2021 ᠣᠨ ᠤ 9 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ ︵ᠨᠢᠭᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2021/10/20
          1      ᠤ ᠡᠳᠦᠷ ᠵᠠᠯᠠᠨ ᠠᠶᠢᠯ ᠬᠤᠳᠠ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠠᠢ᠃ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠬᠤ ᠬᠡᠷᠡᠭᠵᠢᠭᠦᠯᠬᠦ ᠲᠥᠰᠦᠯ ᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠠᠵᠤ  ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠠᠬᠢᠭᠤᠯᠬᠤ ᠲᠤᠷᠰᠢᠯᠲᠠ ᠶᠢᠨ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠳᠠᠷᠤᠭ᠎ᠠ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶ ᠴᠦᠨ ᠬᠤᠷᠠᠯ ᠳᠤ ᠣᠷᠣᠯᠴᠠᠪᠠ᠃       3      ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶ᠋᠊ᠵᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠢᠶᠠᠩ ᠵᠢᠶᠦ᠋ᠨ ᠶᠦᠩ ᠵᠥᠩ  ᠾᠧ ᠪᠠᠯᠭᠠᠰᠤᠨ ᠤ ᠬᠤᠩ ᠰᠢᠩ ᠲᠣᠰᠬᠤᠨ᠂ ᠵᠢᠶᠠ ᠽᠢ ᠱᠠᠨ ᠲᠣᠰᠬᠤᠨ ᠵᠡᠷᠭᠡ ᠬᠡᠰᠡᠭ ᠲᠣᠰᠬᠤᠨ ᠤ ᠳᠤᠭᠤᠶᠢᠯᠠᠩ ᠳᠤ ᠬᠦᠷᠴᠦ ᠸᠠᠺᠼᠢᠨ ᠤ ᠲᠠᠷᠢᠯᠭ᠎ᠠ ᠶᠢᠨ ᠠᠵᠢᠯ ᠢ ᠬᠢᠨᠠᠨ ᠵᠢᠯᠣᠭᠤᠳᠴᠤ᠂ ᠲᠤᠬᠠᠶ ᠶᠢᠨ ᠲᠠᠯᠠᠪᠤᠷ ᠲᠤ ᠸᠠᠺᠼᠢᠨ ᠤ ᠲᠠᠷᠢᠯᠭ᠎ᠠ᠂ ᠳᠡᠩᠰᠡᠯᠡᠯᠲᠡ ᠶᠢᠨ ᠡᠬᠡ ᠲᠠᠩᠰᠠ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠪᠡ᠃      7      ᠤ ᠡᠳᠦᠷ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠢᠤᠢ ᠾᠧ ᠵᠥᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠬᠤᠲᠠ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠳᠤ ᠬᠦᠷᠴᠦ᠂ ᠥᠪᠥᠷ ᠮᠣᠩᠭᠤᠯ ᠤᠨ ᠵᠡᠭᠦᠨ ᠬᠡᠰᠡᠭ ᠤᠨ ᠮᠠᠯ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ᠂ ᠴᠠᠩ ᠵᠧᠩ ᠤᠮᠳᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠠᠵᠤ ᠠᠬᠤᠶᠢᠯᠠᠯ ᠤᠨ ᠬᠡᠪᠴᠢᠶ᠎ᠡ᠂ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠰᠡᠳᠬᠢᠴᠡ ᠵᠡᠷᠭᠡ ᠪᠠᠶᠢᠳᠠᠯ ᠢ ᠤᠶᠢᠯᠠᠭᠠᠨ᠂ ᠮᠥᠩᠭᠦᠨ  ᠭᠦᠢᠯᠭᠡᠭᠡᠨ ᠤ  ᠦᠢᠯᠡᠴᠢᠯᠡᠭᠡᠨ ᠤ  ᠰᠢᠰᠲ᠋ᠧᠮ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ ᠪᠠᠶᠢᠬᠤ᠂ ᠡᠷᠡᠭᠦᠯ ᠪᠤᠰᠤ ᠵᠢᠭᠡᠯᠡᠯᠭᠡ ᠶᠢᠨ ᠪᠠᠶᠢᠳᠠᠯ᠂ ᠭᠤᠤᠯᠳᠠᠯᠭ᠎ᠠ ᠲᠠᠢ ᠲᠥᠷᠥᠯ  ᠵᠦᠢᠯ ᠤᠨ ᠪᠠᠯᠠ ᠲᠣᠬᠢᠷᠠᠭᠤᠯᠭ᠎ᠠ ᠵᠡᠷᠭᠡ ᠠᠰᠠᠭᠤᠳᠠᠯ ᠳᠤ ᠰᠠᠨᠠᠯ ᠰᠠᠨᠠᠭᠤᠯᠭ᠎ᠠ  ᠳᠣᠷᠠᠳᠴᠠᠢ᠃      ᠵᠠᠯᠠᠨ ᠠᠶᠢᠯ ᠬᠤᠳᠠ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠤᠨ ᠬᠤᠷᠠᠯ ᠬᠤᠷᠠᠯᠳᠤᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠭᠠᠩ ᠬᠤᠷᠠᠯ ᠳᠤ ᠣᠷᠣᠯᠴᠠᠪᠠ᠃      8      ᠤ ᠡᠳᠦᠷ ᠵᠠᠯᠠᠨ ᠠᠶᠢᠯ ᠬᠤᠳᠠ ᠶᠢᠨ ᠶᠢᠰᠦᠳᠦᠭᠡᠷ ᠬᠤᠭᠤᠴᠠᠭᠠᠨ ᠤ ᠬᠤᠳᠠ ᠶᠢᠨ ᠨᠠᠮ ᠤᠨ  ᠬᠤᠷᠢᠶ᠎ᠠ ᠶᠢᠨ ᠪᠠᠶᠢᠩᠭᠤ ᠶᠢᠨ  ᠬᠤᠷᠢᠶ᠎ᠠ ᠶᠢᠨ ᠬᠤᠶᠠᠳᠤᠭᠠᠷ  ᠣᠳᠠᠭᠠᠨ ᠤ ᠬᠤᠷᠠᠯ ᠬᠤᠷᠠᠯᠳᠣᠵᠣ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠢ ᠡᠷᠭᠢᠯᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯᠭᠦᠶ  ᠦᠢᠯᠡᠳᠪᠦᠷᠢᠯᠡᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠤᠤᠯ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号