ᠤᠷᠭᠤᠮᠠᠯ ᠤᠨ ᠶᠢᠷᠲᠢᠨᠴᠦ ︽ᠤᠯᠠᠯᠵᠢ ᠡᠪᠡᠰᠦ︾
ᠨᠡᠶᠢᠲᠡᠯᠡᠭᠰᠡᠨ ᠴᠠᠭ᠄
2021/10/13
ᠤᠯᠠᠯᠵᠢ ᠡᠪᠡᠰᠦ      ᠣᠯᠠᠨ ᠦᠨᠳᠦᠰᠦᠲᠦ ᠦᠶᠡᠲᠦ ᠡᠪᠡᠰᠦ᠂ ᠳᠤᠮᠳᠠ ᠵᠡᠷᠭᠡ ᠶᠢᠨ ᠭᠠᠩᠰᠠᠭ ᠤᠷᠭᠤᠮᠠᠯ᠃ ᠲᠠᠯ᠎ᠠ ᠭᠠᠵᠠᠷ᠂ ᠳᠣᠪᠣᠷᠬᠠᠭ ᠭᠠᠵᠠᠷ ᠵᠢᠴᠢ ᠭᠤᠤᠯ ᠤᠨ ᠳᠠᠩ ᠪᠠ ᠬᠤᠵᠢᠷᠯᠢᠭ ᠭᠠᠵᠠᠷ ᠲᠤ ᠤᠷᠭᠤᠳᠠᠭ᠃ ᠬᠥᠯᠥᠨ ᠪᠤᠶᠢᠷ ᠪᠣᠯᠤᠨ ᠰᠢᠯᠢ ᠶᠢᠨ ᠭᠤᠤᠯ ᠤᠨ ᠣᠢ ᠰᠢᠭᠤᠶ ᠨᠤᠲᠤᠭ ᠪᠡᠯᠴᠢᠭᠡᠷ ᠤᠨ ᠣᠷᠣᠨ ᠪᠦᠰᠡ ᠵᠢᠴᠢ ᠤᠶᠢᠷ᠎ᠠ ᠬᠠᠪᠢ ᠶᠢᠨ ᠬᠠᠭᠤᠷᠠᠶ ᠤᠷᠤᠨ ᠪᠦᠰᠡ ᠳᠤ ᠦᠷᠭᠡᠨ ᠬᠡᠪᠴᠢᠶᠠᠨ᠎ᠡ ᠤᠷᠭᠤᠳᠠᠭ᠃ ᠪᠦᠬᠦ ᠣᠷᠣᠨ ᠤ ᠬᠡᠪᠴᠢᠶᠠᠨ ᠳᠤ ᠤᠷᠭᠤᠵᠤ ᠪᠤᠢ᠃ ᠮᠠᠨ ᠤ ᠤᠯᠤᠰ ᠤᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠳᠤ ᠲᠠᠷᠬᠠᠵᠤ ᠪᠠᠶᠢᠨ᠎ᠠ︔ ᠰᠣᠯᠣᠩᠭᠤᠰ᠂ ᠮᠣᠩᠭᠤᠯ ᠤᠯᠤᠰ᠂ ᠣᠷᠣᠰ ᠤᠯᠤᠰ ᠴᠤ ᠪᠣᠢ᠃ ᠰᠢᠯᠢᠳᠡᠭ ᠲᠡᠰ ᠤᠨ ᠲᠡᠵᠢᠭᠡᠯ ᠡᠪᠡᠰᠦ ᠃ ᠡᠯ᠎ᠡ ᠲᠦᠷᠦᠯ ᠤᠨ ᠭᠡᠷ ᠤᠨ ᠲᠡᠵᠢᠭᠡᠪᠦᠷᠢ ᠤᠨ ᠳᠥᠷᠪᠡᠨ ᠤᠯᠠᠷᠢᠯ ᠤᠨ ᠤᠬᠢ ᠰᠠᠶᠢᠨ ᠲᠡᠵᠢᠭᠡᠯ ᠡᠪᠡᠰᠦ ᠪᠤᠯᠬᠤ ᠮᠦᠷᠳᠡᠭᠡᠨ ᠨᠠᠮᠤᠷ ᠤᠨ ᠤᠯᠠᠷᠢᠯ ᠳᠤ ᠬᠠᠳᠤᠵᠤ ᠬᠤᠷᠢᠶᠠᠬᠤ ᠴᠢᠬᠤᠯᠠ ᠲᠡᠵᠢᠭᠡᠯ ᠡᠪᠡᠰᠦ ᠪᠤᠯᠤᠨ᠎ᠠ᠃ ᠤᠳᠤ ᠨᠢᠭᠡᠨᠲᠡ ᠥᠷᠭᠡᠨ ᠢᠶᠠᠷ ᠲᠠᠷᠢᠵᠤ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠣᠢ ᠰᠢᠭᠤᠢ ᠪᠠ ᠨᠣᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号