠤᠯ ᠤᠨ ᠣᠢ ᠰᠢᠭᠤᠢ ᠪᠠ ᠨᠣᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号