︵ᠬᠤᠶᠠᠳᠣᠭᠠᠷ ᠬᠤᠭᠤᠴᠠᠭ᠎ᠠ︶ 2021ᠣᠨ ᠤ 9 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2021/10/21
      9      ᠤ ᠡᠳᠦᠷ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠦ ᠶᠠᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠢᠦᠶ ᠫᠢᠩ ᠵᠡᠷᠭᠡ ᠬᠤᠲᠠ ᠶᠢᠨ ᠳᠥᠷᠪᠡᠨ ᠶᠡᠭᠡ ᠪᠠᠭ ᠤᠨ ᠤᠳᠤᠷᠢᠳᠤᠯᠭ᠎ᠠ᠂  ᠪᠠᠭᠰᠢ ᠨᠠᠷ ᠤᠨ ᠲᠥᠯᠥᠭᠡᠯᠡᠭᠴᠢᠳ ᠢ ᠪᠣᠯᠭᠤᠭᠠᠨ ᠲᠣᠬᠤᠨᠢᠭᠤᠯᠵᠤ᠂ ᠪᠠᠭᠰᠢ᠂ ᠰᠤᠷᠭᠠᠨ ᠬᠥᠮᠦᠵᠢᠯ ᠤᠨ ᠠᠵᠢᠯᠲᠠᠨ ᠪᠣᠯᠤᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠪᠠᠭᠰᠢ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃      10      ᠤ ᠡᠳᠦᠷ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠢ ᠭᠦᠸᠧ ᠳ᠋ᠦᠩ ᠱᠦᠵᠢ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠲᠥᠷᠥᠯ  ᠵᠦᠢᠯ ᠤᠨ ᠪᠤᠯᠢᠶᠠᠯᠳᠤᠨ ᠭᠦᠶᠦᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠳᠤ ᠬᠦᠷᠴᠦ ᠲᠥᠷᠥᠯ  ᠵᠦᠢᠯ ᠤᠨ ᠲᠠᠯ᠎ᠠ ᠪᠠᠷ ᠪᠤᠯᠢᠶᠠᠯᠳᠤᠨ ᠭᠦᠶᠦᠬᠦ ᠶᠠᠪᠤᠳᠠᠯ ᠢ ᠳᠣᠭᠢᠷᠠᠭᠤᠯᠤᠨ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠸᠠᠩ ᠪᠥᠸᠧ᠂ ᠰᠦᠨ ᠰᠢᠤ ᠹᠸᠢ᠂ ᠵᠢᠶᠠᠩ ᠵᠢᠶᠦ᠋ᠨ ᠶᠦᠩ᠂ ᠯᠦ ᠶᠠ ᠭᠤᠸᠠᠩ ᠬᠤᠷᠠᠯ ᠳᠤ ᠣᠷᠣᠯᠴᠠᠪᠠ᠃      ᠵᠠᠯᠠᠨ ᠠᠶᠢᠯ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠬᠤᠷᠠᠯ ᠡᠷᠭᠢᠯᠡᠵᠦ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠶᠠᠨ ᠯᠢᠩ ᠬᠤᠷᠠᠯ ᠳᠤ ᠣᠷᠣᠯᠴᠠᠵᠤ᠂ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     12      ᠤᠨ ᠡᠳᠦᠷ ᠵᠠᠯᠠᠨ ᠠᠶᠢᠯ ᠬᠤᠲᠠ ᠶᠢᠨ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠣᠭᠢᠷᠠᠭᠤᠯᠬᠤ ᠬᠤᠷᠠᠯ ᠬᠤᠷᠠᠯᠳᠤᠵᠤ᠂ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠲᠤ ᠵᠠᠳᠠᠯᠤᠯᠲᠠ ᠬᠢᠵᠦ ᠰᠤᠳᠤᠯᠤᠨ ᠮᠠᠭᠠᠳᠯᠠᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠡᠦ ᠴᠧᠨ ᠳ᠋ᠦᠩ ᠬᠤᠷᠠᠯ ᠳᠤ ᠣᠷᠣᠯᠴᠠᠪᠠ᠃     13      ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠢᠶᠠᠩ ᠵᠢᠶᠦ᠋ᠨ ᠶᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠦ ᠭᠦᠸᠧ ᠬᠤᠸᠠ ᠬᠤᠲᠠ ᠶᠢᠨ ᠬᠠᠮ ᠵᠠᠭᠤᠴᠢᠯᠠᠭᠤᠷ ᠤᠨ ᠲᠥᠪ ᠲᠤ ᠬᠦᠷᠴᠦ᠂ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠢᠵᠦ᠂ ︽ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠤᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ︾ ᠲᠤᠬᠠᠶ ᠬᠠᠮ ᠵᠠᠭᠤᠴᠢᠯᠠᠭᠤᠷ ᠤᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ᠂ ᠵᠠᠩᠭᠢᠯᠠᠭ᠎ᠠ ᠶᠢᠨ ᠺᠠᠳ᠋ᠷ᠂ ᠰᠣᠷᠪᠣᠯᠵᠢᠯᠠᠭᠴᠢᠳ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃     14      ᠤ ᠡᠳᠦᠷ ᠵᠠᠯᠠᠨ ᠠᠶᠢᠯ ᠬᠤᠲᠠ ᠶᠢᠨ 2021 ᠣᠨ ᠤ ᠰᠠᠯᠠᠭᠠᠨ ᠲᠠᠰ ᠤᠨ ᠤᠳᠤᠷᠢᠳᠬᠤ ᠺᠠᠳ᠋ᠷᠴᠤᠳ ᠤᠨ ᠲᠤᠰᠢᠶᠠᠯ ᠡᠭᠦᠷᠭᠡᠯᠡᠬᠦ ᠪᠣᠯᠪᠠᠰᠤᠷᠠᠯ ᠤᠨ ᠠᠩᠭᠢ ᠵᠢᠴᠢ 2021 ᠣᠨ ᠤ ᠠᠩᠬᠠᠳᠤᠭᠠᠷ ᠬᠤᠭᠤᠴᠠᠭᠠᠨ ᠤ ᠺᠠᠳ᠋ᠷᠴᠤᠳ ᠤᠨ ᠬᠢᠴᠢᠶᠡᠯ ᠤᠨ ᠲᠠᠩᠬᠢᠮ ᠤᠨ ᠬᠢᠴᠢᠶᠡᠯ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠨ ᡁᠢ ᠭᠠᠩ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠥᠯᠥᠨ ᠪᠤᠶᠢᠷ ᠬᠤᠳᠠ ᠶᠢᠨ ᠨᠠᠮ ᠤᠨ  ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠬᠥᠯᠥᠨ ᠪᠤᠶᠢᠷ ᠬᠤᠳᠠ ᠶᠢᠨ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠨᠠᠶᠢᠷᠠᠭᠤᠯᠤᠭᠴᠢ ᠳ᠋ᠦ᠋ ᠴᠦᠨ ᠫᠧᠩ ᠢ ᠤᠷᠢᠨ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠵᠦ᠂ ᠪᠦᠬᠦ ᠬᠤᠳᠠ ᠶᠢᠨ 700 ᠭᠠᠷᠤᠢ ᠨᠠᠮ ᠤᠨ ᠭᠡᠰᠢᠭᠦᠨ ᠺᠠᠳ᠋ᠷ ᠢ ᠪᠣᠯᠪᠠᠰᠤᠷᠠᠯ ᠳᠤ ᠣᠷᠣᠯᠴᠠᠭᠤᠯᠵᠠᠢ᠃     ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ᠂ ᠬᠤᠲᠠ ᠶᠢᠨ ᠲᠠᠩᠰᠠ ᠡᠪᠬᠡᠮᠡᠯ ᠤᠨ ᠲᠣᠪᠴᠢᠶ᠎ᠠ ᠶᠢᠨ ᠳᠠᠷᠤᠭ᠎ᠠ ᠵᠢᠶᠠᠩ ᠵᠢᠶᠦ᠋ᠨ ᠶᠦᠩ ᠬᠤᠲᠠ ᠶᠢᠨ ᠲᠠᠩᠰᠠ ᠡᠪᠬᠡᠮᠡᠯ ᠤᠨ ᠲᠡᠤᠬᠡ ᠣᠶᠢᠯᠠᠯᠭ᠎ᠠ ᠶᠢᠨ ᠣᠷᠳᠣᠨ ᠳᠤ ᠬᠦᠷᠴᠦ ᠲᠠᠩᠰᠠ ᠡᠪᠬᠡᠮᠡᠯ ᠤᠨ ᠲᠡᠤᠬᠡ ᠣᠶᠢᠯᠠᠯᠭ᠎ᠠ ᠶᠢᠨ  ᠠᠵᠢᠯ ᠢ ᠪᠠᠶᠢᠴᠠᠭᠠᠨ ᠰᠣᠳᠣᠯᠠᠪᠠ᠃       ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠤᠯᠤᠰ ᠲᠦᠷᠦ ᠬᠠᠤᠯᠢ ᠴᠠᠭᠠᠵᠠ ᠶᠢᠨ  ᠬᠤᠷᠢᠶ᠎ᠠ ᠵᠡᠷᠭᠡ ᠰᠠᠯᠠᠭ᠎ᠠ ᠮᠥᠴᠢᠷ ᠳᠠᠭᠠᠭᠠᠨ ᠡᠷᠬᠢᠯᠡᠵᠦ᠂ ︽ᠵᠠᠭᠤᠨ ᠵᠢᠯ ᠳᠤ ᠲᠠᠬᠢᠨ ᠮᠣᠷᠳᠠᠵᠤ᠂ ᠪᠡᠶ᠎ᠡ ᠪᠠᠨ ᠳᠠᠭᠠᠭᠠᠵᠤ  ᠬᠦᠴᠦᠷᠬᠡᠭᠵᠢᠨ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ  ᠵᠦᠭ ᠣᠷᠣᠭᠰᠢᠯᠠᠨ᠎ᠠ︾ ᠪᠠᠷ ᠭᠤᠣᠯ ᠰᠡᠳᠦᠪ ᠪᠣᠯᠭᠠᠭᠰᠠᠨ 2021 ᠣᠨ ᠤ ︽ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠳᠦᠷ︾ ᠤᠨ ᠠᠵᠢᠯᠯᠠᠭ᠎ᠠ ᠶᠢ ᠡᠬᠢᠯᠡᠭᠦᠯᠵᠡᠢ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ ᠃ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠪᠠ ᠠᠯᠪᠠᠨ ᠵᠢᠷᠤᠮ ᠤᠨ ᠡᠮᠴᠢᠯᠡᠭᠡ ᠬᠢᠵᠦ᠂ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠮᠡᠬᠡᠨ ᠳᠤ ᠣᠷᠣᠬᠤ ᠶᠢ ᠰᠡᠷᠭᠡᠶᠢᠯᠡᠬᠦ᠂ ᠬᠡᠷ ᠪᠦᠯᠢ ᠶᠢᠨ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠠᠷᠭ᠎ᠠ ᠬᠡᠮᠵᠢᠶ᠎ᠡ ᠵᠡᠷᠭᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠪᠠ᠃      15      ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠥᠪᠥᠷ ᠮᠣᠩᠭᠤᠯ ᠤᠨ ᠵᠡᠭᠦᠨ ᠬᠡᠰᠡᠭ ᠤᠨ ᠰᠠᠭᠤᠷᠢᠨ ᠭᠠᠵᠠᠷ ᠤᠨ ᠢᠮᠦ᠋ ᠶᠢᠨ ᠲᠣᠭᠲᠠᠮᠠᠯ ᠭᠥᠶᠥᠳᠡᠯᠳᠦ ᠳᠠᠪᠠᠭ᠎ᠠ ᠶᠢᠨ ᠵᠡᠭᠦᠨᠳᠡᠬᠢ 200 ᠲᠦᠮᠡᠨ ᠺᠢᠯᠣᠸᠠᠲ ᠤᠨ ᠭᠠᠳᠠᠭᠰᠢ ᠬᠦᠷᠭᠡᠬᠦ  ᠵᠦᠢᠯᠡᠰ ᠤᠨ ᠲᠤᠬᠠᠶ ᠶᠢᠨ ᠲᠠᠯᠠᠪᠤᠷ ᠲᠤ ᠬᠦᠷᠴᠦ᠂  ᠵᠦᠢᠯᠡᠰ ᠤᠨ ᠰᠣᠩᠭᠤᠭᠰᠠᠨ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠢᠶᠠᠩ ᠵᠢᠶᠦ᠋ᠨ ᠶᠦᠩ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠷᠧᠨ ᠰᠢ ᠴᠢᠩ ᠵᠢᠴᠢ ᠬᠤᠶᠠᠷ ᠠᠯᠪᠠᠨ ᠬᠡᠷ ᠤᠨ ᠰᠢᠪᠠᠳᠠᠨ ᠪᠠᠶᠢᠴᠠᠭᠠᠬᠤ ᠲᠠᠰᠤᠭ ᠠᠴᠠ ᠣᠳᠣᠬᠠᠨ ᠤ ᠭᠤᠤᠯᠳᠠᠯᠭ᠎ᠠ ᠲᠠᠢ ᠰᠢᠪᠠᠳᠠᠨ ᠪᠠᠶᠢᠴᠠᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠵᠣᠯᠭᠠᠭᠤᠯᠵᠤ᠂ ᠣᠳᠣᠬᠠᠨ ᠤ ᠰᠢᠪᠠᠳᠠᠨ ᠪᠠᠶᠢᠴᠠᠭᠠᠬᠤ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶ ᠲᠣᠭᠲᠠᠭᠠᠪᠠ᠂ ᠣᠶᠢᠷ᠎ᠠ ᠳᠤ ᠬᠤᠷᠠᠯ ᠢᠶᠠᠷ ᠰᠢᠪᠠᠳᠠᠨ ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠰᠢᠪᠠᠳᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠰᠢᠪᠠᠳᠠᠨ ᠪᠠᠶᠢᠴᠠᠭᠠᠬᠤ ᠠᠵᠢᠯ ᠢ ᠬᠠᠮᠲᠤᠷᠠᠨ ᠥᠷᠨᠢᠭᠦᠯᠵᠦ᠂ ᠶᠢᠰᠦᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠪᠠᠷ ᠲᠥᠯᠥᠪᠯᠡᠵᠦ ᠪᠠᠶᠢᠨ᠎ᠠ᠃    18      ᠤ ᠡᠳᠦᠷ ᠵᠠᠯᠠᠨ ᠠᠶᠢᠯ ᠬᠤᠳᠠ ᠶᠢᠨ ᠬᠢᠨ ᠰᠢᠨ᠎ᠡ ᠲᠢᠲᠢᠮᠯᠢᠭ‌ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠵᠢᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠥᠴᠢ ᠶᠢᠰᠦᠳᠦᠭᠡᠷ ᠤᠳᠠᠭ᠎ᠠ ᠶᠢᠨ ᠳᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠨᠠᠷᠢᠯᠢᠬᠵᠢᠭᠤᠯᠵᠤ᠂ ᠳᠠᠬᠢᠨ ᠪᠣᠳᠠᠲᠠᠶᠢᠵᠢᠭᠤᠯᠪᠠ᠃ ᠬᠤᠳᠠ ᠶᠢᠨ ᠤᠳᠤᠷᠢᠳᠤᠯᠭ᠎ᠠ ᠦ᠋ ᠴᠧᠨ ᠳ᠋ᠦᠩ᠂ ᠶᠠᠩ ᠵᠢᠢ ᠴᠦᠨ᠂ ᠯᠢ ᠶᠠᠨ ᠯᠢᠩ᠂ ᠮᠧᠩ ᠭᠠᠩ᠂ ︽ᠨᠢᠭᠡᠳᠦᠭᠡᠷ ᠠᠯᠪᠠᠨ ᠭᠡᠷ ᠤᠨ ᠨᠠᠢᠮᠠᠳᠤᠭᠠᠷ ᠳᠤᠭᠤᠶᠢᠯᠠᠩ︾ ᠤᠨ ᠳᠠᠷᠤᠭ᠎ᠠ᠂ ᠡᠯ᠎ᠡ ᠪᠦᠷᠢᠯᠳᠦᠬᠦᠨ ᠨᠢᠭᠡᠴᠡ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠢᠶᠠᠩ ᠵᠢᠶᠦ᠋ᠨ ᠶᠦᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠢᠶᠠᠷ ᠰᠢᠪᠠᠳᠠᠨ ᠪᠠᠶᠢᠴᠠᠭᠠᠬᠤ ᠬᠡᠯᠪᠡᠷᠢ ᠪᠠᠷ ᠣᠳᠣᠬᠠᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠳᠤ ᠲᠤᠰᠬᠠᠶ ᠰᠡᠳᠦᠪᠲᠦ ᠲᠣᠬᠢᠷᠠᠭᠤᠯᠤᠯᠲᠠ ᠬᠢᠵᠦ᠂ ᠬᠤᠶᠠᠷ ᠠᠯᠪᠠᠨ ᠬᠡᠷ ᠤᠨ ᠰᠢᠪᠠᠳᠠᠨ ᠪᠠᠶᠢᠴᠠᠭᠠᠬᠤ ᠲᠠᠰᠤᠭ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠵᠠᠯᠠᠨ ᠠᠶᠢᠯ ᠬᠤᠲᠠ  ᠠᠶᠣᠯᠬᠦᠢ ᠦᠢᠯᠡᠳᠪᠦᠷᠢᠯᠡᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠳᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠨᠠᠢᠮᠠᠨ ᠰᠠᠷ᠎ᠠ ᠶᠢᠨ ᠲᠡᠷᠭᠡᠯ  ᠪᠠᠶᠠᠷ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠳᠠ ᠶᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠪᠥᠸᠧ ᠶᠢᠨ ᠣᠳᠣᠬᠠᠨ ᠤ ᠠᠶᠤᠯᠭᠦᠢ ᠦᠢᠯᠡᠳᠪᠦᠷᠢᠯᠡᠯ᠂ ︽ᠨᠠᠮᠤᠷ ᠤᠨ ᠰᠡᠷᠭᠡᠶᠢᠯᠡᠯᠲᠡ ︾ ᠶᠢᠨ ᠠᠵᠢᠯ ᠳᠤ ᠴᠢᠭᠯᠡᠭᠦᠯᠦᠭᠰᠡᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠳᠠ ᠶᠢᠨ ᠤᠳᠤᠷᠢᠳᠤᠯᠭ᠎ᠠ ᠦ᠋ ᠴᠧᠨ ᠳ᠋ᠦᠩ᠂ ᠮᠧᠩ ᠭᠠᠩ ᠬᠤᠷᠠᠯ ᠳᠤ ᠣᠷᠣᠯᠴᠠᠵᠠᠢ᠃    ᠤᠯᠤᠰ ᠤᠨ ᠬᠤᠷᠢᠨ ᠨᠢᠭᠡᠳᠦᠭᠡᠷ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠤᠯᠤᠰ ᠢᠶᠠᠨ ᠬᠦᠴᠦᠷᠬᠡᠭᠵᠢᠭᠦᠯᠬᠦ ᠰᠢᠨ᠎ᠡ ᠠᠶᠠᠨ ᠵᠠᠮ ᠳᠤ  ᠵᠠᠮᠨᠠᠵᠤ᠂ ᠴᠡᠷᠢᠭ ᠠᠷᠠᠳ ᠬᠠᠮᠲᠤ ᠪᠠᠷ ᠴᠡᠷᠢᠭ ᠢᠶᠠᠨ ᠬᠦᠴᠦᠷᠬᠡᠭᠵᠢᠭᠦᠯᠬᠦ ᠬᠦᠰᠡᠯ ᠢ ᠪᠡᠶᠡᠯᠡᠭᠦᠯᠦᠶ᠎ᠡ︾᠃ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠶᠠᠮᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠯᠪᠠᠨ ᠬᠡᠷ ᠨᠢ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠢᠩ ᠬᠤᠸᠠ ᠪᠠᠭ᠎ᠠ ᠰᠤᠷᠭᠠᠭᠤᠯᠢ ᠲᠠᠢ ᠬᠠᠮᠲᠤᠷᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠵᠢᠴᠢ ᠵᠠᠯᠠᠨ ᠠᠶᠢᠯ ᠬᠤᠲᠠ ᠶᠢᠨ ᠴᠡᠷᠢᠭ ᠠᠷᠠᠳ ᠬᠠᠮᠲᠤ ᠪᠠᠷ ᠪᠠᠶᠢᠭᠤᠯᠤᠭᠰᠠᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢᠨ ᠫᠠᠶᠢᠰᠠ ᠰᠡᠬᠦᠬᠦ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠵᠢᠶᠠᠩ ᠬᠤ᠋᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠤ᠂ ᠰᠢᠩ ᠬᠤᠸᠠ ᠪᠠᠭ᠎ᠠ ᠰᠤᠷᠭᠠᠭᠤᠯᠢ ᠶᠢᠨ ᠵᠠᠯᠠᠨ ᠠᠶᠢᠯ ᠬᠤᠲᠠ ᠶᠢᠨ ᠴᠡᠷᠢᠭ ᠠᠷᠠᠳ ᠬᠠᠮᠲᠤ ᠪᠠᠷ ᠪᠠᠶᠢᠭᠤᠯᠬᠤ ᠦᠨᠳᠦᠰᠦᠲᠡᠨ ᠤ ᠪᠦᠯᠬᠦᠮᠳᠡᠯ ᠤᠨ ᠦᠯᠢᠭᠡᠷ ᠵᠢᠱᠢᠶ᠎ᠡ ᠦᠵᠡᠭᠦᠯᠬᠦ ᠰᠤᠷᠭᠠᠭᠤᠯᠢ ᠶᠢᠨ ᠫᠠᠶᠢᠰᠠ ᠶᠢ ᠰᠡᠬᠦᠭᠰᠡᠨ ᠪᠠᠶᠢᠨ᠎ᠠ  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号