ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/10/18
      ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ      ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ︵ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠷᠠᠳᠢᠣ᠋ ᠲᠧᠯᠸᠢᠰ ᠤᠨ ᠲᠣᠪᠴᠢᠶ᠎ᠠ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭ᠎ᠠ ᠶᠢᠨ ᠲᠠᠰ ᠲᠤ ᠬᠦᠷᠴᠦ᠂ ᠵᠠᠯᠠᠨ ᠠᠶᠢᠯ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃     ᠨᠢᠭᠡ᠂ ᠭᠤᠤᠯ ᠡᠭᠦᠷᠭᠡ ᠬᠠᠷᠢᠭᠤᠴᠠᠯᠭ᠎ᠠ    ᠨᠢᠭᠡᠳᠦᠭᠡᠷ   ᠵᠣᠷᠪᠣᠰ      ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪᠰᠢᠶᠡᠷᠡᠭᠰᠡᠨ ︽ᠵᠠᠯᠠᠨ ᠠᠶᠢᠯ ᠬᠤᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ︵ᠬᠥᠬᠡᠬᠤᠲᠠ ᠶᠢᠨ ᠨᠠᠮ ᠠᠯᠪᠠᠨ ᠲᠠᠷᠬᠠᠭᠠᠭᠰᠠᠨ ︹ 2019︺ 4 ᠳ᠋ᠦᠭᠡᠷ ᠲᠣᠭᠠᠲᠤ︶ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃      ᠬᠤᠶᠠᠳᠤᠭᠠᠷ ᠵᠣᠷᠪᠣᠰ     ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠪᠠ ᠲᠡᠤᠬᠡ ᠶᠢᠨ ᠳᠤᠷᠠᠰᠬᠠᠯᠲᠤ  ᠵᠦᠢᠯᠡᠰ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠮᠢᠶ᠎ᠠ ᠪᠥᠬᠦᠶ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ  ᠭᠦᠢᠴᠡᠳᠭᠡᠬᠦ ᠶᠠᠪᠤᠴᠠ ᠳᠤ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠪᠠ ᠲᠡᠤᠬᠡ ᠶᠢᠨ ᠳᠤᠷᠠᠰᠬᠠᠯᠲᠤ  ᠵᠦᠢᠯᠡᠰ ᠤᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠡᠭᠦᠨ ᠤ ᠭᠤᠣᠯ ᠡᠭᠦᠷᠭᠡ ᠬᠠᠷᠢᠭᠤᠴᠠᠯᠭ᠎ᠠ ᠪᠣᠯ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠪᠣᠯᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠪᠠ ᠲᠡᠦᠬᠡ ᠶᠢᠨ ᠳᠤᠷᠠᠰᠬᠠᠯᠲᠤ ᠵᠦᠢᠯ ᠤᠨ ᠦᠢᠯᠡᠰ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠵᠤ᠂ ᠰᠣᠶᠣᠯ ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠪᠠ ᠲᠡᠦᠬᠡ ᠶᠢᠨ ᠳᠤᠷᠠᠰᠬᠠᠯᠲᠤ ᠵᠦᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃      ︵ᠬᠤᠶᠠᠷ︶ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠳᠡᠨ᠎ᠡ᠃ ᠪᠦᠬᠦ ᠬᠤᠳᠠ ᠶᠢᠨ ᠴᠢᠨᠠᠷᠲᠠᠶ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠴᠢᠬᠤᠯᠠ ᠶᠡᠭᠡ ᠠᠵᠢᠯᠯᠠᠭ᠎ᠠ ᠶᠢ ᠬᠠᠮᠢᠶᠠᠷᠴᠤ ᠵᠣᠬᠢᠴᠠᠭᠤᠯᠤᠨ᠎ᠠ᠃      ︵ᠭᠤᠷᠪᠠ︶ ᠤᠷᠠᠯᠢᠭ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠬᠠᠷᠢᠭᠤᠴᠠᠨ᠎ᠠ᠃ ᠪᠦᠬᠦ ᠬᠤᠳᠠ ᠶᠢᠨ ᠲᠤᠰᠬᠠᠢ ᠮᠡᠷᠭᠡᠵᠢᠯ ᠤᠨ ᠤᠷᠠᠯᠢᠭ ᠤᠨ ᠠᠵᠢᠯ ᠢ ᠬᠠᠮᠢᠶᠠᠷᠴᠤ᠂ ᠵᠢᠯᠣᠭᠤᠳᠴᠤ᠂ ᠲᠥᠯᠥᠪᠵᠢᠭᠦᠯᠵᠦ᠂ ᠤᠷᠠᠯᠢᠭ ᠤᠨ ᠵᠣᠬᠢᠶᠠᠨ ᠪᠦᠲᠦᠭᠡᠯᠭᠡ ᠦᠢᠯᠡᠳᠪᠦᠷᠢᠯᠡᠯ ᠢ ᠬᠠᠮᠢᠶᠠᠷᠤᠨ ᠵᠢᠯᠣᠭᠤᠳᠴᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠢᠯᠡᠷᠡᠭᠦᠯᠦᠭᠰᠡᠨ᠂ ᠤᠳᠤᠷᠢᠳᠤᠮᠵᠢ ᠶᠢᠨ ᠴᠢᠨᠠᠷᠲᠠᠢ᠂ ᠲᠥᠯᠥᠭᠡᠯᠡᠬᠦ ᠴᠢᠨᠠᠷᠲᠠᠢ᠂  ᠵᠢᠱᠢᠶᠡᠴᠢ ᠶᠢᠨ ᠴᠢᠨᠠᠷᠲᠠᠢ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠲᠡᠳᠬᠦᠵᠦ᠂ ᠡᠯ᠎ᠡ ᠲᠦᠷᠦᠯ ᠤᠨ ᠤᠷᠠᠯᠢᠭ᠂ ᠡᠯ᠎ᠡ ᠤᠷᠠᠯᠢᠭ ᠤᠨ ᠲᠦᠷᠦᠯ ᠵᠦᠢᠯ ᠤᠨ ᠬᠥᠭᠵᠢᠯᠲᠡ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃    ︵ᠲᠥᠷᠪᠡ︶ ᠤᠯᠠᠨ ᠨᠡᠶᠢᠲᠡ  ᠶᠢᠨ ᠰᠣᠶᠣᠯ ᠤᠨ ᠦᠢᠯᠡᠰ ᠢ ᠲᠦᠯᠬᠢᠨ ᠠᠬᠢᠭᠤᠯᠵᠣ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ᠂ ᠪᠡᠶ᠎ᠡ  ᠲᠠᠮᠢᠷ᠂ ᠵᠢᠭᠤᠯᠴᠢᠯᠠᠯ᠂  ᠷᠠᠳᠢᠣ᠋ ᠨᠡᠪᠲᠡᠷᠡᠭᠦᠯᠭᠡ ᠲᠧᠯᠸᠢᠰ ᠪᠣᠯᠤᠨ ᠲᠡᠦᠬᠡ ᠶᠢᠨ ᠳᠤᠷᠠᠰᠬᠠᠯᠲᠤ ᠵᠦᠢᠯ  ᠤᠨ ᠦᠢᠯᠡᠴᠢᠯᠡᠭᠡᠨ ᠤ ᠰᠢᠰᠲ᠋ᠧᠮ ᠢ ᠵᠣᠬᠢᠶᠠᠨ ᠪᠠᠶᠢᠭᠤᠯᠵᠣ᠂ ᠤᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠣᠯᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂  ᠷᠠᠳᠢᠣ᠋ ᠨᠡᠪᠲᠡᠷᠡᠭᠦᠯᠭᠡ ᠲᠧᠯᠸᠢᠰ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ ᠪᠦᠬᠦ ᠬᠤᠳᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠤᠨ ᠭᠤᠣᠯᠳᠠᠯᠭ᠎ᠠ ᠲᠠᠢ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠵᠢᠯᠣᠭᠤᠳᠤᠨ ᠲᠡᠭᠦᠨ ᠳᠤ ᠬᠢᠨᠠᠯᠲᠠ ᠲᠠᠯᠪᠢᠵᠤ᠂ ᠰᠢᠶᠠᠩ ᠪᠠᠯᠭᠠᠰᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠨᠡᠪᠲᠡᠷᠡᠭᠦᠯᠭᠡ ᠲᠧᠯᠸᠢᠰ ᠤᠨ ᠦᠢᠯᠡᠰ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠶᠢ ᠴᠢᠩᠭᠠᠳᠬᠠᠬᠤ ᠶᠢᠨ ᠬᠠᠮᠲᠤ ᠲᠡᠳᠬᠦᠨ ᠲᠡᠮᠵᠢᠵᠤ᠂ ᠤᠯᠠᠨ ᠨᠡᠶᠢᠲᠡ ᠶᠢᠨ ᠰᠣᠶᠣᠯ ᠤᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠠᠳᠠᠯᠢ ᠲᠡᠭᠰᠢ ᠪᠣᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃    ︵ᠲᠠᠪᠤ︶ ᠪᠡᠶ᠎ᠡ ᠶᠢᠨ ᠲᠠᠮᠢᠷ  ᠤᠨ ᠲᠥᠯᠥᠪᠵᠢᠭᠦᠯᠭᠡ ᠶᠢᠨ ᠠᠵᠢᠯ  ᠢ ᠬᠠᠷᠢᠭᠤᠴᠠᠵᠤ᠂ ᠵᠠᠯᠠᠨ ᠠᠶᠢᠯ ᠬᠤᠳᠠ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠤᠨ ᠪᠡᠶ᠎ᠡ ᠶᠢᠨ ᠲᠠᠮᠢᠷ  ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠥᠪᠡᠷᠮᠢᠴᠡ ᠣᠨᠴᠠᠯᠢᠭ ᠲᠠᠢ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠥᠭᠵᠢᠭᠦᠯᠦᠨ ᠳᠡᠯᠭᠡᠷᠡᠭᠦᠯᠵᠦ᠂ ᠴᠠᠰᠤᠨ ᠳᠡᠭᠡᠷᠡᠬᠢ ᠲᠤᠰᠬᠠᠶ ᠮᠡᠷᠭᠡᠵᠢᠯ ᠤᠨ ᠪᠡᠶ᠎ᠡ ᠶᠢᠨ ᠲᠠᠮᠢᠷ ᠤᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠂ ᠪᠥᠬᠦ ᠬᠤᠲᠠ ᠶᠢᠨ ᠴᠢᠨᠠᠷᠲᠠᠶ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠵᠠᠯᠠᠭᠤᠴᠤᠳ ᠪᠠᠭᠠᠴᠤᠳ ᠤᠨ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠢ ᠥᠷᠨᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠠᠶᠢᠷᠢᠯᠠᠭᠤᠯᠤᠯᠲᠠ ᠶᠢ ᠰᠤᠳᠤᠯᠤᠨ ᠲᠥᠯᠥᠪᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠵᠢᠯᠣᠭᠤᠳᠤᠨ ᠤᠯᠤᠰ ᠠᠷᠠᠳ ᠤᠨ ᠪᠡᠶ᠎ᠡ ᠮᠠᠬᠠᠪᠣᠳ ᠢ ᠬᠢᠨᠠᠨ ᠰᠢᠯᠭᠠᠬᠤ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠤᠭᠤᠳᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠵᠠᠬ᠎ᠠ ᠳᠡᠯᠭᠡᠭᠦᠷ ᠢ ᠬᠥᠭᠵᠢᠭᠦᠯᠦᠨ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠵᠤ᠂ ᠪᠥᠬᠦ ᠤᠯᠤᠰ᠂ ᠪᠥᠬᠦ ᠣᠷᠣᠨ ᠪᠣᠯᠤᠨ ᠬᠥᠯᠥᠨ ᠪᠤᠶᠢᠷ ᠬᠤᠲᠠ ᠶᠢᠨ ᠴᠢᠬᠤᠯᠠ ᠶᠡᠭᠡ ᠤᠷᠤᠯᠳᠤᠭᠠᠨ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠳᠠᠭᠠᠭᠠᠨ ᠡᠷᠭᠢᠯᠡᠨ᠎ᠡ᠃ ᠪᠥᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠡᠯ᠎ᠡ ᠲᠥᠷᠥᠯ ᠤᠨ ᠲᠠᠩ ᠵᠦᠢᠯ ᠤᠨ ᠤᠷᠤᠯᠳᠤᠭᠠᠨ ᠢ ᠭᠤᠤᠯᠯᠠᠨ ᠡᠷᠭᠢᠯᠡᠨ᠎ᠡ    ︵ᠵᠢᠷᠭᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠬᠤ᠂ ᠲᠦᠭᠡᠮᠡᠯᠵᠢᠭᠦᠯᠬᠦ᠂ ᠪᠠᠳᠠᠷᠠᠭᠤᠯᠬᠤ ᠪᠠ ᠮᠠᠨᠳᠤᠭᠤᠯᠬᠤ ᠶᠢ ᠠᠬᠢᠭᠤᠯᠤᠨ᠎ᠠ᠃ ᠪᠥᠬᠦ ᠬᠤᠲᠠ ᠶᠢᠨ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠠᠵᠢᠯ ᠢ ᠵᠢᠯᠣᠭᠤᠳᠤᠨ᠎ᠠ᠃    ︵ᠳᠣᠯᠤᠭ᠎ᠠ︶ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠪᠣᠯᠤᠨ ᠲᠡᠤᠬᠡ ᠶᠢᠨ ᠳᠤᠷᠠᠰᠬᠠᠯᠲᠤ  ᠵᠦᠢᠯᠡᠰ ᠤᠨ ᠠᠵᠤ  ᠦᠢᠯᠡᠰ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠵᠢᠭᠦᠯᠬᠦ ᠶᠢ ᠬᠠᠷᠢᠭᠤᠴᠠᠨ᠎ᠠ᠃ ᠰᠣᠶᠣᠯ  ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠪᠠᠷᠢᠮᠲᠠ ᠠᠭᠤᠳᠠᠯᠬᠤ᠂ ᠬᠠᠮᠠᠭᠠᠯᠠᠬᠤ ᠪᠠ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠪᠣᠯᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠤ ᠦᠢᠯᠡᠰ ᠤᠨ ᠭᠠᠳᠠᠭᠠᠳᠤ ᠲᠠᠢ ᠬᠠᠮᠲᠤᠷᠠᠯᠴᠠᠬᠤ ᠪᠠ ᠵᠠᠬ᠎ᠠ ᠳᠡᠯᠭᠡᠭᠦᠷ ᠲᠤ ᠳᠡᠯᠭᠡᠷᠡᠭᠦᠯᠬᠦ ᠶᠢ ᠠᠬᠢᠭᠤᠯᠵᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠪᠣᠯᠤᠨ ᠲᠡᠦᠬᠡ ᠶᠢᠨ ᠳᠤᠷᠠᠰᠬᠠᠯᠲᠤ ᠵᠦᠢᠯ ᠤᠨ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠬᠦ ᠬᠡᠪᠯᠡᠯ ᠤᠨ ᠡᠷᠬᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠴᠠᠷᠠᠭᠠᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠠᠵᠢᠯ ᠢ ᠵᠢᠯᠣᠭᠤᠳᠤᠨ ᠠᠬᠢᠭᠤᠯᠤᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠱᠢᠶ᠎ᠡ ᠦᠵᠡᠭᠦᠯᠬᠦ ᠣᠷᠣᠨ᠂ ᠠᠮᠠᠷᠠᠯᠲᠠ ᠶᠢᠨ ᠣᠷᠣᠨ᠂ ᠵᠢᠭᠤᠯᠴᠢᠯᠠᠯ ᠤᠨ ᠬᠤᠸᠠᠷᠠᠨ ᠤ ᠪᠥᠲᠥᠭᠡᠨ ᠪᠠᠶᠢᠭᠤᠯᠤᠯᠲᠠ ᠪᠠ ᠦᠨᠡᠯᠡᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ ᠳᠤᠷᠠᠰᠬᠠᠯ ᠤᠨ ᠡᠳ᠋ ᠤᠨ ᠨᠡᠭᠡᠭᠡᠨ ᠬᠥᠭᠵᠢᠭᠦᠯᠦᠯᠲᠡ ᠶᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠨ᠎ᠠ᠃     ︵ᠨᠠᠢᠮᠠ︶   ᠰᠣᠶᠣᠯ ᠤᠨ ᠵᠠᠬ᠎ᠠ ᠳᠡᠯᠭᠡᠭᠦᠷ ᠤᠨ ᠬᠠᠮᠢᠶᠠᠷᠣᠯᠲᠠ ᠶᠢᠨ ᠠᠵᠢᠯ ᠢ ᠬᠠᠷᠢᠭᠤᠴᠠᠨ᠎ᠠ᠃ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠪᠠ ᠲᠡᠦᠬᠡ ᠶᠢᠨ ᠳᠤᠷᠠᠰᠬᠠᠯᠲᠤ ᠵᠦᠢᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠵᠢᠯᠣᠭᠤᠳᠴᠤ᠂ ᠲᠡᠭᠦᠨ ᠤ ᠠᠶᠤᠯᠭᠦᠶ ᠦᠢᠯᠡᠳᠪᠦᠷᠢᠯᠡᠯ ᠪᠠ ᠵᠠᠬ᠎ᠠ ᠳᠡᠯᠭᠡᠭᠦᠷ ᠤᠨ ᠡᠵᠡᠩᠨᠡᠯᠲᠡ ᠳᠤ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ ᠠᠵᠢᠯ ᠲᠦᠷᠦᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃     ︵ᠶᠢᠰᠦ︶ ᠪᠥᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠠᠵᠢᠯ ᠢ ᠵᠢᠯᠣᠭᠤᠳᠤᠨ᠎ᠠ᠃ ᠰᠣᠶᠣᠯ᠂ ᠪᠡᠶ᠎ᠡ ᠶᠢᠨ ᠲᠠᠮᠢᠷ᠂ ᠷᠠᠳᠢᠣ᠋ ᠨᠡᠪᠲᠡᠷᠡᠭᠦᠯᠭᠡ ᠲᠧᠯᠸᠢᠰ ᠤᠨ ᠡᠵᠡᠩᠨᠡᠯᠲᠡ ᠶᠢᠨ ᠠᠵᠢᠯᠯᠠᠭ᠎ᠠ ᠶᠢᠨ ᠭᠤᠶᠤᠴᠢᠯᠠᠯ ᠢ ᠬᠢᠨᠠᠨ ᠬᠠᠷᠭᠤᠭᠤᠯᠵᠤ ᠭᠦᠢᠴᠡᠳᠬᠡᠨ᠂ ᠡᠷᠬᠡ ᠮᠡᠳᠡᠯ ᠤᠨ ᠬᠡᠪᠴᠢᠶᠡᠨ ᠳᠠᠬᠢ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠭᠤᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠎ᠠ᠃     ︵ᠠᠷᠪᠠ︶ ᠭᠠᠳᠠᠭᠠᠳᠤ ᠲᠠᠢ ᠰᠣᠶᠣᠯ ᠤᠨ ᠰᠣᠯᠢᠯᠴᠠᠭ᠎ᠠ ᠬᠢᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠲᠠ ᠶᠢᠨ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠪᠣᠯᠤᠨ ᠲᠡᠤᠬᠡ ᠶᠢᠨ ᠳᠤᠷᠠᠰᠬᠠᠯᠲᠤ  ᠵᠦᠢᠯᠡᠰ ᠤᠨ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠯᠴᠠᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠰᠣᠯᠢᠯᠴᠠᠬᠤ᠂ ᠬᠠᠮᠲᠤᠷᠠᠯᠴᠠᠬᠤ ᠪᠠ ᠤᠬᠠᠭᠤᠯᠬᠤ᠂ ᠳᠡᠯᠭᠡᠷᠡᠭᠦᠯᠬᠦ ᠠᠵᠢᠯ ᠢ ᠵᠢᠯᠣᠭᠤᠳᠤᠨ ᠬᠠᠮᠢᠶᠠᠷᠴᠤ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ ᠪᠣᠯᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠭᠠᠳᠠᠭᠠᠳᠤ ᠲᠠᠢ ᠰᠣᠯᠢᠯᠴᠠᠭ᠎ᠠ ᠬᠢᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠪᠣᠯᠤᠨ ᠲᠡᠤᠬᠡ ᠶᠢᠨ ᠳᠤᠷᠠᠰᠬᠠᠯᠲᠤ ᠵᠦᠢᠯᠡᠰ ᠢ ᠭᠠᠳᠠᠭᠰᠢ ᠭᠠᠷᠭᠠᠬᠤ ᠠᠵᠢᠯ ᠢ ᠠᠬᠢᠭᠤᠯᠤᠨ᠎ᠠ᠃     ︵ᠠᠷᠪᠠᠨ ᠨᠢᠭᠡ︶ ᠷᠠᠳᠢᠣ᠋ ᠲᠧᠯᠸᠢᠰ ᠤᠨ ᠤᠬᠠᠭᠤᠯᠭ᠎ᠠ ᠪᠠ ᠫᠷᠤᠭ᠍ᠷᠠᠮ ᠤᠨ ᠠᠭᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠷᠠᠳᠢᠣ᠋ ᠲᠧᠯᠸᠢᠰ ᠤᠨ ᠪᠥᠬᠦ ᠬᠤᠲᠠ ᠶᠢᠨ ᠴᠢᠨᠠᠷᠲᠠᠶ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠵᠢᠯᠣᠭᠤᠳᠤᠨ ᠵᠣᠬᠢᠴᠠᠭᠤᠯᠤᠨ᠎ᠠ᠃ ᠣᠷᠣᠨ ᠨᠤᠲᠤᠭ ᠤᠨ ᠷᠠᠳᠢᠣ᠋ ᠲᠧᠯᠸᠢᠰ ᠤᠨ ᠫᠷᠤᠭ᠍ᠷᠠᠮ ᠂ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠪᠠ ᠣᠯᠠᠨ ᠨᠡᠶᠢᠲᠡ ᠶᠢᠨ ᠦᠵᠡᠵᠦ ᠰᠣᠨᠣᠰᠬᠤ ᠠᠴᠢᠶᠠᠯᠠᠪᠤᠷᠢ ᠶᠢᠨ ᠨᠡᠪᠲᠡᠷᠡᠭᠦᠯᠬᠦ ᠫᠷᠤᠭ᠍ᠷᠠᠮ ᠤᠨ ᠠᠭᠤᠯᠭ᠎ᠠ ᠪᠠ ᠶᠠᠰᠤ ᠴᠢᠨᠠᠷ ᠲᠤ ᠬᠢᠨᠠᠯᠲᠠ ᠲᠠᠯᠪᠢᠵᠤ᠂ ᠬᠢᠨᠠᠨ ᠪᠠᠶᠢᠴᠠᠭᠠᠨ᠎ᠠ᠃ ᠷᠠᠳᠢᠣ᠋ ᠲᠧᠯᠸᠢᠰ ᠤᠨ ᠵᠠᠷ ᠮᠡᠳᠡᠭᠡ ᠨᠡᠪᠲᠡᠷᠡᠭᠦᠯᠬᠦ ᠶᠢ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠨ᠎ᠠ᠃ ᠳᠠᠭᠠᠭᠤᠯᠢ ᠣᠳᠣᠨ ᠷᠠᠳᠢᠣ᠋ ᠲᠧᠯᠸᠢᠰ ᠤᠨ ᠭᠠᠵᠠᠷ ᠳᠡᠭᠡᠷᠡᠬᠢ ᠬᠤᠷᠢᠶᠠᠬᠤ ᠪᠡᠯᠡᠳᠬᠡᠮᠵᠢ ᠶᠢ ᠤᠭᠰᠠᠷᠠᠬᠤ᠂ ᠬᠡᠷᠡᠭᠯᠡᠬᠦ  ᠶᠢ  ᠬᠠᠮᠢᠶᠠᠷᠣᠨ ᠬᠠᠷᠢᠭᠤᠴᠠᠨ᠎ᠠ᠃ ᠷᠠᠳᠢᠣ᠋ ᠲᠧᠯᠸᠢᠰ ᠤᠨ ᠫᠷᠤᠭ᠍ᠷᠠᠮ ᠤᠨ ᠳᠠᠮᠵᠢᠭᠤᠯᠬᠤ᠂ ᠪᠦᠷᠬᠦᠬᠦ᠂ ᠬᠢᠨᠠᠨ ᠬᠡᠮᠵᠢᠬᠦ ᠪᠠ ᠠᠮᠤᠷ ᠲᠦᠪᠰᠢᠨ  ᠨᠡᠪᠲᠡᠷᠡᠭᠦᠯᠬᠦ ᠶᠢ ᠬᠢᠨᠠᠨ ᠬᠠᠮᠢᠶᠠᠷᠤᠨ᠎ᠠ᠃ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ᠃ ᠲᠤᠬᠠᠶ ᠶᠢᠨ ᠭᠠᠵᠠᠷ ᠤᠨ ᠷᠠᠳᠢᠣ᠋ ᠲᠧᠯᠸᠢᠰ ᠤᠨ ᠳᠠᠪᠲᠠᠮᠵᠢ ︵ᠰᠤᠪᠠᠭ︶ ᠪᠣᠯᠤᠨ ᠴᠢᠳᠠᠮᠵᠢ ᠶᠢ ᠬᠢᠨᠠᠨ ᠬᠠᠷᠭᠤᠭᠤᠯᠬᠤ ᠬᠡᠷᠡᠭᠲᠡᠶ᠃      ︵ᠠᠷᠪᠠᠨ ᠬᠤᠶᠠᠷ︶ ᠵᠠᠭᠤᠴᠢᠯᠠᠭᠤᠷ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠷᠠᠳᠢᠣ᠋ ᠲᠧᠯᠸᠢᠰ ᠤᠨ ᠪᠠᠶᠢᠭᠤᠯᠤᠮᠵᠢ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠮᠢᠶᠠᠷᠤᠯᠲᠠ ᠬᠢᠨ᠎ᠠ᠃ ᠷᠠᠳᠢᠣ᠋ ᠲᠧᠯᠸᠢᠰ ᠤᠨ ᠫᠷᠤᠭ᠍ᠷᠠᠮ ᠢ ᠬᠢᠨᠠᠨ ᠰᠣᠨᠣᠰᠴᠤ ᠬᠢᠨᠠᠨ ᠦᠵᠡᠵᠦ᠂ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢ ᠬᠠᠷᠢᠭᠤᠴᠠᠨ᠎ᠠ᠃      ︵ᠠᠷᠪᠠᠨ ᠭᠤᠷᠪᠠ︶ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠲᠧᠯᠸᠢᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠬᠠᠷᠢᠭᠤᠴᠠᠨ᠎ᠠ᠃ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠵᠢᠯᠣᠭᠤᠳᠤᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠤᠨ ᠠᠵᠢᠯ ᠲᠦᠷᠦᠯ ᠤᠨ ᠪᠠᠷᠢᠮᠵᠢᠶᠠᠵᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃     ︵ᠠᠷᠪᠠᠨ ᠲᠥᠷᠪᠡ︶  ᠰᠢᠰᠲ᠋ᠧᠮ ᠤᠨ ᠠᠶᠣᠯᠬᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ ᠪᠣᠯᠤᠨ ᠲᠡᠦᠬᠡ ᠶᠢᠨ ᠳᠤᠷᠠᠰᠬᠠᠯᠲᠤ  ᠵᠦᠢᠯᠡᠰ ᠤᠨ ᠰᠢᠰᠲ᠋ᠧᠮ ᠤᠨ ᠴᠢᠬᠤᠯᠠ ᠶᠡᠭᠡ ᠢᠨᠵᠧᠨᠧᠷᠢᠩ  ᠂  ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ  ᠠᠶᠣᠯᠬᠦᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠪᠣᠯᠤᠨ ᠠᠶᠣᠯᠬᠦᠢ ᠦᠢᠯᠡᠳᠪᠦᠷᠢᠯᠡᠯ  ᠤᠨ ᠤᠬᠠᠭᠤᠯᠭ᠎ᠠ ᠬᠥᠮᠦᠵᠢᠯ  ᠢ ᠬᠠᠷᠢᠭᠤᠴᠠᠨ᠎ᠠ᠃ ᠪᠥᠬᠦ ᠬᠤᠲᠠ ᠶᠢᠨ ᠷᠠᠳᠢᠣ᠋ ᠲᠧᠯᠸᠢᠰ ᠤᠨ ᠠᠮᠤᠷ ᠲᠦᠪᠰᠢᠨ ᠢᠶᠠᠷ ᠨᠡᠪᠲᠡᠷᠡᠭᠦᠯᠬᠦ ᠶᠢ ᠵᠢᠯᠣᠭᠤᠳᠤᠨ ᠵᠣᠬᠢᠴᠠᠭᠤᠯᠤᠨ᠎ᠠ᠃     ︵ᠠᠷᠪᠠᠨ ᠲᠠᠪᠤ︶ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠪᠠ ᠮᠦᠽᠧᠶ ᠶᠢᠨ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠰᠣᠶᠣᠯ ᠤᠨ ᠥᠪ ᠪᠣᠯᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ  ᠵᠣᠬᠢᠴᠠᠭᠤᠯᠣᠨ ᠵᠢᠯᠣᠭᠤᠳᠴᠤ᠂ ᠲᠡᠭᠦᠨ ᠳᠤ ᠬᠢᠨᠠᠯᠲᠠ ᠲᠠᠯᠪᠢᠵᠤ᠂ ᠪᠦᠬᠦ ᠬᠤᠳᠠ ᠶᠢᠨ ᠡᠯ᠎ᠡ ᠱᠠᠲᠤᠨ ᠤ ᠰᠣᠶᠣᠯ ᠤᠨ ᠥᠪ ᠢ ᠭᠤᠶᠤᠴᠢᠯᠠᠨ ᠮᠡᠳᠡᠭᠦᠯᠬᠦ ᠪᠠ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠮᠠᠨ ᠤ ᠬᠤᠲᠠ ᠶᠢᠨ ᠲᠡᠦᠬᠡ ᠰᠣᠶᠣᠯ ᠤᠨ ᠨᠡᠷᠡᠲᠦ ᠵᠡᠭᠡᠯᠢ ᠶᠢᠨ ᠬᠠᠮᠠᠭᠠᠯᠠᠯᠲᠠ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯ ᠪᠠ ᠮᠦᠽᠧᠶ ᠶᠢᠨ ᠲᠤᠬᠠᠶᠢᠯᠠᠭᠰᠠᠨ ᠠᠵᠢᠯ ᠢ ᠵᠢᠯᠣᠭᠤᠳᠴᠤ᠂ ᠮᠦᠽᠧᠶ ᠶᠢᠨ ᠬᠤᠭᠤᠷᠣᠨᠳᠣᠬᠢ ᠰᠣᠯᠢᠯᠴᠠᠭ᠎ᠠ ᠪᠠ ᠬᠠᠮᠵᠢᠯᠴᠠᠭ᠎ᠠ ᠶᠢ ᠵᠣᠬᠢᠴᠠᠭᠤᠯᠤᠨ᠎ᠠ᠃      ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃       ᠬᠤᠶᠠᠷ᠂ ᠳᠣᠲᠣᠭᠠᠳᠤ ᠪᠠᠶᠢᠭᠤᠯᠤᠮᠵᠢ      ︵ᠨᠢᠭᠡ︶ ᠶᠡᠷᠦᠩᠬᠡᠶᠢᠯᠡᠭᠰᠡᠨ ᠠᠯᠪᠠᠨ ᠭᠡᠷ       ᠪᠠᠶᠢᠭᠤᠯᠭ᠎ᠠ ᠶᠢᠨ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ᠂ ᠨᠢᠭᠤᠴᠠ ᠶᠢ ᠬᠠᠮᠠᠭᠠᠯᠠᠬᠤ᠂ ᠨᠢᠭᠤᠴᠠ ᠴᠢᠬᠤᠯᠠ ᠮᠠᠲ᠋ᠧᠷᠢᠶᠠᠯ ᠵᠡᠷᠭᠡ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠰᠢᠮᠳᠠᠭᠤᠯᠤᠨ ᠪᠠᠶᠢᠴᠠᠭᠠᠬᠤ᠂ ᠰᠣᠨᠢᠨ ᠮᠡᠳᠡᠭᠡ ᠨᠡᠶᠢᠲᠡᠯᠡᠬᠦ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠲᠠᠩᠰᠠ ᠡᠪᠬᠡᠮᠡᠯ ᠲᠡᠤᠬᠡ ᠣᠶᠢᠯᠠᠯᠭ᠎ᠠ᠂  ᠲᠣᠭᠠᠴᠢᠯᠠᠭᠰᠠᠨ ᠵᠦᠢᠯ ᠢ ᠵᠢᠩᠬᠢᠨᠢ ᠬᠡᠪᠯᠡᠯ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠴᠢᠨᠠᠷᠲᠠᠶ ᠵᠣᠬᠢᠶᠠᠯ ᠤᠨ ᠣᠬᠢ ᠪᠠ ᠲᠣᠮᠣ ᠬᠡᠯᠪᠡᠷᠢ ᠶᠢᠨ ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ᠃ ᠰᠢᠰᠲ᠋ᠧᠮ ᠲᠠᠢ ᠪᠠᠷ ᠶᠠᠳᠠᠭᠤ ᠶᠢ ᠲᠡᠳᠬᠦᠵᠦ ᠬᠦᠴᠢᠷᠳᠡᠯᠲᠡᠶ ᠶᠢ ᠬᠠᠪᠰᠤᠷᠬᠤ᠂ ᠰᠠᠨᠠᠭᠤᠯᠭ᠎ᠠ ᠳᠤᠷᠠᠳᠤᠯᠭ᠎ᠠ ᠶᠢ  ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠬᠦᠯᠢᠶᠡᠨ ᠠᠪᠬᠤ᠂ ᠲᠡᠷᠭᠡ ᠬᠥᠰᠬᠡ ᠬᠠᠮᠢᠶᠠᠷᠬᠤ᠂ ᠠᠮᠤᠷ ᠲᠦᠪᠰᠢᠨ ᠢ ᠬᠠᠮᠠᠭᠠᠯᠠᠬᠤ ᠪᠠ ᠠᠯᠪᠠᠨ ᠭᠡᠷ ᠢ ᠬᠠᠮᠠᠭᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ᠂ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ ᠪᠠ ᠪᠡᠯᠡ ᠮᠥᠩᠭᠦ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠳᠣᠲᠣᠭᠠᠳᠤ ᠶᠢᠨ ᠬᠢᠨᠠᠨ ᠪᠤᠳᠤᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠠᠷᠢᠶ᠎ᠠ ᠨᠢᠭᠡᠴᠡ ᠶᠢᠨ ᠢᠶᠠᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠶᠢᠭᠤᠯᠬᠤ ᠠᠵᠢᠯ ᠢ ᠬᠠᠷᠢᠭᠤᠴᠠᠨ᠎ᠠ᠃ ᠦᠨᠳᠦᠰᠦᠨ ᠱᠠᠲᠤᠨ ᠤ ᠨᠠᠮ ᠤᠨ ᠡᠭᠦᠷ ᠤᠨ ᠨᠠᠮ ᠤᠨ ᠪᠠᠶᠢᠭᠤᠯᠤᠯᠲᠠ ᠶᠢᠨ ᠠᠵᠢᠯ᠂ ᠨᠠᠮ ᠤᠨ ᠭᠡᠰᠢᠭᠦᠨ ᠤ ᠬᠥᠮᠦᠵᠢᠯ ᠤᠨ ᠤᠶᠤᠨ ᠤ ᠪᠣᠯᠪᠠᠰᠤᠨ ᠤ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠪᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠢ ᠰᠠᠶᠢᠲᠤᠷ ᠠᠳᠬᠤᠵᠤ᠂ ᠲᠤᠰ ᠰᠢᠰᠲ᠋ᠧᠮ ᠤᠨ ᠢᠶᠠᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠠᠵᠢᠯ ᠲᠦᠷᠦᠯ ᠤᠨ ᠰᠤᠷᠲᠠᠯ ᠵᠠᠰᠠᠭ ᠤᠨ ᠰᠤᠷᠲᠠᠯ ᠤᠨ ᠪᠠᠶᠢᠭᠤᠯᠤᠯᠲᠠ᠂ ᠲᠥᠯᠥᠪᠯᠡᠭᠡ ᠲᠠᠢ ᠪᠠᠷ ᠬᠡᠦᠬᠡᠳ ᠠᠪᠬᠤ ᠪᠠ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠤᠯᠭ᠎ᠠ ᠶᠢ ᠬᠠᠷᠢᠭᠤᠴᠠᠬᠤ ᠶᠢᠨ ᠬᠠᠮᠲᠤ ᠬᠠᠷᠢᠶ᠎ᠠ ᠨᠢᠭᠡᠴᠡ ᠶᠢᠨ ᠢᠶᠠᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠂ ᠪᠠᠶᠢᠭᠤᠯᠤᠮᠵᠢ ᠶᠢᠨ ᠣᠷᠣᠨ ᠲᠤᠭ᠎ᠠ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠴᠠᠯᠢᠩ ᠣᠯᠭᠤᠮᠵᠢ ᠵᠡᠷᠭᠡ ᠠᠵᠢᠯ ᠢ ᠵᠢᠯᠣᠭᠤᠳᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠬᠠᠷᠢᠭᠤᠴᠠᠵᠤ᠂ ᠬᠠᠤᠯᠢ ᠲᠦᠷᠢᠮ ᠤᠨ ᠤᠬᠠᠭᠤᠯᠭ᠎ᠠ᠂ ᠪᠣᠯᠪᠠᠰᠤᠷᠠᠭᠤᠯᠤᠯ ᠪᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ ᠰᠣᠶᠣᠯ᠂ ᠪᠡᠶ᠎ᠡ ᠶᠢᠨ ᠲᠠᠮᠢᠷ᠂ ᠵᠢᠭᠤᠯᠴᠢᠯᠠᠯ᠂ ᠷᠠᠳᠢᠣ᠋ ᠨᠡᠪᠲᠡᠷᠡᠭᠦᠯᠭᠡ ᠲᠧᠯᠸᠢᠰ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠲᠥᠷᠥᠯ  ᠵᠦᠢᠯ ᠢ ᠴᠤᠭᠯᠠᠭᠤᠯᠬᠤ᠂ ᠡᠮᠬᠢᠳᠬᠡᠬᠦ᠂ ᠪᠡᠯᠡᠳᠬᠡᠬᠦ ᠵᠢᠴᠢ ᠮᠡᠳᠡᠭᠦᠯᠬᠦ ᠠᠵᠢᠯ ᠢ ᠬᠠᠷᠢᠭᠤᠴᠠᠨ᠎ᠠ᠃ ᠡᠯ᠎ᠡ ᠵᠦᠢᠯ ᠤᠨ ᠵᠣᠷᠢᠯᠭ᠎ᠠ ᠶᠢᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ᠂ ᠳᠤᠮᠳᠠ ᠬᠤᠭᠤᠴᠠᠭᠠᠨ ᠤ ᠮᠡᠳᠡᠭᠦᠯᠦᠯᠲᠡ᠂ ᠰᠡᠭᠦᠯᠴᠢ ᠶᠢᠨ ᠬᠤᠭᠤᠴᠠᠭᠠᠨ ᠤ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠷᠭᠦᠯᠵᠢᠯᠡᠨ ᠪᠠᠶᠢᠭᠤᠯᠬᠤ᠂ ᠰᠢᠨ᠎ᠡ ᠪᠠᠷ ᠪᠠᠶᠢᠭᠤᠯᠬᠤ᠂ ᠲᠥᠯᠥᠪᠯᠡᠬᠦ ᠶᠢᠨ ᠡᠮᠦᠨᠡᠬᠢ ᠬᠤᠭᠤᠴᠠᠭᠠᠨ ᠤ ᠲᠥᠷᠥᠯ   ᠭᠦ᠋ᠯᠬᠦ ᠠᠵᠢᠯ ᠢ ᠬᠠᠷᠢᠭᠤᠴᠠᠨ᠎ᠠ᠃ ︵ᠬᠤᠶᠠᠷ︶ ᠰᠣᠶᠣᠯ ᠤᠨ ᠠᠯᠪᠠᠨ ᠭᠡᠷ   ᠨᠠᠮ ᠤᠨ ᠲᠥᠪ ᠬᠤᠷᠢᠶ᠎ᠠ ᠪᠣᠯᠤᠨ ᠤᠯᠤᠰ ᠤᠨ ᠰᠣᠶᠣᠯ ᠤᠷᠠᠯᠢᠭ ᠤᠨ ᠠᠵᠢᠯ ᠤᠨ ᠲᠤᠬᠠᠶ ᠡᠯ᠎ᠡ ᠵᠦᠢᠯ ᠤᠨ ᠲᠦᠷᠦ ᠶᠢᠨ ᠪᠤᠳᠤᠯᠭ᠎ᠠ᠂ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠳᠠ ᠶᠢᠨ ᠨᠡᠶᠢᠭᠡᠮ ᠤᠨ ᠰᠣᠶᠣᠯ ᠤᠷᠠᠯᠢᠭ ᠤᠨ ᠦᠢᠯᠡᠰ ᠤᠨ ᠬᠥᠭᠵᠢᠯᠲᠡ ᠪᠠ ᠬᠠᠮᠢᠶᠠᠷᠤᠯᠲᠠ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠰᠣᠶᠣᠯ ᠤᠨ ᠬᠦᠷᠢᠶᠡᠨ ᠳᠠᠬᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠬᠠᠷᠢᠭᠤᠴᠠᠵᠤ᠂ ᠰᠣᠶᠣᠯ ᠤᠨ ᠦᠢᠯᠡᠰ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠪᠠ ᠴᠡᠴᠡᠭᠯᠡᠯ ᠬᠥᠭᠵᠢᠯ ᠢ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠵᠢᠯᠣᠭᠤᠳᠬᠤ᠂ ᠵᠣᠬᠢᠴᠠᠭᠤᠯᠬᠤ ᠪᠠ ᠠᠬᠢᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠳᠠ ᠶᠢᠨ ᠲᠤᠮᠤ ᠬᠡᠯᠪᠡᠷᠢ ᠶᠢᠨ ᠰᠣᠶᠣᠯ ᠤᠨ ᠠᠵᠢᠯᠯᠠᠭ᠎ᠠ ᠵᠢᠴᠢ ᠡᠯ᠎ᠡ ᠵᠦᠢᠯ ᠤᠨ ᠤᠯᠠᠨ ᠲᠦᠮᠡᠨᠴᠢ ᠰᠣᠶᠣᠯ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠢᠨᠠᠨ ᠬᠠᠷᠭᠤᠭᠤᠯᠵᠤ᠂ ᠵᠢᠯᠣᠭᠤᠳᠴᠤ᠂ ᠬᠠᠮᠢᠶᠠᠷᠤᠨ᠎ᠠ᠃ ᠲᠤᠰ ᠭᠠᠵᠠᠷ ᠣᠷᠣᠨ ᠤ ᠪᠠᠨ ᠤᠷᠠᠯᠢᠭ ᠤᠨ ᠦᠵᠡᠰᠬᠦᠯᠡᠩ ᠤᠨ ᠠᠵᠢᠯ ᠢ ᠬᠠᠮᠢᠶᠠᠷᠴᠤ᠂ ᠤᠯᠠᠨ ᠨᠡᠶᠢᠲᠡ ᠳᠤ ᠤᠷᠠᠯᠢᠭ ᠤᠨ ᠬᠥᠮᠦᠵᠢᠯ ᠤᠬᠠᠭᠤᠯᠭ᠎ᠠ ᠳᠡᠯᠭᠡᠷᠡᠭᠦᠯᠦᠯᠲᠡ ᠶᠢᠨ ᠠᠵᠢᠯ ᠢ ᠬᠢᠬᠦ ᠶᠢᠨ ᠬᠠᠮᠲᠤ ᠤᠷᠠᠯᠢᠭ ᠤᠨ ᠭᠠᠳᠠᠭᠠᠳᠤ ᠲᠠᠢ ᠰᠣᠯᠢᠯᠴᠠᠭ᠎ᠠ ᠬᠢᠬᠦ ᠶᠢ ᠠᠬᠢᠭᠤᠯᠤᠨ᠎ᠠ᠃ ᠨᠣᠮ ᠪᠢᠴᠢᠭ ᠰᠤᠷᠪᠤᠯᠵᠢ ᠪᠢᠴᠢᠭ ᠤᠨ ᠡᠬᠢ ᠪᠠᠶᠠᠯᠢᠭ ᠤᠨ ᠪᠦᠲᠦᠭᠡᠨ ᠪᠠᠶᠢᠭᠤᠯᠤᠯᠲᠠ᠂ ᠨᠡᠭᠡᠭᠡᠨ ᠬᠥᠭᠵᠢᠭᠦᠯᠦᠯᠲᠡ ᠪᠠ ᠠᠰᠢᠭᠯᠠᠯᠲᠠ ᠶᠢ ᠵᠢᠯᠣᠭᠤᠳᠴᠤ᠂ ᠨᠣᠮ ᠤᠨ ᠰᠠᠩ ᠤᠨ ᠪᠠᠷᠢᠮᠵᠢᠶᠠᠵᠢᠭᠤᠯᠤᠯᠲᠠ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠣᠯᠠᠨ ᠲᠦᠮᠡᠨ ᠤ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠪᠠ ᠤᠷᠠᠯᠢᠭ ᠤᠨ ᠦᠢᠯᠡᠳᠪᠦᠷᠢᠯᠡᠯ ᠢ ᠵᠢᠯᠣᠭᠤᠳᠴᠤ᠂ ᠭᠤᠤᠯᠳᠠᠯᠭ᠎ᠠ ᠲᠠᠢ ᠰᠡᠳᠦᠪᠲᠦ ᠤᠷᠠᠯᠢᠭ ᠤᠨ ᠵᠣᠬᠢᠶᠠᠨ ᠪᠦᠲᠦᠭᠡᠯᠭᠡ ᠶᠢᠨ ᠲᠥᠷᠥᠯ  ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ᠣᠯᠠᠭᠠᠨᠮᠦᠴᠢᠷ ᠤᠨ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠤᠨ᠎ᠠ᠃ ᠠᠷᠠᠳ ᠤᠨ ᠠᠮᠠᠨ ᠵᠣᠬᠢᠶᠠᠯ ᠤᠷᠠᠯᠢᠭ ᠢ ᠠᠭᠤᠳᠠᠯᠬᠤ ᠪᠠ ᠬᠠᠮᠢᠶᠠᠷᠬᠤ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠭᠤᠶᠤᠴᠢᠯᠠᠨ ᠮᠡᠳᠡᠭᠦᠯᠬᠦ ᠵᠢᠴᠢ ᠪᠣᠳᠠᠰ ᠤᠨ ᠪᠤᠰᠤ ᠰᠣᠶᠣᠯ ᠤᠨ ᠥᠪ ᠢ ᠪᠠᠶᠢᠴᠠᠭᠠᠬᠤ᠂ ᠲᠡᠮᠳᠡᠭᠯᠡᠬᠦ᠂ ᠤᠬᠠᠭᠤᠯᠬᠤ ᠪᠠ ᠤᠯᠠᠮᠵᠢᠯᠠᠬᠤ ᠶᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠠᠬᠢᠭᠤᠯᠤᠨ᠎ᠠ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠰᠣᠶᠣᠯ  ᠤᠨ ᠦᠷᠳᠡᠭᠡ ︵ᠨᠣᠮ  ᠤᠨ ᠦᠷᠦᠬᠡ︶ ᠶᠢᠨ ᠪᠥᠳᠥᠭᠡᠨ ᠪᠠᠶᠢᠭᠤᠯᠤᠯᠲᠠ ᠶᠢ ᠬᠠᠷᠢᠭᠤᠴᠠᠨ ᠬᠠᠮᠢᠶᠠᠷᠴᠤ᠂ ᠡᠯ᠎ᠡ ᠰᠣᠶᠣᠯ  ᠤᠨ ᠦᠷᠳᠡᠭᠡ ᠥᠷᠨᠢᠭᠦᠯᠬᠦ ᠶᠢ ᠵᠢᠯᠣᠭᠤᠳᠤᠨ᠎ᠠ᠃       ᠡᠯ᠎ᠡ ᠵᠦᠢᠯ ᠤᠨ ᠬᠡᠯᠪᠡᠷᠢ ᠶᠢᠨ ᠰᠣᠶᠣᠯ ᠴᠡᠩᠭᠡᠯ ᠤᠨ ᠠᠵᠢᠯᠯᠠᠭ᠎ᠠ ᠬᠢᠵᠦ᠂ ᠤᠯᠡᠠ ᠲᠦᠮᠡᠨ ᠤ ᠤᠶᠦᠠ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠪᠥᠬᠦ ᠬᠤᠲᠠ ᠶᠢᠨ ᠰᠣᠶᠣᠯ ᠤᠨ ᠠᠵᠤ  ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠲᠠ ᠶᠢᠨ ᠰᠣᠶᠣᠯ ᠤᠨ ᠡᠬᠢ ᠪᠠᠶᠠᠯᠢᠭ ᠵᠢᠴᠢ ᠡᠬᠢ ᠪᠠᠶᠠᠯᠢᠭ ᠤᠨ ᠲᠠᠷᠬᠠᠯᠲᠠ ᠶᠢ ᠴᠤᠭᠯᠠᠭᠤᠯᠤᠨ ᠡᠮᠬᠢᠳᠬᠡᠬᠦ ᠶᠢ ᠬᠠᠷᠢᠭᠤᠴᠠᠨ᠎ᠠ᠃ ᠪᠦᠬᠦ ᠬᠤᠳᠠ ᠶᠢᠨ ᠰᠣᠶᠣᠯ ᠤᠨ ᠠᠵᠤ ᠦᠢᠯᠡᠰ ᠤᠨ ᠵᠢᠯᠤᠭᠤᠳᠤᠯᠭ᠎ᠠ᠂ ᠵᠣᠬᠢᠴᠠᠭᠤᠯᠭ᠎ᠠ ᠪᠠ ᠦᠢᠯᠡᠴᠢᠯᠡᠭᠡ ᠶᠢ ᠴᠢᠩᠭᠠᠳᠬᠠᠵᠤ᠂ ᠰᠣᠶᠣᠯ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠣᠭᠲᠠᠭᠠᠨ ᠬᠡᠷᠡᠭᠵᠢᠭᠦᠯᠵᠦ᠂ ᠰᠣᠶᠣᠯ ᠤᠨ ᠠᠵᠤ ᠦᠢᠯᠡᠰ ᠤᠨ ᠰᠠᠭᠤᠷᠢᠨ ᠭᠠᠵᠠᠷ ᠢ ᠬᠠᠮᠢᠶᠠᠷᠴᠤ᠂ ᠰᠣᠶᠣᠯ ᠤᠨ ᠠᠵᠤ ᠦᠢᠯᠡᠰ ᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠶᠢ ᠠᠬᠢᠭᠤᠯᠵᠤ᠂ ᠰᠣᠶᠣᠯ ᠤᠨ ᠡᠬᠢ ᠪᠠᠶᠠᠯᠢᠭ ᠤᠨ ᠲᠠᠷᠬᠠᠯᠲᠠ ᠶᠢ ᠴᠤᠭᠯᠠᠭᠤᠯᠤᠨ ᠡᠮᠬᠢᠳᠬᠡᠵᠦ᠂ ᠰᠣᠶᠣᠯ ᠤᠨ ᠰᠣᠳᠣᠨ ᠪᠦᠲᠦᠭᠡᠯ ᠤᠨ ᠢᠨᠵᠧᠨᠧᠷᠢᠩ ᠢ ᠠᠬᠢᠭᠤᠯᠵᠤ᠂ ᠰᠣᠶᠣᠯ ᠤᠨ ᠠᠵᠤ ᠦᠢᠯᠡᠰ ᠤᠨ ᠡᠯ᠎ᠡ ᠵᠦᠢᠯ ᠤᠨ ᠠᠵᠢᠯ ᠢ ᠶᠡᠬᠡᠪᠡᠷ ᠬᠥᠭᠵᠢᠭᠦᠯᠦᠨ᠎ᠡ᠃        ︵ᠭᠤᠷᠪᠠ︶ ᠪᠡᠶ᠎ᠡ ᠶᠢᠨ ᠲᠠᠮᠢᠷ  ᠤᠨ ᠠᠯᠪᠠᠨ ᠭᠡᠷ       ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠳᠡᠭᠡᠳᠦ ᠱᠠᠲᠤᠨ ᠤ ᠵᠣᠷᠢᠭ ᠰᠠᠨᠠᠭ᠎ᠠ ᠪᠠᠷ ᠯᠠᠪᠯᠠᠯᠲᠠ ᠪᠣᠯᠭᠠᠵᠤ᠂ ᠵᠠᠯᠠᠨ ᠠᠶᠢᠯ ᠬᠤᠲᠠ ᠶᠢᠨ ᠪᠡᠶ᠎ᠡ ᠶᠢᠨ ᠲᠠᠮᠢᠷ ᠤᠨ ᠠᠵᠢᠯ ᠤᠨ ᠬᠤᠯᠪᠣᠭᠳᠠᠯ ᠪᠥᠬᠦᠶ ᠲᠣᠭᠲᠠᠭᠠᠯ᠂ ᠠᠷᠭ᠎ᠠ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠢᠶᠠᠨ ᠥᠷᠨᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠬᠡᠷᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ  ᠦᠢᠯᠡᠴᠢᠯᠡᠭᠡᠨ ᠤ  ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠣᠯᠠᠨ ᠲᠦᠮᠡᠨᠴᠢ ᠴᠢᠨᠠᠷᠲᠠᠶ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠢᠯᠣᠭᠤᠳᠤᠨ ᠥᠷᠨᠢᠭᠦᠯᠵᠦ᠂ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠪᠠ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠰᠢᠯᠭᠠᠬᠤ ᠲᠦᠷᠢᠮ ᠢ ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠣᠨ ᠤ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃  ᠪᠥᠬᠦ ᠬᠤᠲᠠ ᠶᠢᠨ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠪᠠ ᠪᠥᠬᠦ ᠬᠤᠲᠠ ᠶᠢᠨ ᠬᠥᠯ ᠪᠥᠮᠪᠦᠭᠡ ᠶᠢᠨ ᠬᠥᠳᠡᠯᠭᠡᠭᠡᠨ ᠤ ᠲᠥᠷᠥᠯ  ᠵᠦᠢᠯ ᠤᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠬᠥᠯ ᠪᠥᠮᠪᠦᠭᠡ ᠶᠢᠨ ᠬᠥᠳᠡᠯᠭᠡᠭᠡᠨ ᠤ ᠲᠥᠷᠥᠯ  ᠵᠦᠢᠯ ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ 3 ᠳ᠋ᠦᠩᠰᠢᠭᠤᠷ ᠬᠥᠮᠦᠨ ᠤ ᠮᠥᠰᠥ ᠴᠠᠰᠤᠨ ᠳᠤ ᠣᠷᠣᠬᠤ ᠲᠥᠷᠥᠯ  ᠵᠦᠢᠯ ᠤᠨ ᠠᠵᠢᠯ ᠢ ᠡᠭᠦᠷᠭᠡᠯᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠥᠷᠥᠯ  ᠵᠦᠢᠯ ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ᠂ ᠰᠠᠭᠤᠷᠢ ᠴᠡᠭ ᠤᠨ ᠰᠤᠷᠭᠠᠭᠤᠯᠢ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠪᠠᠶᠢᠭᠤᠯᠤᠯᠲᠠ ᠶᠢ ᠵᠢᠯᠣᠭᠤᠳᠤᠨ ᠠᠬᠢᠭᠤᠯᠤᠨ᠎ᠠ᠃ ᠵᠡᠷᠭᠡ ᠳᠡᠰ ᠤᠨ ᠬᠢᠨᠠᠭᠴᠢ᠂ ᠲᠠᠮᠢᠷᠴᠢᠨ ᠢ ᠬᠢᠨᠠᠨ ᠬᠠᠷᠭᠤᠭᠤᠯᠬᠤ᠂ ᠮᠡᠳᠡᠭᠦᠯᠬᠦ ᠠᠵᠢᠯ ᠢ ᠬᠠᠷᠢᠭᠤᠴᠠᠨ᠎ᠠ᠃ ᠪᠡᠶ᠎ᠡ ᠶᠢᠨ ᠲᠠᠮᠢᠷ ᠤᠨ ᠠᠮᠤᠷ ᠲᠦᠪᠰᠢᠨ ᠤ ᠠᠵᠢᠯ ᠢ ᠵᠢᠯᠣᠭᠤᠳᠴᠤ᠂ ᠪᠥᠬᠦ ᠬᠤᠲᠠ ᠶᠢᠨ ᠴᠢᠨᠠᠷᠲᠠᠶ ᠤᠷᠤᠯᠳᠤᠭᠠᠨ ᠤ ᠪᠡᠶ᠎ᠡ ᠶᠢᠨ ᠲᠠᠮᠢᠷ᠂ ᠣᠯᠠᠨ ᠲᠦᠮᠡᠨ ᠤ ᠪᠡᠶ᠎ᠡ ᠶᠢᠨ ᠲᠠᠮᠢᠷ᠂ ᠪᠡᠶ᠎ᠡ ᠶᠢᠨ ᠲᠠᠮᠢᠷ ᠤᠨ ᠨᠡᠶᠢᠭᠡᠮᠯᠢᠭ ᠪᠠ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠷᠭᠢᠯᠡᠭᠰᠡᠨ ᠠᠵᠤ ᠠᠬᠤᠶᠢᠯᠠᠯ ᠤᠨ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠤᠨ ᠳᠠᠭᠠᠭᠠᠨ ᠡᠷᠭᠢᠯᠡᠬᠦ ᠶᠢ ᠬᠠᠷᠢᠭᠤᠴᠠᠵᠤ᠂ ᠪᠥᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠯ᠎ᠡ ᠪᠡᠶ᠎ᠡ ᠶᠢᠨ ᠲᠠᠮᠢᠷ ᠤᠨ ᠲᠠᠩ ᠵᠦᠢᠯ ᠤᠨ ᠤᠷᠤᠯᠳᠤᠭᠠᠨ ︵ᠤᠰᠤᠨ ᠳᠡᠭᠡᠷᠡᠬᠢ ᠤᠷᠤᠯᠳᠤᠭᠠᠨ  ᠢ  ᠪᠠᠭᠲᠠᠭᠠᠨ᠎ᠠ︶ ᠢ ᠬᠠᠷᠢᠭᠤᠴᠠᠨ ᠭᠤᠤᠯᠯᠠᠨ ᠡᠷᠭᠢᠯᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ︵ᠲᠥᠷᠪᠡ︶  ᠵᠢᠭᠤᠯᠴᠢᠯᠠᠯ ᠤᠨ ᠠᠯᠪᠠᠨ ᠭᠡᠷ      ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠯ᠎ᠡ ᠲᠥᠷᠥᠯ ᠤᠨ ᠵᠢᠭᠤᠯᠴᠢᠯᠠᠯ ᠤᠨ ᠪᠠᠭᠤᠳᠠᠯ᠂ ᠵᠢᠭᠤᠯᠴᠢᠯᠠᠯ ᠤᠨ ᠭᠠᠵᠠᠷ ᠪᠠ ᠣᠨᠴᠠ ᠲᠥᠷᠥᠯ ᠤᠨ ᠵᠢᠭᠤᠯᠴᠢᠯᠠᠯ ᠤᠨ ᠲᠥᠷᠥᠯ  ᠵᠦᠢᠯ ᠤᠨ ᠪᠡᠯᠡᠳᠬᠡᠮᠵᠢ ᠶᠢᠨ ᠪᠠᠷᠢᠮᠵᠢᠶ᠎ᠠ᠂  ᠦᠢᠯᠡᠴᠢᠯᠡᠭᠡᠨ ᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠵᠢᠭᠤᠯᠴᠢᠯᠠᠯ ᠤᠨ ᠠᠵᠤ ᠠᠬᠤᠶ ᠶᠢᠨ ᠠᠵᠢᠯᠯᠠᠭᠠᠨ ᠢ ᠬᠢᠨᠠᠨ ᠬᠡᠮᠵᠢᠬᠦ ᠠᠵᠢᠯ ᠢ ᠡᠭᠦᠷᠭᠡᠯᠡᠨ᠎ᠡ᠃ ᠲᠣᠭᠲᠠᠭᠠᠯ ᠶᠣᠰᠣᠭᠠᠷ ᠳᠡᠭᠡᠳᠦ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠵᠢᠭᠤᠯᠴᠢᠯᠠᠯ ᠤᠨ ᠭᠠᠵᠠᠷ᠂ ᠣᠳᠣᠨ ᠲᠠᠰ ᠤᠨ ᠵᠣᠴᠢᠳ ᠤᠨ ᠪᠠᠭᠤᠳᠠᠯ ᠤᠨ ᠬᠢᠷᠢ ᠬᠡᠮ ᠢ ᠬᠢᠨᠠᠨ ᠬᠠᠷᠭᠤᠭᠤᠯᠬᠤ ᠶᠢᠨ ᠬᠠᠮᠲᠤ ᠲᠤᠬᠠᠶᠢᠯᠠᠭᠰᠠᠨ ᠠᠵᠢᠯ ᠢ ᠨᠢ ᠵᠢᠯᠣᠭᠤᠳᠤᠨ᠎ᠠ᠃ ᠵᠢᠭᠤᠯᠴᠢᠯᠠᠯ ᠤᠨ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃ ᠵᠢᠭᠤᠯᠴᠢᠯᠠᠯ ᠤᠨ ᠬᠥᠲᠥᠴᠢ ᠶᠢᠨ ᠬᠢᠷᠢ ᠬᠡᠮ ᠤᠨ ᠰᠢᠯᠭᠠᠯᠲᠠ᠂ ᠵᠢᠭᠤᠯᠴᠢᠯᠠᠯ ᠤᠨ ᠬᠥᠲᠥᠴᠢ ᠶᠢᠨ ᠲᠠᠰ ᠤᠨ ᠰᠢᠯᠭᠠᠯᠲᠠ ᠵᠡᠷᠭᠡ ᠬᠠᠮᠢᠶ᠎ᠠ ᠪᠥᠬᠦᠶ ᠠᠵᠢᠯ ᠢ ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠲᠥᠯᠥᠪᠵᠢᠭᠦᠯᠬᠦ᠂ ᠨᠡᠭᠡᠭᠡᠨ ᠬᠥᠭᠵᠢᠭᠦᠯᠬᠦ ᠪᠠ ᠬᠠᠮᠠᠭᠠᠯᠠᠬᠤ ᠵᠢᠴᠢ ᠵᠢᠭᠤᠯᠴᠢᠯᠠᠯ ᠤᠨ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠪᠥᠬᠦ ᠣᠷᠣᠨ ᠪᠦᠰᠡ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠵᠢᠯᠣᠭᠤᠳᠤᠨ ᠠᠬᠢᠭᠤᠯᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠬᠥᠳᠡᠭᠡ ᠲᠣᠰᠬᠤᠨ ᠤ ᠵᠢᠭᠤᠯᠴᠢᠯᠠᠯ᠂ ᠬᠡᠷ ᠪᠦᠯᠢ ᠶᠢᠨ ᠵᠢᠭᠤᠯᠴᠢᠯᠠᠯ ᠵᠡᠷᠭᠡ ᠬᠠᠮᠢᠶ᠎ᠠ ᠪᠥᠬᠦᠶ ᠠᠵᠢᠯ ᠢ ᠡᠭᠦᠷᠭᠡᠯᠡᠨ᠎ᠡ᠃ ᠭᠤᠤᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ᠂ ᠵᠣᠷᠢᠭᠰᠠᠨ ᠭᠠᠵᠠᠷ᠂ ᠵᠠᠮ ᠱᠤᠭᠤᠮ ᠤᠨ ᠲᠥᠯᠥᠪᠵᠢᠭᠦᠯᠭᠡ ᠶᠢ ᠵᠢᠯᠣᠭᠤᠳᠤᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠱᠢᠶ᠎ᠡ ᠦᠵᠡᠭᠦᠯᠬᠦ ᠣᠷᠣᠨ᠂ ᠠᠮᠠᠷᠠᠯᠲᠠ ᠶᠢᠨ ᠣᠷᠣᠨ᠂ ᠵᠢᠭᠤᠯᠴᠢᠯᠠᠯ ᠤᠨ ᠤᠯᠠᠭ᠎ᠠ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠ ᠦᠨᠡᠯᠡᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠵᠢᠭᠤᠯᠴᠢᠯᠠᠯ ᠤᠨ ᠠᠵᠤ ᠠᠬᠤᠶ ᠶᠢᠨ ᠲᠤᠭ᠎ᠠ ᠪᠦᠷᠢᠳᠬᠡᠯ ᠤᠨ ᠵᠢᠭᠤᠯᠴᠢᠯᠠᠯ ᠤᠨ ᠭᠠᠳᠠᠭᠠᠳᠤ ᠤᠬᠠᠭᠤᠯᠭ᠎ᠠ ᠪᠠ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ᠂ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠠᠵᠢᠯ ᠢ ᠡᠭᠦᠷᠭᠡᠯᠡᠨ᠎ᠡ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠴᠢᠬᠤᠯᠠ ᠶᠡᠭᠡ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠳᠠᠭᠠᠭᠠᠨ ᠡᠷᠭᠢᠯᠡᠵᠦ᠂ ᠠᠵᠢᠯᠯᠠᠭ᠎ᠠ ᠶᠢᠨ ᠲᠥᠰᠦᠯ ᠢ ᠲᠥᠰᠦᠪᠯᠡᠬᠦ᠂ ᠤᠬᠠᠭᠤᠯᠤᠨ ᠲᠠᠨᠢᠯᠴᠠᠭᠤᠯᠬᠤ᠂ ᠤᠬᠠᠭᠤᠯᠭ᠎ᠠ ᠶᠢᠨ ᠹᠢᠯᠢᠮ ᠦᠶ᠋ᠯᠡᠳᠬᠦ ᠵᠡᠷᠭᠡ ᠠᠵᠢᠯ ᠢ ᠬᠠᠷᠢᠭᠤᠴᠠᠨ᠎ᠠ᠃ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃     ︵ᠲᠠᠪᠤ︶  ᠷᠠᠳᠢᠣ᠋ ᠨᠡᠪᠲᠡᠷᠡᠭᠦᠯᠭᠡ ᠲᠧᠯᠸᠢᠰ  ᠤᠨ ᠠᠯᠪᠠᠨ ᠭᠡᠷ     ᠷᠠᠳᠢᠣ᠋ ᠨᠡᠪᠲᠡᠷᠡᠭᠦᠯᠭᠡ ᠲᠧᠯᠸᠢᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠲᠠ ᠶᠢᠨ ᠷᠠᠳᠢᠣ᠋ ᠲᠧᠯᠸᠢᠰ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠤᠯᠤᠰ ᠤᠨ ᠬᠤᠯᠪᠣᠭᠳᠠᠯ ᠪᠥᠬᠦᠶ ᠮᠡᠷᠭᠡᠵᠢᠯ ᠤᠨ ᠬᠠᠤᠯᠢ ᠲᠣᠭᠲᠠᠭᠠᠯ᠂ ᠪᠠᠷᠢᠮᠵᠢᠶ᠎ᠠ ᠶᠢ ᠦᠨᠳᠦᠰᠦᠯᠡᠨ ᠪᠥᠬᠦ ᠬᠤᠲᠠ ᠶᠢᠨ ᠷᠠᠳᠢᠣ᠋ ᠲᠧᠯᠸᠢᠰ ᠤᠨ ᠪᠦᠷᠬᠦᠴᠡ ᠶᠢᠨ ᠲᠣᠤᠷ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠪᠥᠬᠦ ᠬᠤᠲᠠ ᠶᠢᠨ ᠷᠠᠳᠢᠣ᠋ ᠲᠧᠯᠸᠢᠰ ᠤᠨ ᠤᠲᠠᠰᠤᠲᠤ᠂ ᠷᠠᠳᠢᠣ᠋ ᠳᠠᠮᠵᠢᠭᠤᠯᠭ᠎ᠠ ᠶᠢᠨ ᠪᠡᠯᠡᠳᠬᠡᠮᠵᠢ ᠪᠠ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ᠂ ᠲᠧᠯᠸᠢᠰ ᠬᠤᠷᠢᠶ᠎ᠠ᠂ ᠪᠢᠴᠢᠯ ᠳᠣᠯᠭᠢᠶᠠᠨ ᠤ ᠥᠷᠲᠡᠭᠡ ᠵᠡᠷᠭᠡ ᠭᠤᠤᠯᠳᠠᠯᠭ᠎ᠠ ᠲᠠᠢ ᠨᠢᠭᠡᠴᠡ ᠶᠢᠨ ᠠᠮᠤᠷ ᠲᠦᠪᠰᠢᠨ ᠢᠶᠠᠷ ᠨᠡᠪᠲᠡᠷᠡᠭᠦᠯᠬᠦ ᠠᠵᠢᠯ ᠢ ᠵᠢᠯᠣᠭᠤᠳᠤᠨ᠎ᠠ᠃ ᠪᠥᠬᠦ ᠬᠤᠲᠠ ᠶᠢᠨ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠪᠠᠶᠢᠭᠤᠯᠤᠮᠵᠢ ᠪᠠ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠵᠦ᠂ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠪᠠᠶᠢᠭᠤᠯᠤᠮᠵᠢ ᠶᠢᠨ ᠣᠨ ᠤ ᠪᠠᠶᠢᠴᠠᠭᠠᠯᠲᠠ ᠶᠢᠨ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠪᠥᠬᠦ ᠬᠤᠲᠠ ᠶᠢᠨ ᠷᠠᠳᠢᠣ᠋ ᠲᠧᠯᠸᠢᠰ ᠤᠨ ᠨᠡᠪᠲᠡᠷᠡᠭᠦᠯᠭᠡ ᠶᠢᠨ ᠠᠭᠤᠯᠭ᠎ᠠ ᠶᠢᠨ ᠵᠥᠪ ᠤᠳᠤᠷᠢᠳᠤᠮᠵᠢ ᠶᠢ ᠬᠢᠨᠠᠨ ᠬᠠᠮᠢᠶᠠᠷᠴᠤ᠂ ᠵᠢᠯᠣᠭᠤᠳᠣᠯᠭ᠎ᠠ ᠶᠢ ᠬᠢᠨᠠᠨ ᠬᠠᠮᠢᠶᠠᠷᠤᠨ᠎ᠠ᠃ ᠷᠠᠳᠢᠣ᠋ ᠲᠧᠯᠸᠢᠰ ᠤᠨ ᠵᠠᠷ ᠮᠡᠳᠡᠭᠡ ᠨᠡᠪᠲᠡᠷᠡᠭᠦᠯᠬᠦ ᠶᠢ ᠬᠢᠨᠠᠨ ᠬᠠᠮᠢᠶᠠᠷᠤᠨ᠎ᠠ᠃ ᠬᠢᠯᠢ ᠶᠢᠨ ᠭᠠᠳᠠᠨᠠᠬᠢ ᠳᠠᠭᠠᠭᠤᠯᠢ ᠤᠳᠤᠨ ᠤ ᠲᠧᠯᠸᠢᠰ ᠬᠦᠯᠢᠶᠡᠨ ᠠᠪᠬᠤ ᠲᠥᠬᠦᠭᠡᠷᠦᠮᠵᠢ ᠪᠠ ᠬᠢᠯᠢ ᠶᠢᠨ ᠭᠠᠳᠠᠨᠠᠬᠢ ᠳᠠᠭᠠᠭᠤᠯᠢ ᠤᠳᠤᠨ ᠤ ᠲᠧᠯᠸᠢᠰ ᠤᠨ ᠫᠷᠤᠭ᠍ᠷᠠᠮ ᠢ ᠭᠠᠵᠠᠷ ᠲᠤᠨᠢ ᠬᠦᠷᠭᠡᠬᠦ ᠪᠠ ᠬᠦᠯᠢᠶᠡᠨ ᠠᠪᠬᠤ ᠶᠢ ᠬᠢᠨᠠᠨ ᠬᠠᠮᠢᠶᠠᠷᠤᠨ᠎ᠠ ᠃ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ  ᠰᠢᠰᠲ᠋ᠧᠮ ᠤᠨ ᠬᠤᠯᠪᠣᠭᠳᠠᠯ ᠪᠥᠬᠦᠢ ᠬᠠᠤᠯᠢ ᠴᠠᠭᠠᠵᠠ ᠶᠢᠨ ᠲᠥᠷᠢᠮ ᠲᠣᠭᠲᠠᠭᠠᠯ᠂ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ  ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠲᠠ ᠶᠢᠨ ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠤᠨ  ᠦᠢᠯᠡᠴᠢᠯᠡᠭᠡ᠂ ᠷᠠᠳᠢᠣ᠋ ᠲᠧᠯᠸᠢᠰ ᠤᠨ ᠬᠠᠷᠠᠭᠠᠨ ᠳᠠᠪᠲᠠᠮᠵᠢ ᠶᠢᠨ ᠨᠡᠪᠲᠡᠷᠡᠭᠦᠯᠭᠡ᠂ ᠣᠯᠠᠨ ᠨᠡᠶᠢᠲᠡ ᠶᠢᠨ ᠦᠵᠡᠵᠦ ᠰᠣᠨᠣᠰᠬᠤ ᠠᠴᠢᠶᠠᠯᠠᠪᠤᠷᠢ ᠶᠢᠨ ᠨᠡᠪᠲᠡᠷᠡᠭᠦᠯᠬᠦ ᠷᠠᠳᠢᠣ᠋ ᠲᠧᠯᠸᠢᠰ ᠤᠨ ᠫᠷᠤᠭ᠍ᠷᠠᠮ ᠤᠨ ᠠᠭᠤᠯᠭ᠎ᠠ ᠪᠠ ᠲᠤᠬᠠᠶᠢᠯᠠᠭᠰᠠᠨ ᠠᠵᠢᠯ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃ ᠪᠦᠬᠦ ᠬᠤᠳᠠ ᠶᠢᠨ ᠺᠢᠨᠣ᠋ ᠲᠠᠷᠬᠠᠭᠠᠬᠤ᠂ ᠺᠢᠨᠣ᠋ ᠭᠠᠷᠭᠠᠬᠤ ᠠᠵᠢᠯᠯᠠᠭ᠎ᠠ ᠵᠢᠴᠢ ᠺᠢᠨᠣ᠋ ᠭᠠᠷᠭᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠪᠠ ᠪᠦᠳᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃      ︵ᠵᠢᠷᠭᠤᠭ᠎ᠠ︶ ᠲᠡᠦᠬᠡ ᠶᠢᠨ ᠳᠤᠷᠠᠰᠬᠠᠯᠲᠤ ᠵᠦᠢᠯ ᠤᠨ ᠠᠯᠪᠠᠨ ᠭᠡᠷ      ᠳᠡᠭᠡᠳᠦ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠵᠤ᠂ ᠪᠦᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯ᠂ ᠮᠦᠽᠧᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠦᠬᠦ ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠠᠪᠤᠷᠠᠬᠤ ᠠᠵᠢᠯ ᠢ ᠵᠢᠯᠣᠭᠤᠳᠤᠨ ᠬᠠᠮᠢᠶᠠᠷᠬᠤ ᠶᠢ ᠬᠠᠷᠢᠭᠤᠴᠠᠨ᠎ᠠ᠃ ᠪᠦᠬᠦ ᠬᠤᠳᠠ ᠶᠢᠨ ᠴᠢᠬᠤᠯᠠ ᠶᠡᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠤᠨ ᠬᠡᠷᠡᠭᠵᠢᠭᠦᠯᠦᠯᠲᠡ ᠶᠢ ᠵᠣᠬᠢᠶᠠᠨ ᠪᠥᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠪᠠ ᠮᠦᠽᠧᠶ ᠶᠢᠨ ᠬᠠᠮᠢᠶ᠎ᠠ ᠪᠥᠬᠦᠶ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠲᠥᠷᠥᠯ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠰᠣᠶᠣᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃     ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠱᠧᠩ ᠯᠢ ᠵᠠᠮ ᠤᠨ 3 ᠳ᠋ᠤᠭᠠᠷ ᠨᠣᠮᠧᠷ     ᠰᠢᠦᠳᠠᠨ ᠳ᠋ᠤᠭᠠᠷ᠄ 162650    ᠠᠵᠢᠯ ᠤᠨ ᠤᠲᠠᠰᠤ᠄ 0470 — 3204891    ᠬᠠᠷᠢᠯᠴᠠᠬᠤ ᠠᠷᠭ᠎ᠠ᠄ 0470 — 3204891    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠴᠢᠶᠠᠨ ᠬᠠᠶ ᠵᠢᠶᠦ᠋ᠨ     ᠭᠤᠷᠪᠠ᠂ ᠬᠠᠷᠢᠶ᠎ᠠ ᠪᠠᠶᠢᠭᠤᠯᠤᠮᠵᠢ    ︵ᠨᠢᠭᠡ︶ ᠵᠠᠯᠠᠨ ᠠᠶᠢᠯ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠢ ᠳᠡᠳ᠋ ᠰᠠᠯᠠᠭ᠎ᠠ ᠶᠢᠨ ᠲᠠᠰ ᠤᠨ ᠠᠵᠢᠯ  ᠦᠢᠯᠡᠰ ᠤᠨ ᠠᠯᠪᠠᠨ ᠳᠤ ᠣᠷᠣᠯᠴᠠᠬᠤ ᠨᠢᠭᠡᠴᠡ ᠪᠣᠯᠤᠨ᠎ᠠ᠃     ᠭᠤᠣᠯ ᠡᠭᠦᠷᠭᠡ ᠬᠠᠷᠢᠭᠤᠴᠠᠯᠭ᠎ᠠ    1. ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠥᠯᠥᠪᠯᠡᠭᠡ᠂ ᠬᠠᠮᠢᠶᠠᠷᠤᠯᠲᠠ ᠶᠢᠨ ᠲᠦᠷᠢᠮ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     2. ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠡᠷ᠎ᠡ ᠪᠠᠷ ᠨᠢᠭᠡᠳᠦᠯᠲᠡᠶ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ᠂ ᠪᠥᠬᠦ ᠬᠤᠲᠠ ᠶᠢᠨ ᠰᠣᠶᠣᠯ᠂ ᠲᠡᠤᠬᠡ ᠶᠢᠨ ᠳᠤᠷᠠᠰᠬᠠᠯᠲᠤ  ᠵᠦᠢᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ᠂ ᠺᠢᠨᠣ᠋᠂ ᠵᠢᠭᠤᠯᠴᠢᠯᠠᠯ ᠤᠨ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠡᠯ᠎ᠡ ᠲᠥᠷᠥᠯ ᠤᠨ ᠬᠡᠷᠡᠭ ᠤᠨ ᠵᠠᠰᠠᠭ ᠵᠠᠬᠢᠷᠭᠠᠨ ᠤ  ᠰᠢᠢᠳᠭᠡᠯ ᠵᠢᠴᠢ ᠵᠠᠰᠠᠭ ᠵᠠᠬᠢᠷᠭᠠᠨ ᠤ  ᠰᠢᠢᠳᠭᠡᠯ ᠲᠣᠷᠭᠠᠭᠤᠯᠢ ᠶᠢᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃     3. ᠵᠠᠯᠠᠨ ᠠᠶᠢᠯ ᠬᠤᠲᠠ ᠶᠢᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ ᠶᠢᠨ ᠨᠠᠶᠢᠳᠠᠯᠭ᠎ᠠ ᠪᠠᠷ ᠵᠠᠯᠠᠨ ᠠᠶᠢᠯ ᠬᠤᠲᠠ ᠶᠢᠨ ᠰᠣᠨᠢᠨ ᠮᠡᠳᠡᠭᠡ ᠬᠡᠪᠯᠡᠯ ᠬᠡᠪᠯᠡᠯ ᠤᠨ ᠡᠷᠬᠡ ᠶᠢᠨ ᠲᠣᠪᠴᠢᠶ᠎ᠠ ᠶᠢᠨ ᠨᠡᠷ᠎ᠡ ᠪᠠᠷ ᠨᠢᠭᠡᠳᠦᠯᠲᠡᠶ ᠬᠠᠤᠯᠢ  ᠬᠡᠷᠡᠭᠵᠢᠭᠦᠯᠵᠦ᠂ ᠪᠦᠬᠦ ᠬᠤᠲᠠ ᠶᠢᠨ ᠰᠣᠶᠣᠯ᠂ ᠰᠣᠨᠢᠨ ᠮᠡᠳᠡᠭᠡ ᠬᠡᠪᠯᠡᠯ ᠵᠡᠷᠭᠡ ᠲᠠᠯ᠎ᠠ ᠶᠢᠨ ᠡᠯ᠎ᠡ ᠲᠥᠷᠥᠯ ᠤᠨ ᠬᠡᠷᠡᠭ ᠤᠨ ᠵᠠᠰᠠᠭ ᠵᠠᠬᠢᠷᠭᠠᠨ ᠤ  ᠰᠢᠢᠳᠭᠡᠯ ᠵᠢᠴᠢ ᠵᠠᠰᠠᠭ ᠵᠠᠬᠢᠷᠭᠠᠨ ᠤ ᠰᠢᠢᠳᠭᠡᠯ ᠲᠠᠢ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃    4᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠠᠮᠢᠶ᠎ᠠ ᠪᠦᠬᠦᠢ ᠠᠵᠢᠯ ᠤᠨ ᠡᠭᠦᠷᠭᠡ ᠶᠢ ᠡᠭᠦᠷᠭᠡᠯᠡᠨ᠎ᠡ    5᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃     ᠳᠣᠲᠣᠭᠠᠳᠤ ᠪᠠᠶᠢᠭᠤᠯᠤᠮᠵᠢ    1. ᠶᠡᠷᠦᠩᠬᠡᠶᠢᠯᠡᠭᠰᠡᠨ ᠠᠯᠪᠠᠨ ᠬᠡᠷ᠃ ᠨᠢᠭᠡᠴᠡ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠺᠠᠳ᠋ᠷ ᠠᠵᠢᠯᠳᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠶᠠᠪᠤᠳᠠᠯ᠂ ᠬᠤᠷᠠᠯ ᠤᠨ ᠶᠠᠪᠤᠳᠠᠯ᠂ ᠰᠡᠭᠦᠯᠴᠢ ᠶᠢᠨ ᠬᠤᠭᠤᠴᠠᠭᠠᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃ ᠲᠣᠭᠠᠴᠢᠯᠠᠭᠰᠠᠨ ᠰᠣᠶᠣᠯ ᠤᠨ ᠣᠷᠳᠣᠨ ᠤ ᠬᠡᠷᠡᠭᠯᠡᠯᠲᠡ ᠳᠡᠯᠭᠡᠷᠡᠭᠦᠯᠦᠯᠲᠡ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃      2. ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠤᠨ ᠠᠯᠪᠠᠨ ᠬᠡᠷ᠃ ᠵᠠᠰᠠᠭ ᠵᠠᠬᠢᠷᠭᠠᠨ ᠤ ᠬᠡᠷᠡᠭ ᠢ ᠠᠩᠬ᠎ᠠ ᠬᠢᠨᠠᠬᠤ᠂ ᠳᠠᠩᠰᠠ ᠡᠪᠬᠡᠮᠡᠯ ᠳᠤ ᠣᠷᠣᠭᠤᠯᠬᠤ ᠪᠠ ᠳᠡᠭᠡᠭᠰᠢ ᠮᠡᠳᠡᠭᠦᠯᠵᠦ ᠳᠠᠩᠰᠠᠯᠠᠭᠤᠯᠬᠤ ᠠᠵᠢᠯ ᠢ ᠬᠠᠷᠢᠭᠤᠴᠠᠨ᠎ᠠ  ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮ ᠤᠨ ᠦᠨᠡᠮᠯᠡᠯ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠵᠠᠰᠠᠭ ᠵᠠᠬᠢᠷᠭᠠᠨ ᠤ  ᠰᠢᠢᠳᠭᠡᠯ ᠲᠣᠷᠭᠠᠭᠤᠯᠢ ᠶᠢᠨ ᠬᠡᠷᠡᠭ ᠤᠨ ᠲᠣᠭᠠᠴᠢᠨ ᠲᠣᠳᠣᠷᠬᠠᠶᠢᠯᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠵᠠᠷᠭᠤ ᠬᠢᠬᠦ᠂ ᠬᠠᠤᠯᠢ ᠪᠠᠷᠢᠬᠤ ᠶᠢ ᠵᠣᠯᠭᠠᠭᠤᠯᠬᠤ ᠵᠡᠷᠭᠡ ᠠᠵᠢᠯ ᠢ ᠪᠡᠶᠡᠯᠡᠭᠦᠯᠦᠨ᠎ᠡ᠃ ᠰᠣᠶᠣᠯ ᠤᠨ ᠵᠠᠬ᠎ᠠ ᠳᠡᠯᠭᠡᠭᠦᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠡᠷᠡᠭ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ  ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠪᠥᠬᠦ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠮᠡᠷᠭᠡᠵᠢᠯ ᠤᠨ ᠬᠢᠨᠠᠯᠲᠠ ᠲᠠᠯᠪᠢᠯᠲᠠ ᠪᠠ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ᠂ ᠡᠳᠦᠷ ᠲᠤᠲᠤᠮ ᠤᠨ ᠬᠠᠮᠢᠶᠠᠷᠤᠯᠲᠠ ᠶᠢᠨ ᠬᠡᠷᠡᠭᠯᠡᠯᠲᠡ ᠵᠡᠷᠭᠡ ᠠᠵᠢᠯ ᠢ ᠬᠠᠷᠢᠭᠤᠴᠠᠨ᠎ᠠ᠃ ᠰᠣᠶᠣᠯ᠂ ᠲᠡᠤᠬᠡ ᠶᠢᠨ ᠳᠤᠷᠠᠰᠬᠠᠯᠲᠤ  ᠵᠦᠢᠯᠡᠰ᠂ ᠬᠡᠪᠯᠡᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ᠂ ᠺᠢᠨᠣ᠋ ᠵᠡᠷᠭᠡ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠶᠢᠨ ᠬᠠᠤᠯᠢ ᠲᠦᠭᠡᠮᠡᠯᠵᠢᠭᠦᠯᠬᠦ᠂ ᠤᠬᠠᠭᠤᠯᠬᠤ ᠪᠠ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃    3. ᠬᠠᠤᠯᠢ ᠬᠡᠷᠡᠭᠵᠢᠭᠦᠯᠬᠦ ᠨᠢᠭᠡᠳᠦᠭᠡᠷ ᠳᠤᠮᠳᠠ ᠠᠩᠭᠢ᠃ ᠬᠤᠳᠠ ᠶᠢᠨ ᠵᠡᠭᠦᠨ ᠬᠡᠰᠡᠭ ᠵᠢᠴᠢ  ᠬᠠᠳᠣ ᠭᠤᠣᠯ ᠪᠠᠯᠭᠠᠰᠤ᠂ ᠴᠠᠢ ᠾᠧ ᠪᠠᠯᠭᠠᠰᠤ᠂ ᠬᠤᠤ  ᠷᠣᠣ ᠱᠠᠨ ᠪᠠᠯᠭᠠᠰᠤᠨ ᠤ ᠰᠣᠶᠣᠯ᠂ ᠲᠡᠦᠬᠡ ᠶᠢᠨ ᠳᠤᠷᠠᠰᠬᠠᠯᠲᠤ ᠵᠦᠢᠯᠡᠰ᠂ ᠬᠡᠪᠯᠡᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ᠂ ᠺᠢᠨᠣ᠋ ᠵᠡᠷᠭᠡ ᠵᠠᠬ᠎ᠠ ᠳᠡᠯᠭᠡᠭᠦᠷ ᠤᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠬᠠᠷᠢᠶᠠᠯᠠᠬᠤ ᠣᠷᠣᠨ ᠪᠦᠰᠡ ᠶᠢᠨ ᠳᠣᠲᠣᠷᠠᠬᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠷᠢᠶᠠᠯᠠᠬᠤ ᠣᠷᠣᠨ ᠤ ᠪᠠᠨ ᠳᠣᠲᠣᠷᠠᠬᠢ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠡᠭᠦᠷᠭᠡᠯᠡᠨ᠎ᠡ᠃     4. ᠬᠠᠤᠯᠢ ᠬᠡᠷᠡᠭᠵᠢᠭᠦᠯᠬᠦ ᠬᠤᠶᠠᠳᠤᠭᠠᠷ ᠳᠤᠮᠳᠠ ᠠᠩᠭᠢ᠃ ᠬᠤᠲᠠ ᠶᠢᠨ ᠡᠮᠦᠨ᠎ᠡ ᠬᠡᠰᠡᠭ ᠵᠢᠴᠢ ᠮᠥᠭᠦᠴᠢ ᠪᠠᠯᠭᠠᠰᠤ᠂ ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ᠂ ᠸᠠ ᠳ᠋ᠢ ᠰᠢᠶᠠᠩ ᠤᠨ ᠰᠣᠶᠣᠯ᠂ ᠲᠡᠤᠬᠡ ᠶᠢᠨ ᠳᠤᠷᠠᠰᠬᠠᠯᠲᠤ  ᠵᠦᠢᠯᠡᠰ᠂ ᠬᠡᠪᠯᠡᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ᠂ ᠺᠢᠨᠣ᠋ ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠪᠠᠶᠢᠴᠠᠭᠠᠨ  ᠰᠢᠢᠳᠪᠦᠷᠢᠯᠡᠬᠦ ᠶᠢ ᠬᠠᠷᠢᠭᠤᠴᠠᠨ᠎ᠠ  ᠃  ᠬᠠᠷᠢᠶᠠᠯᠠᠬᠤ ᠣᠷᠣᠨ ᠪᠦᠰᠡ ᠶᠢᠨ ᠳᠣᠲᠣᠷᠠᠬᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠷᠢᠶᠠᠯᠠᠬᠤ ᠣᠷᠣᠨ ᠤ ᠪᠠᠨ ᠳᠣᠲᠣᠷᠠᠬᠢ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠡᠭᠦᠷᠭᠡᠯᠡᠨ᠎ᠡ᠃     5. ᠬᠠᠤᠯᠢ ᠬᠡᠷᠡᠭᠵᠢᠭᠦᠯᠬᠦ ᠭᠤᠷᠪᠠᠳᠤᠭᠠᠷ ᠳᠤᠮᠳᠠ ᠠᠩᠭᠢ᠃ ᠬᠤᠲᠠ ᠶᠢᠨ ᠪᠠᠷᠠᠭᠤᠨ ᠬᠡᠰᠡᠭ ᠵᠢᠴᠢ ᠴᠢᠩᠭᠢᠰ ᠬᠠᠭᠠᠨ ᠪᠠᠯᠭᠠᠰᠤ᠂ ᠳ᠋ᠠ ᠾᠧ ᠸᠠᠨ ᠪᠠᠯᠭᠠᠰᠤ᠂ ᠳᠠᠭᠤᠷ ᠦᠨᠳᠦᠰᠦᠲᠡᠨ ᠤ ᠰᠢᠶᠠᠩ ᠤᠨ ᠰᠣᠶᠣᠯ᠂ ᠲᠡᠤᠬᠡ ᠶᠢᠨ ᠳᠤᠷᠠᠰᠬᠠᠯᠲᠤ  ᠵᠦᠢᠯᠡᠰ᠂ ᠬᠡᠪᠯᠡᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ᠂ ᠺᠢᠨᠣ᠋ ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠪᠠᠶᠢᠴᠠᠭᠠᠨ  ᠰᠢᠢᠳᠪᠦᠷᠢᠯᠡᠬᠦ ᠶᠢ ᠬᠠᠷᠢᠭᠤᠴᠠᠨ᠎ᠠ᠃ ᠬᠠᠷᠢᠶᠠᠯᠠᠬᠤ ᠣᠷᠣᠨ ᠪᠦᠰᠡ ᠶᠢᠨ ᠳᠣᠲᠣᠷᠠᠬᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠷᠢᠶᠠᠯᠠᠬᠤ ᠣᠷᠣᠨ ᠤ ᠪᠠᠨ ᠳᠣᠲᠣᠷᠠᠬᠢ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠡᠭᠦᠷᠭᠡᠯᠡᠨ᠎ᠡ᠃     6. ᠬᠠᠤᠯᠢ ᠬᠡᠷᠡᠭᠵᠢᠭᠦᠯᠬᠦ ᠳᠥᠷᠪᠡᠳᠦᠭᠡᠷ ᠳᠤᠮᠳᠠ ᠠᠩᠭᠢ᠃ ᠬᠤᠲᠠ ᠶᠢᠨ ᠬᠤᠶᠢᠲᠤ ᠬᠡᠰᠡᠭ ᠵᠢᠴᠢ  ᠸᠧ ᠨᠢᠤ ᠾᠧ ᠪᠠᠯᠭᠠᠰᠤ᠂ ᠵᠥᠩ ᠾᠧ ᠪᠠᠯᠭᠠᠰᠤ᠂  ᠨᠠᠨᠮᠦ ᠣᠷᠴᠣᠨ  ᠦᠨᠳᠦᠰᠦᠲᠡᠨ ᠤ ᠰᠢᠶᠠᠩ ᠤᠨ ᠰᠣᠶᠣᠯ᠂ ᠲᠡᠤᠬᠡ ᠶᠢᠨ ᠳᠤᠷᠠᠰᠬᠠᠯᠲᠤ  ᠵᠦᠢᠯᠡᠰ᠂ ᠬᠡᠪᠯᠡᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠲᠧᠯᠸᠢᠰ ᠂ ᠺᠢᠨᠣ᠋ ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠪᠠᠶᠢᠴᠠᠭᠠᠨ  ᠰᠢᠢᠳᠪᠦᠷᠢᠯᠡᠬᠦ ᠶᠢ ᠬᠠᠷᠢᠭᠤᠴᠠᠨ᠎ᠠ  ᠃ ᠬᠠᠷᠢᠶᠠᠯᠠᠬᠤ ᠣᠷᠣᠨ ᠪᠦᠰᠡ ᠶᠢᠨ ᠳᠣᠲᠣᠷᠠᠬᠢ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ  ᠃ ᠬᠠᠷᠢᠶᠠᠯᠠᠬᠤ ᠣᠷᠣᠨ ᠤ ᠪᠠᠨ ᠳᠣᠲᠣᠷᠠᠬᠢ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠬᠤᠯᠪᠣᠭᠳᠠᠯ ᠪᠦᠬᠦᠢ ᠠᠵᠢᠯ ᠤᠨ ᠡᠭᠦᠷᠭᠡ ᠶᠢ ᠡᠭᠦᠷᠭᠡᠯᠡᠨ᠎ᠡ᠃     ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠱᠧᠩ ᠯᠢ ᠵᠠᠮ ᠤᠨ 3 ᠳ᠋ᠤᠭᠠᠷ ᠨᠣᠮᠧᠷ    ᠰᠢᠦᠳᠠᠨ ᠳ᠋ᠤᠭᠠᠷ᠄ 162650    ᠠᠵᠢᠯ ᠤᠨ ᠤᠲᠠᠰᠤ᠄ 0470 — 3216228    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠵᠠᠩ ᠶᠤᠸᠠᠨ ᠢ    ︵ᠬᠤᠶᠠᠷ︶ ᠵᠠᠯᠠᠨ ᠠᠶᠢᠯ ᠬᠤᠲᠠ ᠶᠢᠨ ᠨᠣᠮ ᠤᠨ ᠰᠠᠩ ᠪᠣᠯ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ᠂ ᠵᠢᠩᠬᠢᠨᠢ  ᠰᠠᠯᠠᠭᠠᠨ  ᠲᠠᠰ ᠤᠨ ᠠᠵᠢᠯ  ᠦᠢᠯᠡᠰ ᠤᠨ ᠨᠢᠭᠡᠴᠡ ᠪᠣᠯᠤᠨ᠎ᠠ᠃      ᠭᠤᠣᠯ ᠡᠭᠦᠷᠭᠡ ᠬᠠᠷᠢᠭᠤᠴᠠᠯᠭ᠎ᠠ     1 . ᠨᠣᠮ ᠪᠢᠴᠢᠭ ᠵᠡᠷᠭᠡ ᠰᠤᠷᠪᠤᠯᠵᠢ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠤᠪᠢᠶᠠᠨ ᠨᠠᠶᠢᠷᠠᠭᠤᠯᠬᠤ᠂ ᠬᠠᠳᠠᠭᠠᠯᠠᠬᠤ᠂ ᠳᠡᠭᠡᠭᠰᠢ ᠲᠤᠰᠢᠶᠠᠬᠤ᠂ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃    2. ᠨᠡᠶᠢᠭᠡᠮ ᠨᠡᠶᠢᠲᠡ ᠳᠤ ᠬᠠᠨᠳᠤᠭᠤᠯᠤᠨ  ᠰᠦᠢᠳᠭᠡᠯ ᠬᠤᠷᠢᠶᠠᠬᠤ ᠥᠬᠡᠶ ᠪᠠᠷ ᠨᠡᠭᠡᠭᠡᠬᠦ᠂ ᠨᠣᠮ ᠪᠢᠴᠢᠭ ᠵᠢᠭᠡᠯᠡᠨ ᠤᠩᠰᠢᠬᠤ᠂ ᠯᠠᠪᠯᠠᠯᠲᠠ ᠶᠢᠨ ᠯᠠᠪᠯᠠᠯᠲᠠ ᠬᠠᠩᠭᠠᠬᠤ᠂ ᠨᠣᠮ ᠪᠢᠴᠢᠭ ᠨᠢᠭᠤᠴᠠ ᠮᠡᠳᠡᠭᠡ ᠮᠡᠳᠡᠭᠡ ᠵᠠᠩᠭᠢ ᠬᠠᠩᠭᠠᠬᠤ ᠵᠡᠷᠭᠡ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    3. ᠰᠢᠪᠲᠤᠯᠤᠨ ᠣᠷᠣᠬᠤ ᠨᠣᠮ ᠤᠨ ᠰᠠᠩ ᠤᠨ ᠣᠶᠤᠨᠴᠢᠯᠠᠭᠰᠠᠨ ᠪᠠᠶᠢᠭᠤᠯᠤᠯᠲᠠ᠂ ᠲᠣᠭᠠᠴᠢᠯᠠᠭᠰᠠᠨ ᠰᠣᠶᠣᠯ ᠤᠨ ᠡᠬᠢ ᠪᠠᠶᠠᠯᠢᠭ ᠤᠨ ᠪᠠᠶᠢᠭᠤᠯᠤᠯᠲᠠ ᠪᠠ  ᠦᠢᠯᠡᠴᠢᠯᠡᠭᠡ ᠵᠡᠷᠭᠡ ᠠᠵᠢᠯ ᠢ ᠡᠭᠦᠷᠭᠡᠯᠡᠨ᠎ᠡ᠃    4. ᠪᠥᠬᠦ ᠠᠷᠠᠳ ᠤᠨ ᠨᠣᠮ ᠤᠩᠰᠢᠬᠤ ᠶᠢ ᠠᠬᠢᠭᠤᠯᠬᠤ᠂ ᠬᠥᠲᠥᠯᠦᠨ ᠵᠢᠯᠣᠭᠤᠳᠬᠤ᠂  ᠦᠢᠯᠡᠴᠢᠯᠡᠬᠦ ᠶᠢ ᠬᠠᠷᠢᠭᠤᠴᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠠᠶᠢᠯᠤᠮᠵᠢ᠂ ᠤᠩᠰᠢᠯᠭ᠎ᠠ ᠳᠡᠯᠭᠡᠷᠡᠭᠦᠯᠦᠯᠲᠡ᠂ ᠪᠣᠯᠪᠠᠰᠤᠷᠠᠭᠤᠯᠤᠯ᠂ ᠦᠵᠡᠭᠦᠯᠦᠯᠭᠡ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ  ᠃ ᠨᠣᠮ  ᠤᠨ ᠰᠠᠩ  ᠤᠨ ᠬᠤᠪᠢᠳᠠᠨ ᠬᠠᠮᠢᠶᠠᠷᠬᠤ ᠪᠠ ᠨᠣᠮ ᠪᠢᠴᠢᠭ  ᠤᠨ ᠨᠡᠭᠦᠳᠡᠯ ᠦᠷᠳᠡᠭᠡ ︵ ᠴᠡᠭ︶ ᠲᠤ ᠮᠡᠷᠭᠡᠵᠢᠯ  ᠤᠨ ᠵᠢᠯᠤᠭᠤᠳᠤᠯᠭ᠎ᠠ ᠪᠠ ᠦᠢᠯᠡᠴᠢᠯᠡᠭᠡ ᠬᠠᠩᠭᠠᠬᠤ ᠵᠡᠷᠭᠡ ᠠᠵᠢᠯ  ᠢ ᠡᠭᠦᠷᠭᠡᠯᠡᠨ᠎ᠡ᠃    5. ᠣᠷᠣᠨ ᠨᠤᠲᠤᠭ ᠤᠨ ᠲᠤᠯᠭᠤᠷ ᠪᠢᠴᠢᠭ᠂ ᠦᠨᠳᠦᠰᠦᠲᠡᠨ ᠤ ᠲᠤᠯᠭᠤᠷ ᠪᠢᠴᠢᠭ ᠵᠡᠷᠭᠡ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠨ ᠠᠰᠢᠭᠯᠠᠬᠤ ᠵᠡᠷᠭᠡ ᠠᠵᠢᠯ ᠢ ᠥᠷᠨᠢᠭᠦᠯᠦᠨ᠎ᠡ᠃    6᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ   ᠲᠦᠪ ᠠᠴᠠ ᠬᠤᠶᠢᠨᠠᠬᠢ ᠵᠠᠮ ᠤᠨ 77 ᠳ᠋ᠤᠭᠠᠷ ᠨᠣᠮᠧᠷ    ᠰᠢᠦᠳᠠᠨ ᠳ᠋ᠤᠭᠠᠷ᠄ 162650    ᠠᠵᠢᠯ ᠤᠨ ᠤᠲᠠᠰᠤ᠄ 0470 — 3203449    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶     ᠬᠠᠷᠢᠭᠤᠴᠠᠯᠭᠠᠲᠠᠨ᠄ ᠢᠦᠢ ᠴᠦᠨ ᠮᠧᠢ     ︵ᠭᠤᠷᠪᠠ︶ ᠵᠠᠯᠠᠨ ᠠᠶᠢᠯ ᠬᠤᠲᠠ ᠶᠢᠨ ᠰᠣᠶᠣᠯ ᠤᠨ ᠣᠷᠳᠣᠨ ᠪᠣᠯ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ᠂ ᠳᠡᠳ᠋ ᠰᠠᠯᠠᠭᠠᠨ ᠤ ᠲᠠᠰ ᠤᠨ ᠠᠵᠢᠯ  ᠦᠢᠯᠡᠰ ᠤᠨ ᠨᠢᠭᠡᠴᠡ ᠮᠥᠨ᠃     ᠭᠤᠣᠯ ᠡᠭᠦᠷᠭᠡ ᠬᠠᠷᠢᠭᠤᠴᠠᠯᠭ᠎ᠠ      1᠂ ᠤᠳᠤᠷᠢᠳᠤᠮᠵᠢ ᠶᠢᠨ ᠴᠢᠨᠠᠷᠲᠠᠢ᠂ ᠲᠥᠯᠥᠭᠡᠯᠡᠬᠦ ᠴᠢᠨᠠᠷᠲᠠᠢ᠂  ᠵᠢᠱᠢᠶ᠎ᠡ ᠦᠵᠡᠭᠦᠯᠬᠦ ᠴᠢᠨᠠᠷᠲᠠᠢ ᠤᠯᠠᠨ ᠲᠦᠮᠡᠨ ᠤ ᠰᠣᠶᠣᠯ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠶᠢ ᠬᠠᠷᠢᠭᠤᠴᠠᠨ᠎ᠠ᠃ ᠰᠣᠶᠣᠯ ᠤᠷᠠᠯᠢᠭ ᠤᠨ ᠮᠡᠳᠡᠯᠭᠡ ᠶᠢ ᠤᠬᠠᠭᠤᠯᠬᠤ᠂ ᠬᠥᠮᠦᠵᠢᠭᠦᠯᠬᠦ ᠪᠠ ᠲᠦᠭᠡᠮᠡᠯᠵᠢᠭᠦᠯᠬᠦ ᠠᠵᠢᠯ ᠢ ᠬᠠᠷᠢᠭᠤᠴᠠᠨ᠎ᠠ᠃      2. ᠤᠷᠠᠯᠢᠭ ᠤᠨ ᠳᠠᠩᠰᠠ ᠡᠪᠬᠡᠮᠡᠯ᠂ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠳᠠᠭᠠᠯᠠᠨ ᠬᠠᠮᠢᠶᠠᠷᠬᠤ ᠪᠠ ᠨᠡᠭᠡᠭᠡᠨ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃    3. ᠪᠦᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠦᠨ᠎ᠡ᠃    4. ᠪᠦᠬᠦ ᠬᠤᠲᠠ ᠶᠢᠨ ᠤᠷᠠᠨ ᠵᠢᠷᠤᠭ᠂ ᠤᠷᠠᠨ ᠪᠢᠴᠢᠯᠭᠡ᠂ ᠭᠡᠷᠡᠯ ᠵᠢᠷᠤᠭ ᠤᠨ ᠦᠵᠡᠭᠦᠯᠦᠯᠭᠡ ᠵᠡᠷᠭᠡ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃    5᠂ ᠲᠣᠭᠠᠴᠢᠯᠠᠭᠰᠠᠨ ᠰᠣᠶᠣᠯ ᠰᠣᠶᠣᠯ ᠤᠨ ᠣᠷᠳᠣᠨ ᠤ ᠬᠡᠷᠡᠭᠯᠡᠯᠲᠡ ᠳᠡᠯᠭᠡᠷᠡᠭᠦᠯᠦᠯᠲᠡ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    6. ᠡᠷᠬᠢᠯᠡᠨ ᠬᠠᠮᠢᠶᠠᠷᠬᠤ ᠨᠢᠭᠡᠴᠢ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠡᠭᠦᠷᠭᠡᠯᠡᠨ᠎ᠡ᠃         ᠳᠣᠲᠣᠭᠠᠳᠤ ᠪᠠᠶᠢᠭᠤᠯᠤᠮᠵᠢ    1. ᠶᠡᠷᠦᠩᠬᠡᠶᠢᠯᠡᠭᠰᠡᠨ ᠠᠯᠪᠠᠨ ᠬᠡᠷ᠃ ᠨᠢᠭᠡᠴᠡ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠺᠠᠳ᠋ᠷ ᠠᠵᠢᠯᠳᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠶᠠᠪᠤᠳᠠᠯ᠂ ᠬᠤᠷᠠᠯ ᠤᠨ ᠶᠠᠪᠤᠳᠠᠯ᠂ ᠰᠡᠭᠦᠯᠴᠢ ᠶᠢᠨ ᠬᠤᠭᠤᠴᠠᠭᠠᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ  ᠃ ᠲᠣᠭᠠᠴᠢᠯᠠᠭᠰᠠᠨ ᠰᠣᠶᠣᠯ ᠤᠨ ᠣᠷᠳᠣᠨ ᠤ ᠬᠡᠷᠡᠭᠯᠡᠯᠲᠡ ᠳᠡᠯᠭᠡᠷᠡᠭᠦᠯᠦᠯᠲᠡ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    2. ᠤᠳᠬ᠎ᠠ ᠤᠷᠠᠯᠢᠭ ᠤᠷᠠᠨ ᠵᠢᠷᠤᠭ ᠤᠨ ᠬᠠᠪᠰᠤᠷᠤᠨ ᠵᠢᠯᠣᠭᠤᠳᠬᠤ ᠬᠡᠯᠲᠡᠰ᠃ ᠪᠦᠬᠦ ᠬᠤᠳᠠ ᠶᠢᠨ ᠤᠯᠠᠨ ᠲᠦᠮᠡᠨ ᠤ ᠰᠣᠶᠣᠯ ᠤᠷᠠᠯᠢᠭ ᠤᠨ ᠠᠵᠢᠯᠯᠠᠭ᠎ᠠ ᠶᠢᠨ ᠬᠠᠪᠰᠤᠷᠤᠨ ᠵᠢᠯᠣᠭᠤᠳᠬᠤ ᠠᠵᠢᠯ ᠢ ᠡᠭᠦᠷᠭᠡᠯᠡᠨ᠎ᠡ᠃ ᠪᠦᠬᠦ ᠬᠤᠳᠠ ᠶᠢᠨ ᠤᠷᠠᠨ ᠵᠢᠷᠤᠭ᠂ ᠤᠷᠠᠨ ᠪᠢᠴᠢᠯᠭᠡ᠂ ᠭᠡᠷᠡᠯ ᠵᠢᠷᠤᠭ ᠤᠨ ᠦᠵᠡᠰᠬᠦᠯᠡᠩ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠯᠠᠨ ᠲᠦᠮᠡᠨ ᠤ ᠰᠣᠶᠣᠯ ᠤᠨ ᠺᠠᠳ᠋ᠷ ᠪᠣᠯᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠪᠣᠯᠪᠠᠰᠤᠷᠠᠭᠤᠯᠬᠤ ᠠᠵᠢᠯ ᠢ ᠬᠠᠷᠢᠭᠤᠴᠠᠨ᠎ᠠ᠃    3. ᠵᠣᠬᠢᠶᠠᠨ ᠪᠦᠲᠦᠭᠡᠯᠭᠡ ᠶᠢᠨ ᠪᠠᠶᠢᠴᠠᠭᠠᠨ ᠰᠤᠳᠤᠯᠤᠯᠲᠠ ᠶᠢᠨ ᠬᠠᠪᠰᠤᠷᠤᠨ ᠵᠢᠯᠣᠭᠤᠳᠬᠤ ᠬᠡᠯᠲᠡᠰ᠃ ᠤᠷᠠᠯᠢᠭ ᠤᠨ ᠳᠠᠩᠰᠠ ᠡᠪᠬᠡᠮᠡᠯ᠂ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠳᠠᠭᠠᠯᠠᠨ ᠬᠠᠮᠢᠶᠠᠷᠬᠤ ᠪᠠ ᠨᠡᠭᠡᠭᠡᠨ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃ ᠪᠦᠬᠦ ᠬᠤᠳᠠ ᠶᠢᠨ ᠪᠣᠳᠠᠰ ᠤᠨ ᠪᠤᠰᠤ ᠰᠣᠶᠣᠯ ᠤᠨ ᠥᠪ ᠢ ᠨᠡᠶᠢᠳᠡᠮ ᠪᠠᠶᠢᠴᠠᠭᠠᠬᠤ ᠠᠵᠢᠯ ᠢ ᠥᠷᠨᠢᠭᠦᠯᠪᠡ᠃    ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ  ᠪᠦᠲᠠᠬ᠎ᠠ ᠵᠠᠮ ᠤᠨ 74  ᠳ᠋ᠦ᠋ᠭᠡᠷ ᠨᠣᠮᠧᠷ    ᠰᠢᠦᠳᠠᠨ ᠳ᠋ᠤᠭᠠᠷ᠄ 162650    ᠠᠵᠢᠯ ᠤᠨ ᠤᠲᠠᠰᠤ᠄ 0470 — 3205276    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠯᠢ ᠵᠢᠩ  ︵ᠳᠥᠷᠪᠡ︶ ᠵᠠᠯᠠᠨ ᠠᠶᠢᠯ ᠤᠨ ᠮᠦᠽᠧᠶ ︵ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠶᠢᠨ ᠭᠠᠵᠠᠷ︶ ᠨᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ᠂ ᠵᠢᠩᠬᠢᠨᠢ  ᠰᠠᠯᠠᠭᠠᠨ ᠲᠠᠰ ᠤᠨ ᠠᠵᠢᠯ  ᠦᠢᠯᠡᠰ ᠤᠨ ᠨᠢᠭᠡᠴᠡ ᠪᠣᠯᠤᠨ᠎ᠠ᠃     ᠭᠤᠣᠯ ᠡᠭᠦᠷᠭᠡ ᠬᠠᠷᠢᠭᠤᠴᠠᠯᠭ᠎ᠠ    1. ᠪᠥᠬᠦ ᠬᠤᠲᠠ ᠶᠢᠨ ᠰᠣᠶᠣᠯ ᠦᠵᠡᠰᠬᠦᠯᠡᠩ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠬᠠᠮᠵᠢᠨ ᠲᠣᠭᠲᠠᠭᠠᠨ᠎ᠠ᠃    2. ᠪᠦᠬᠦ ᠬᠤᠳᠠ ᠶᠢᠨ ᠬᠡᠪᠴᠢᠶᠡᠨ ᠳᠠᠬᠢ ᠡᠯ᠎ᠡ ᠱᠠᠲᠤᠨ ᠤ ᠡᠯ᠎ᠡ ᠲᠦᠷᠦᠯ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠵᠢᠴᠢ ᠴᠢᠬᠤᠯᠠ ᠥᠪ ᠬᠦᠷᠦᠩᠭᠡ ᠶᠢ ᠬᠠᠮᠢᠶᠠᠷᠴᠤ ᠬᠠᠮᠠᠭᠠᠯᠠᠬᠤ᠂ ᠵᠠᠰᠠᠵᠤ ᠰᠡᠯᠪᠢᠬᠦ ᠵᠡᠷᠭᠡ ᠠᠵᠢᠯ ᠢ ᠡᠭᠦᠷᠭᠡᠯᠡᠨ᠎ᠡ᠃ ᠪᠦᠬᠦ ᠬᠤᠳᠠ ᠶᠢᠨ ᠰᠣᠶᠣᠯ ᠪᠡᠶ᠎ᠡ ᠶᠢᠨ ᠲᠠᠮᠢᠷ ᠤᠨ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠠᠪᠤᠷᠠᠯᠳᠠ ᠶᠢᠨ ᠴᠢᠨᠠᠷᠲᠠᠶ ᠨᠡᠭᠡᠭᠡᠨ ᠮᠠᠯᠲᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠪᠡ᠃    3. ᠮᠦᠽᠧᠶ ᠶᠢ ᠳᠡᠯᠭᠡᠨ ᠦᠵᠡᠭᠦᠯᠬᠦ᠂  ᠲᠡᠦᠬᠡ ᠶᠢᠨ ᠳᠤᠷᠠᠰᠬᠠᠯᠲᠤ ᠵᠦᠢᠯ ᠤᠨ ᠬᠠᠳᠠᠭᠠᠯᠠᠮᠵᠢ ᠶᠢᠨ ᠵᠦᠢᠯ ᠢ ᠴᠤᠭᠯᠠᠭᠤᠯᠬᠤ᠂ ᠬᠠᠮᠢᠶᠠᠷᠬᠤ᠂ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠠᠷ ᠬᠠᠮᠠᠭᠠᠯᠠᠬᠤ᠂ ᠵᠠᠰᠠᠨ ᠰᠡᠷᠭᠦᠭᠡᠬᠦ ᠵᠡᠷᠭᠡ ᠠᠵᠢᠯ ᠢ ᠡᠭᠦᠷᠭᠡᠯᠡᠨ᠎ᠡ  ᠃ ᠮᠦᠽᠧᠶ ᠶᠢ  ᠰᠦᠢᠳᠭᠡᠯ ᠬᠤᠷᠢᠶᠠᠬᠤ ᠥᠬᠡᠶ ᠪᠠᠷ ᠨᠡᠭᠡᠭᠡᠬᠦ᠂ ᠲᠣᠭᠤᠷᠢᠨ ᠦᠵᠡᠵᠦ ᠭᠥᠯᠢᠶᠡᠨ ᠠᠪᠬᠤ᠂ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯ ᠢ ᠡᠭᠦᠷᠭᠡᠯᠡᠨ᠎ᠡ᠃    4. ᠵᠠᠯᠠᠨ ᠠᠶᠢᠯ ᠤᠨ ᠲᠡᠤᠬᠡ᠂ ᠰᠣᠶᠣᠯ ᠵᠢᠴᠢ ᠨᠣᠮ ᠤᠨ ᠰᠠᠩ ᠪᠠ ᠮᠦᠽᠧᠶ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ  ᠵᠦᠢᠯᠡᠰ ᠤᠨ ᠰᠤᠳᠤᠯᠭᠠᠨ ᠪᠠ ᠬᠠᠮᠢᠶ᠎ᠠ ᠪᠥᠬᠦᠶ ᠡᠷᠳᠡᠮ ᠰᠢᠨᠵᠢᠯᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃    5᠂ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠤ ᠨᠡᠭᠡᠭᠡᠨ ᠬᠥᠭᠵᠢᠭᠦᠯᠦᠯᠲᠡ ᠶᠢ ᠥᠷᠨᠢᠭᠦᠯᠵᠦ᠂ ᠰᠣᠶᠣᠯ ᠤᠨ ᠪᠦᠲᠦᠭᠡᠭᠳᠡᠬᠦᠨ ᠤ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃    6᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠥᠷᠲᠡᠭᠡᠨ ᠡᠮᠦᠨᠡᠬᠢ ᠵᠡᠭᠡᠯᠢ ᠶᠢᠨ ᠲᠡᠤᠬᠡ ᠶᠢᠨ ᠳᠤᠷᠠᠰᠬᠠᠯᠲᠤ  ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠭᠠᠵᠠᠷ    ᠰᠢᠦᠳᠠᠨ ᠳ᠋ᠤᠭᠠᠷ᠄ 162650    ᠠᠵᠢᠯ ᠤᠨ ᠤᠲᠠᠰᠤ᠄ 0470 — 3215115    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠼᠦᠢ ᠳ᠋ᠦᠩ  ᠪᠦᠸᠧ     ︵ᠲᠠᠪᠤ︶ ᠤᠯᠠᠭᠠᠨᠮᠥ᠋ᠴᠢᠷ ᠪᠣᠯ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ᠂ ᠳᠡᠳ᠋ ᠰᠠᠯᠠᠭ᠎ᠠ ᠶᠢᠨ ᠲᠠᠰ ᠤᠨ ᠠᠵᠢᠯ  ᠦᠢᠯᠡᠰ ᠤᠨ ᠨᠢᠭᠡᠴᠡ ᠪᠣᠯᠤᠨ᠎ᠠ᠃     ᠭᠤᠣᠯ ᠡᠭᠦᠷᠭᠡ ᠬᠠᠷᠢᠭᠤᠴᠠᠯᠭ᠎ᠠ    1. ᠳᠠᠭᠤᠤ ᠪᠥᠵᠢᠭ᠂ ᠶᠠᠷᠢᠶᠠᠲᠤ ᠵᠦᠴᠦᠭᠡ᠂ ᠳᠠᠭᠤᠤ ᠬᠥᠭᠵᠢᠮ ᠵᠡᠷᠭᠡ ᠤᠳᠬ᠎ᠠ ᠤᠷᠠᠯᠢᠭ ᠤᠨ ᠵᠣᠬᠢᠶᠠᠨ ᠪᠦᠲᠦᠭᠡᠯ᠂ ᠲᠣᠭᠯᠠᠯᠲᠠ ᠵᠢᠴᠢ ᠳᠡᠯᠭᠡᠷᠡᠭᠦᠯᠬᠦ ᠠᠵᠢᠯ ᠢ ᠡᠭᠦᠷᠭᠡᠯᠡᠨ᠎ᠡ᠃    2. ᠳᠠᠭᠤᠤ ᠪᠥᠵᠢᠭ᠂ ᠳᠠᠭᠤᠤ ᠬᠥᠭᠵᠢᠮ ᠤᠨ ᠤᠷᠠᠯᠢᠭ ᠢ ᠡᠮᠬᠢᠳᠬᠡᠬᠦ᠂ ᠤᠯᠠᠮᠵᠢᠯᠠᠬᠤ᠂ ᠬᠠᠮᠠᠭᠠᠯᠠᠬᠤ᠂ ᠰᠤᠳᠤᠯᠬᠤ᠂ ᠰᠣᠯᠢᠯᠴᠠᠬᠤ᠂ ᠴᠢᠳᠠᠪᠤᠷᠢᠲᠠᠨ ᠢ ᠪᠣᠯᠪᠠᠰᠤᠷᠠᠭᠤᠯᠬᠤ ᠵᠡᠷᠭᠡ ᠠᠵᠢᠯ ᠢ ᠡᠭᠦᠷᠭᠡᠯᠡᠨ᠎ᠡ᠃    3. ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠭᠠᠷᠭᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠶᠡᠷᠦᠩᠬᠡᠶᠢᠯᠡᠭᠰᠡᠨ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠦᠨ᠎ᠡ᠃    4. ᠤᠯᠠᠨ ᠲᠦᠮᠡᠨ ᠤ ᠠᠵᠢᠯ ᠤᠨ ᠴᠢᠯᠥᠭᠡᠨ ᠤ ᠤᠷᠠᠨ ᠰᠠᠶᠢᠬᠠᠨ ᠤ ᠲᠣᠭᠯᠠᠯᠲᠠ ᠪᠠ ᠵᠣᠬᠢᠶᠠᠨ ᠪᠦᠲᠦᠭᠡᠬᠦ ᠠᠵᠢᠯᠯᠠᠭ᠎ᠠ ᠶᠢ ᠬᠠᠪᠰᠤᠷᠤᠨ ᠵᠢᠯᠣᠭᠤᠳᠴᠤ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠭᠤᠣᠯᠯᠠᠭᠴᠢ ᠬᠦᠴᠦᠨ ᠢ ᠬᠥᠮᠦᠵᠢᠭᠦᠯᠦᠨ᠎ᠡ᠃    5. ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠡᠯ᠎ᠡ ᠵᠦᠢᠯ ᠤᠨ ᠴᠢᠬᠤᠯᠠ ᠶᠡᠭᠡ ᠤᠳᠬ᠎ᠠ ᠤᠷᠠᠯᠢᠭ ᠤᠨ ᠠᠵᠢᠯᠯᠠᠭ᠎ᠠ ᠶᠢ ᠳᠠᠭᠠᠭᠠᠨ ᠡᠷᠬᠢᠯᠡᠨ᠎ᠠ᠃    6᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃    ᠳᠣᠲᠣᠭᠠᠳᠤ ᠪᠠᠶᠢᠭᠤᠯᠤᠮᠵᠢ    ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠃ ᠨᠢᠭᠡᠴᠡ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠶᠠᠪᠤᠳᠠᠯ᠂ ᠬᠤᠷᠠᠯ ᠤᠨ ᠶᠠᠪᠤᠳᠠᠯ᠂ ᠰᠡᠭᠦᠯᠴᠢ ᠶᠢᠨ ᠬᠤᠭᠤᠴᠠᠭᠠᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃    ︵ᠬᠤᠶᠠᠷ︶ ᠲᠠᠭᠤᠨ ᠤ ᠪᠠᠭᠠᠵᠢ ᠬᠥᠭᠵᠢᠮ ᠤᠨ ᠠᠩᠭᠢ᠃ ᠳᠠᠭᠤᠯᠠᠬᠤᠶ ᠪᠠ ᠬᠦᠭᠵᠢᠮᠳᠡᠬᠦᠷ ᠤᠨ ᠵᠣᠬᠢᠶᠠᠨ ᠪᠦᠲᠦᠭᠡᠯᠭᠡ᠂ ᠨᠠᠶᠢᠷᠠᠭᠤᠯᠤᠯᠲᠠ ᠶᠢ ᠡᠭᠦᠷᠭᠡᠯᠡᠵᠦ᠂ ᠳᠠᠭᠤᠯᠠᠬᠤᠶ ᠪᠠ ᠬᠦᠭᠵᠢᠮᠳᠡᠬᠦᠷ ᠤᠨ ᠲᠣᠭᠯᠠᠯᠲᠠ ᠶᠢᠨ ᠠᠵᠢᠯ ᠢ ᠬᠠᠷᠢᠭᠤᠴᠠᠨ᠎ᠠ᠃    ︵ᠭᠤᠷᠪᠠ︶ ᠪᠥᠵᠢᠭ ᠤᠨ ᠠᠩᠭᠢ᠃ ᠪᠥᠵᠢᠭ ᠤᠨ ᠵᠣᠬᠢᠶᠠᠨ ᠪᠦᠲᠦᠭᠡᠯᠭᠡ᠂ ᠨᠠᠶᠢᠷᠠᠭᠤᠯᠤᠯᠲᠠ ᠶᠢ ᠡᠭᠦᠷᠭᠡᠯᠡᠵᠦ᠂ ᠪᠥᠵᠢᠭ ᠤᠨ ᠲᠣᠭᠯᠠᠯᠲᠠ ᠶᠢᠨ ᠠᠵᠢᠯ ᠢ ᠬᠠᠷᠢᠭᠤᠴᠠᠨ᠎ᠠ᠃    ︵ᠳᠥᠷᠪᠡ︶ ᠪᠥᠵᠢᠭ ᠤᠨ ᠠᠩᠭᠢ᠃ ᠪᠥᠵᠢᠭ ᠤᠨ ᠭᠤᠸ᠎ᠠ ᠰᠠᠶᠢᠬᠠᠨ ᠤ ᠪᠠᠭᠠᠵᠢ ᠬᠡᠷᠡᠭᠰᠡᠯ ᠢ ᠵᠢᠷᠤᠵᠤ ᠲᠥᠯᠥᠪᠯᠡᠬᠦ᠂  ᠦᠢᠯᠡᠳᠬᠦ ᠵᠢᠴᠢ ᠬᠤᠪᠴᠠᠰᠤ ᠬᠤᠨᠠᠷ ᠢ ᠬᠠᠮᠢᠶᠠᠷᠬᠤ ᠪᠠ ᠳ᠋ᠧᠩ ᠤᠨ ᠬᠡᠷᠡᠯ ᠬᠦᠡᠭᠬᠢᠨᠡᠬᠦᠷ᠂ LED ᠳᠡᠯᠭᠡᠴᠡ ᠶᠢ ᠵᠢᠷᠤᠵᠤ ᠲᠥᠯᠥᠪᠯᠡᠬᠦ᠂ ᠲᠤᠷᠰᠢᠨ ᠲᠣᠬᠢᠷᠠᠭᠤᠯᠬᠤ ᠵᠡᠷᠭᠡ ᠮᠡᠷᠭᠡᠵᠢᠯ ᠤᠨ  ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃    ︵ᠲᠠᠪᠤ︶ ᠲᠠᠭᠤᠷᠢᠯᠢᠭ ᠰᠢ ᠲᠠᠭᠤᠤᠷᠢᠯᠢᠬ ᠤᠨ ᠠᠩᠭᠢ᠃ ᠱᠤᠭ ᠵᠦᠴᠦᠭᠡ᠂ ᠴᠠᠷᠭᠢᠯ ᠰᠢ ᠵᠡᠷᠭᠡ ᠤᠷᠠᠨ ᠰᠠᠶᠢᠬᠠᠨ ᠤ ᠲᠣᠭᠯᠠᠯᠲᠠ ᠶᠢ ᠵᠣᠬᠢᠶᠠᠨ ᠪᠦᠲᠦᠭᠡᠬᠦ᠂ ᠨᠠᠶᠢᠷᠠᠭᠤᠯᠤᠨ ᠵᠢᠭᠰᠠᠭᠠᠬᠤ᠂ ᠤᠯᠠᠮᠵᠢᠯᠠᠨ ᠵᠠᠯᠭᠠᠮᠵᠢᠯᠠᠬᠤ᠂ ᠠᠭᠤᠳᠠᠯᠬᠤ ᠶᠢ ᠬᠠᠷᠢᠭᠤᠴᠠᠨ᠎ᠠ᠃  ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠵᠠᠰᠠᠭ ᠤᠨ ᠶᠠᠪᠤᠳᠠᠯ ᠤᠨ 2 ᠳ᠋ᠤᠭᠠᠷ ᠵᠡᠭᠡᠯᠢ ᠶᠢᠨ 8 ᠳ᠋ᠤᠭᠠᠷ ᠨᠣᠮᠧᠷ    ᠰᠢᠦᠳᠠᠨ ᠳ᠋ᠤᠭᠠᠷ᠄ 162650    ᠠᠵᠢᠯ ᠤᠨ ᠤᠲᠠᠰᠤ᠄ 0470 — 3217606    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠬᠤᠤ ᠮᠢᠩ ᠹᠸᠢ    ︵ᠵᠢᠷᠭᠤᠭ᠎ᠠ︶ ᠵᠠᠯᠠᠨ ᠠᠶᠢᠯ ᠬᠤᠲᠠ ᠶᠢᠨ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ ︵ᠥᠪᠥᠷ ᠮᠣᠩᠭᠤᠯ ᠤᠨ ᠵᠠᠯᠠᠨ ᠠᠶᠢᠯ ᠤᠨ U ᠬᠡᠯᠪᠡᠷᠢ ᠶᠢᠨ ᠲᠠᠯᠠᠪᠤᠷ ᠤᠨ ᠴᠠᠰᠤᠨ ᠳᠤ ᠭᠤᠯᠭᠤᠬᠤ ᠠᠩᠭᠢ︶ ᠨᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ᠂ ᠳᠡᠳ᠋ ᠰᠠᠯᠠᠭ᠎ᠠ ᠶᠢᠨ ᠲᠠᠰ ᠤᠨ ᠠᠵᠢᠯ  ᠦᠢᠯᠡᠰ ᠤᠨ ᠨᠢᠭᠡᠴᠡ ᠪᠣᠯᠤᠨ᠎ᠠ᠃     ᠭᠤᠣᠯ ᠡᠭᠦᠷᠭᠡ ᠬᠠᠷᠢᠭᠤᠴᠠᠯᠭ᠎ᠠ     1. ᠪᠥᠬᠦ ᠬᠤᠲᠠ ᠶᠢᠨ ᠵᠠᠯᠠᠭᠤᠴᠤᠳ ᠪᠠᠭᠠᠴᠤᠳ᠂ ᠬᠡᠤᠬᠡᠳ ᠵᠡᠷᠭᠡ ᠳᠤ ᠬᠠᠨᠳᠤᠭᠤᠯᠤᠨ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠥᠷᠥᠯ  ᠵᠦᠢᠯ ᠤᠨ ᠪᠣᠯᠪᠠᠰᠤᠷᠠᠭᠤᠯᠤᠯ ᠪᠠ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠵᠠᠯᠠᠨ ᠠᠶᠢᠯ ᠬᠤᠲᠠ ᠶᠢ ᠲᠥᠯᠥᠭᠡᠯᠡᠨ ᠠᠩᠭᠢ ᠵᠣᠬᠢᠶᠠᠨ ᠪᠠᠶᠢᠭᠤᠯᠵᠤ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠤᠰᠬᠠᠶ ᠲᠥᠷᠥᠯ ᠤᠨ ᠤᠷᠤᠯᠳᠤᠭᠠᠨ ᠤ ᠤᠷᠤᠯᠳᠤᠭᠠᠨ ᠳᠤ ᠣᠷᠣᠯᠴᠠᠨ᠎ᠠ᠃      2᠂ ᠥᠪᠥᠷ ᠮᠣᠩᠭᠤᠯ ᠤᠨ ᠵᠠᠯᠠᠨ ᠠᠶᠢᠯ ᠤᠨ U ᠬᠡᠯᠪᠡᠷᠢ ᠶᠢᠨ ᠴᠠᠰᠤᠨ ᠳᠤ ᠭᠤᠯᠭᠤᠬᠤ ᠠᠩᠭᠢ ᠶᠢᠨ ᠲᠠᠮᠢᠷᠴᠢᠨ ᠢ ᠰᠢᠯᠢᠨ ᠰᠣᠩᠭᠤᠬᠤ᠂ ᠬᠥᠮᠦᠵᠢᠭᠦᠯᠬᠦ᠂ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠲᠥᠯᠥᠭᠡᠯᠡᠨ ᠠᠩᠭᠢ ᠵᠣᠬᠢᠶᠠᠨ ᠪᠠᠶᠢᠭᠤᠯᠵᠤ ᠪᠥᠬᠦ ᠤᠯᠤᠰ ᠤᠨ ᠴᠠᠰᠤᠨ ᠳᠤ ᠭᠤᠯᠭᠤᠬᠤ ᠤᠷᠤᠯᠳᠤᠭᠠᠨ ᠤ ᠠᠵᠢᠯ ᠳᠤ  ᠣᠷᠣᠯᠴᠠᠨ᠎ᠠ᠃    3. ᠪᠥᠬᠦ ᠬᠤᠲᠠ ᠶᠢᠨ ᠠᠷᠠᠳ ᠢᠷᠭᠡᠳ ᠤᠨ ᠪᠡᠶ᠎ᠡ ᠮᠠᠬᠠᠪᠣᠳ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃    4. ᠪᠡᠶ᠎ᠡ ᠶᠢᠨ ᠲᠠᠮᠢᠷ ᠤᠨ ᠲᠠᠯᠠᠪᠠᠶ᠂ ᠪᠥᠬᠦ ᠠᠷᠠᠳ ᠤᠨ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠣᠷᠳᠣᠨ ᠵᠡᠷᠭᠡ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠠᠮᠢᠶᠠᠷᠤᠯᠲᠠ  ᠦᠢᠯᠡᠴᠢᠯᠡᠭᠡᠨ ᠤ ᠠᠵᠢᠯ ᠢ  ᠡᠭᠦᠷᠭᠡᠯᠡᠨ᠎ᠡ᠃    5᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃     ᠳᠣᠲᠣᠭᠠᠳᠤ ᠪᠠᠶᠢᠭᠤᠯᠤᠮᠵᠢ     ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠃ ᠨᠢᠭᠡᠴᠡ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠮᠡᠳᠡᠭᠡ ᠵᠠᠩᠭᠢ ᠶᠢᠨ ᠤᠬᠠᠭᠤᠯᠭ᠎ᠠ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠺᠠᠳ᠋ᠷ ᠠᠵᠢᠯᠳᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠶᠠᠪᠤᠳᠠᠯ᠂ ᠬᠤᠷᠠᠯ ᠤᠨ ᠶᠠᠪᠤᠳᠠᠯ᠂ ᠰᠡᠭᠦᠯᠴᠢ ᠶᠢᠨ ᠬᠤᠭᠤᠴᠠᠭᠠᠨ ᠤ ᠪᠠᠲᠤᠯᠠᠭ᠎ᠠ ᠵᠡᠷᠭᠡ ᠵᠠᠰᠠᠭ ᠤᠨ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ  ᠃ ᠲᠣᠭᠠᠴᠢᠯᠠᠭᠰᠠᠨ ᠰᠣᠶᠣᠯ ᠤᠨ ᠣᠷᠳᠣᠨ ᠤ ᠬᠡᠷᠡᠭᠯᠡᠯᠲᠡ ᠳᠡᠯᠭᠡᠷᠡᠭᠦᠯᠦᠯᠲᠡ ᠶᠢᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    ︵ᠬᠤᠶᠠᠷ︶ ᠥᠷᠢᠰᠥᠯᠳᠦᠨ ᠪᠣᠯᠪᠠᠰᠤᠷᠠᠭᠤᠯᠬᠤ ᠠᠯᠪᠠᠨ ᠬᠡᠷ᠃ ᠠᠵᠤ ᠠᠬᠤᠶ ᠶᠢᠨ ᠪᠣᠯᠪᠠᠰᠤᠷᠠᠯ ᠤᠨ ᠡᠳᠦᠷ ᠲᠤᠳᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠣᠯᠪᠠᠰᠤᠷᠠᠯ ᠤᠨ ᠲᠥᠯᠥᠪᠯᠡᠭᠡ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠵᠢᠯᠣᠭᠤᠳᠤᠨ᠎ᠠ  ᠃  ᠡᠯ᠎ᠡ ᠱᠠᠲᠤᠨ ᠤ ᠡᠯ᠎ᠡ ᠲᠦᠷᠦᠯ ᠤᠨ ᠤᠷᠤᠯᠳᠤᠭᠠᠨ ᠢ ᠵᠣᠬᠢᠶᠠᠨ ᠪᠠᠶᠢᠭᠤᠯᠵᠤ  ᠣᠷᠣᠯᠴᠠᠨ᠎ᠠ᠃    ︵ᠭᠤᠷᠪᠠ︶ ᠶᠡᠷᠦᠩᠬᠡᠶ ᠶᠠᠪᠤᠳᠠᠯ ᠤᠨ ᠠᠯᠪᠠᠨ ᠬᠡᠷ᠃ ᠨᠢᠭᠡᠴᠡ ᠵᠢᠴᠢ ᠲᠠᠮᠢᠷ ᠤᠨ ᠲᠠᠯᠠᠪᠤᠷ ᠣᠷᠳᠣᠨ ᠤ ᠶᠡᠷᠦᠩᠬᠡᠶ ᠶᠠᠪᠤᠳᠠᠯ ᠤᠨ ᠠᠷᠤ ᠲᠠᠯ᠎ᠠ ᠶᠢᠨ ᠠᠵᠢᠯ ᠢ ᠬᠠᠷᠢᠭᠤᠴᠠᠨ᠎ᠠ  ᠃  ᠪᠣᠯᠪᠠᠰᠤᠷᠠᠯ ᠤᠨ ᠲᠠᠯᠠᠪᠠᠶ ᠶᠢᠨ ᠲᠥᠬᠦᠭᠡᠷᠦᠮᠵᠢ ᠪᠠᠭᠠᠵᠢ ᠬᠡᠷᠡᠭᠰᠡᠯ ᠤᠨ ᠬᠠᠮᠢᠶᠠᠷᠤᠯᠲᠠ ᠵᠢᠴᠢ ᠡᠳᠦᠷ ᠲᠤᠲᠤᠮ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ  ᠃ ᠪᠦᠬᠦ ᠬᠤᠲᠠ ᠶᠢᠨ ᠨᠠᠰᠤᠨ ᠳᠤ ᠭᠦᠷᠦᠭᠰᠡᠳ ᠤᠨ ᠪᠡᠶ᠎ᠡ ᠮᠠᠬᠠᠪᠣᠳ ᠤᠨ ᠰᠢᠯᠭᠠᠯᠲᠠ ᠶᠢᠨ ᠠᠵᠢᠯ ᠢ ᠬᠠᠷᠢᠭᠤᠴᠠᠵᠤ᠂ ᠡᠯ᠎ᠡ ᠵᠦᠢᠯ ᠤᠨ ᠪᠡᠶ᠎ᠡ ᠮᠠᠬᠠᠪᠣᠳ ᠤᠨ ᠰᠢᠯᠭᠠᠯᠲᠠ ᠶᠢᠨ ᠲᠤᠭ᠎ᠠ ᠪᠠᠷᠢᠮᠲᠠ ᠶᠢ ᠪᠦᠷᠢᠳᠬᠡᠨ ᠵᠠᠳᠠᠯᠵᠤ ᠳᠡᠭᠡᠭᠰᠢ ᠮᠡᠳᠡᠭᠦᠯᠦᠨ᠎ᠡ᠃    ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠮᠢᠩ ᠶᠤᠸᠠᠢ ᠵᠡᠭᠡᠯᠢ ᠶᠢᠨ ᠪᠡᠶ᠎ᠡ ᠶᠢᠨ ᠲᠠᠮᠢᠷ ᠤᠨ ᠲᠠᠯᠠᠪᠠᠶ    ᠰᠢᠦᠳᠠᠨ ᠳ᠋ᠤᠭᠠᠷ᠄ 162650    ᠠᠵᠢᠯ ᠤᠨ ᠤᠲᠠᠰᠤ᠄ 0470 — 3260012    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠸᠠᠩ ᠶᠠᠨ ᠯᠢᠩ    ︵ᠳᠣᠯᠤᠭ᠎ᠠ︶ ᠵᠠᠯᠠᠨ ᠠᠶᠢᠯ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠲᠥᠪ ᠪᠣᠯ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ᠂ ᠵᠢᠩᠬᠢᠨᠢ  ᠰᠠᠯᠠᠭᠠᠨ ᠲᠠᠰ ᠤᠨ ᠠᠵᠢᠯ ᠦᠢᠯᠡᠰ ᠤᠨ ᠨᠢᠭᠡᠴᠡ ᠪᠣᠯᠤᠨ᠎ᠠ᠃    ᠭᠤᠣᠯ ᠡᠭᠦᠷᠭᠡ ᠬᠠᠷᠢᠭᠤᠴᠠᠯᠭ᠎ᠠ     1. ᠪᠥᠬᠦ ᠬᠤᠲᠠ ᠶᠢᠨ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ  ᠵᠦᠢᠯ ᠪᠠ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠵᠣᠬᠢᠴᠠᠭᠤᠯᠤᠨ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃     2. ᠪᠥᠬᠦ ᠬᠤᠲᠠ ᠶᠢᠨ ᠵᠢᠭᠤᠯᠴᠢᠯᠠᠯ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠷᠥᠯ  ᠵᠦᠢᠯ ᠪᠠ ᠲᠠᠸᠠᠷ ᠤᠨ ᠨᠡᠭᠡᠭᠡᠨ ᠬᠥᠭᠵᠢᠭᠦᠯᠦᠯᠲᠡ᠂ ᠵᠢᠷᠤᠭ ᠲᠥᠯᠥᠪᠯᠡᠭᠡ ᠵᠡᠷᠭᠡ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃     3. ᠪᠥᠬᠦ ᠬᠤᠲᠠ ᠶᠢᠨ ᠵᠢᠭᠤᠯᠴᠢᠯᠠᠯ ᠤᠨ ᠠᠵᠢᠯ ᠲᠥᠷᠥᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠡᠮᠬᠢᠯᠡᠬᠦ᠂ ᠵᠠᠳᠠᠯᠬᠤ ᠪᠠ ᠰᠤᠳᠤᠯᠬᠤ ᠠᠵᠢᠯ ᠢ ᠡᠭᠦᠷᠭᠡᠯᠡᠨ᠎ᠡ᠃     4. ᠬᠠᠮᠢᠶ᠎ᠠ ᠪᠥᠬᠦᠶ ᠨᠢᠭᠡᠴᠡ ᠶᠢ ᠬᠠᠮᠵᠢᠨ ᠡᠯ᠎ᠡ ᠲᠥᠷᠥᠯ ᠤᠨ ᠵᠢᠭᠤᠯᠴᠢᠯᠠᠯ ᠤᠨ ᠤᠬᠠᠭᠤᠯᠭ᠎ᠠ᠂ ᠳᠡᠯᠭᠡᠷᠡᠭᠦᠯᠦᠯᠲᠡ᠂ ᠦᠵᠡᠭᠦᠯᠦᠯᠭᠡ ᠶᠢᠨ ᠴᠤᠭᠯᠠᠭᠠᠨ᠂ ᠶᠠᠷᠢᠯᠴᠠᠭᠠᠨ ᠤ ᠲᠠᠪᠴᠠᠩ᠂ ᠰᠠᠶᠢᠨ ᠳᠤᠷ᠎ᠠ ᠶᠢᠨ  ᠦᠢᠯᠡᠴᠢᠯᠡᠭᠡ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    5. ᠪᠥᠬᠦ ᠬᠤᠲᠠ ᠶᠢᠨ ᠵᠢᠭᠤᠯᠴᠢᠯᠠᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠵᠡᠷᠭᠡ ᠠᠵᠢᠯ ᠢ ᠡᠭᠦᠷᠭᠡᠯᠡᠨ᠎ᠡ᠃    6. ᠵᠢᠭᠤᠯᠴᠢᠯᠠᠯ ᠤᠨ ᠵᠥᠪᠯᠡᠯᠭᠡ ᠥᠭᠬᠦ  ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃    ᠬᠠᠷᠢᠯᠴᠠᠬᠤ ᠬᠠᠶ᠋ᠢᠭ᠄ ᠵᠠᠯᠠᠨ ᠠᠶᠢᠯ ᠬᠤᠲᠠ ᠶᠢᠨ ᠱᠢ ᠴᠢᠶᠣᠤ ᠵᠡᠭᠡᠯᠢ ᠶᠢᠨ ᠱᠧᠩ ᠯᠢ ᠵᠠᠮ ᠤᠨ ᠭᠤᠷᠪᠠᠳᠤᠭᠠᠷ ᠨᠣᠮᠧᠷ    ᠰᠢᠦᠳᠠᠨ ᠳ᠋ᠤᠭᠠᠷ᠄ 162650    ᠠᠵᠢᠯ ᠤᠨ ᠤᠲᠠᠰᠤ᠄ 0470 — 3204891    ᠠᠵᠢᠯᠯᠠᠬᠤ ᠴᠠᠭ᠄ 9᠄ 00 — 12᠄ 00᠂ 14᠄ 00 — 17᠄ 00 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶    ᠬᠠᠷᠢᠭᠤᠴᠠᠯᠭᠠᠲᠠᠨ᠄ ᠸᠠᠩ ᠮᠢᠩ ᡁᠢ        
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ