21 ᠤ ᠡᠳᠦᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠵᠢᠶᠠᠩ ᠵᠢᠶᠦ᠋ᠨ ᠶᠦᠩ ᠵᠥᠩ ᠾᠧ ᠪᠠᠯᠭᠠᠰᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠯᠲᠠ ᠶᠢᠨ ᠺᠠᠷᠲ ᠳᠡᠭᠡᠷ᠎ᠡ ᠬᠦᠷᠴᠦ᠂ ᠪᠠᠶᠠᠷ ᠤᠨ ᠡᠳᠦᠷ ᠤᠨ | ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ | ᠠᠵᠢᠯᠲᠠᠳ ᠢ ᠪᠣᠯᠭᠤᠭᠠᠨ ᠲᠣᠬᠤᠨᠢᠭᠤᠯᠪᠠ᠃ | | 22 ᠤᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ | ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠯᠢᠦ ᠵᠢᠶᠠᠨ ᠰᠢ ᠨᠡᠷ ᠵᠠᠯᠠᠨ ᠠᠶᠢᠯ ᠬᠤᠲᠠ ᠳᠤ ᠬᠦᠷᠴᠦ᠂ ᠨᠠᠮ ᠤᠨ | ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ | ᠵᠢᠯᠣᠭᠤᠳᠬᠤ ᠶᠢᠨ ᠬᠠᠮᠲᠤ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠵᠠᠯᠠᠨ ᠠᠶᠢᠯ | ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠪᠥᠸᠧ ᠬᠠᠷᠢᠭᠤ | ᠮᠡᠳᠡᠭᠦᠯᠦᠯᠲᠡ ᠶᠢᠨ ᠬᠤᠷᠠᠯ ᠢ ᠡᠷᠬᠢᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠦᠷ᠎ᠡ | ᠪᠦᠲᠦᠮᠵᠢ ᠶᠢᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠵᠠᠯᠠᠨ ᠠᠶᠢᠯ ᠬᠤᠲᠠ ᠶᠢᠨ ᠤᠳᠤᠷᠢᠳᠤᠯᠭ᠎ᠠ ᠵᠠᠩ ᠸᠧᠶ | ᠵᠢᠶᠦ᠋ᠨ᠂ ᠯᠢᠦ ᠭᠦᠸᠧ ᠬᠤᠸᠠ᠂ ᠶᠠᠨ ᡁᠢ ᠭᠠᠩ ᠬᠤᠷᠠᠯ ᠳᠤ ᠣᠷᠣᠯᠴᠠᠵᠤ᠂ ᠬᠤᠲᠠ ᠶᠢᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ᠂ ᠡᠯ᠎ᠡ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ | ᠣᠷᠣᠯᠴᠠᠵᠠᠶ᠃ | | 23 ᠤ ᠡᠳᠦᠷ ︽ᠡᠯᠪᠡᠭ ᠬᠤᠷᠢᠶᠠᠯᠲᠠ ᠶᠢ ᠪᠡᠯᠭᠡᠯᠡᠵᠦ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ | ᠲᠠᠭᠠᠬᠤ︾ ᠪᠠᠷ ᠭᠤᠣᠯ ᠰᠡᠳᠦᠪ ᠪᠣᠯᠭᠠᠭᠰᠠᠨ ᠬᠥᠯᠥᠨ ᠪᠤᠶᠢᠷ ᠬᠤᠳᠠ ᠶᠢᠨ 2021 ᠣᠨ ᠤ ᠳᠤᠮᠳᠠᠳᠤ | ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢ ᠪᠡᠯᠭᠡᠯᠡᠬᠦ ᠠᠵᠢᠯᠯᠠᠭ᠎ᠠ ᠵᠠᠯᠠᠨ ᠠᠶᠢᠯ ᠬᠤᠳᠠ ᠶᠢᠨ ᠲᠢᠶᠠᠨ | ᠪᠠᠢ ᠱᠠᠨ ᠠᠭᠤᠳᠠᠮ ᠲᠠᠯᠠᠪᠠᠢ ᠳᠤ ᠡᠬᠢᠯᠡᠪᠡ᠃ ᠲᠣᠰ ᠠᠵᠢᠯᠯᠠᠭ᠎ᠠ ᠶᠢ ᠬᠥᠯᠥᠨ ᠪᠤᠶᠢᠷ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠥᠯᠥᠨ ᠪᠤᠶᠢᠷ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠳᠠᠭᠠᠭᠠᠴᠢᠯᠠᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ | ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠯᠢᠦ ᠵᠢᠶᠠᠨ ᠰᠢ᠂ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ | ᠳᠡᠳ᠋ ᠳᠠᠷᠤᠭ᠎ᠠ ᠯᠢᠶᠠᠩ ᠶᠢᠨ ᠰᠦᠩ᠂ ᠵᠠᠯᠠᠨ ᠠᠶᠢᠯ ᠬᠤᠳᠠ ᠶᠢᠨ ᠤᠳᠤᠷᠢᠳᠤᠯᠭ᠎ᠠ ᠶᠤᠸᠠᠢ ᠭᠦᠸᠧ ᠳ᠋ᠦᠩ᠂ ᠸᠠᠩ | ᠪᠥᠸᠧ᠂ ᠯᠢ ᠱᠦ ᠶᠠᠨ᠂ ᠢᠦᠢ ᠫᠢᠩ᠂ ᠰᠦᠨ ᠰᠢᠤ ᠹᠸᠢ᠂ ᠵᠠᠩ ᠸᠧᠢ ᠵᠢᠶᠦ᠋ᠨ᠂ ᠵᠢᠶᠠᠩ ᠵᠢᠶᠦ᠋ᠨ ᠶᠦᠩ᠂ | ᠮᠧᠩ ᠭᠠᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ | ᠶᠤᠸᠠᠢ ᠭᠦᠸᠧ ᠳ᠋ᠦᠩ ᠬᠤᠷᠠᠯ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠮᠤᠵᠢ ᠶᠢᠨ ᠢᠦ᠋ᠢᠯᠢᠨ ᠬᠤᠳᠠ ᠳᠤ | ᠪᠠᠶᠢᠴᠠᠭᠠᠨ ᠰᠤᠳᠤᠯᠤᠯᠲᠠ ᠬᠢᠬᠦ ᠳᠡᠭᠡᠨ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠵᠤᠤ ᠯᠧ ᠵᠢᠶ ᠶᠢᠨ | ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠶᠠᠷᠢᠭᠰᠠᠨ ᠵᠢᠭᠠᠪᠤᠷᠢ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠠᠢ᠃ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ᠂ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠵᠠᠰᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠠᠢ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠭᠤᠣᠯᠳᠠᠯᠭ᠎ᠠ ᠲᠠᠢ ᠵᠦᠢᠯᠡᠰ ᠤᠨ | ᠪᠦᠳᠦᠭᠡᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠡᠪᠦᠯ ᠤᠨ | ᠤᠯᠠᠷᠢᠯ ᠤᠨ ᠳᠤᠯᠠᠭᠠᠯᠠᠭ᠎ᠠ ᠬᠠᠩᠭᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠵᠤ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠭᠤᠤᠯ | ᠤᠳᠤᠷᠢᠳᠤᠯᠭ᠎ᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | | ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 | ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠸᠠᠩ ᠪᠥᠸᠧ ᠬᠤᠷᠠᠯ ᠡᠷᠭᠢᠯᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ | ᠠᠵᠢᠯ ᠤᠨ ᠬᠤᠷᠠᠯ᠂ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ | ᠠᠩᠭᠢ ᠶᠢᠨ ᠴᠢᠬᠤᠯᠠ ᠶᠠᠷᠢᠶ᠎ᠠ ᠵᠢᠴᠢ ᠾᠧᠪᠧᠢ ᠶᠢᠨ ᠴᠧᠩᠳᠧ ᠳᠤ ᠠᠵᠢᠯ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ | ᠶᠣᠰᠣ ᠮᠣᠷᠠᠯ ᠤᠨ ᠬᠥᠮᠦᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠣᠨ ᠪᠠᠶᠢᠷᠢᠯᠠᠭᠤᠯᠪᠠ᠃ | | 24 ᠤ ᠡᠳᠦᠷ ᠵᠠᠯᠠᠨ ᠠᠶᠢᠯ ᠬᠤᠳᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠶᠢᠰᠦᠳᠦᠭᠡᠷ ᠤᠳᠠᠭ᠎ᠠ ᠶᠢᠨ ᠲᠤᠰᠬᠠᠢ ᠰᠡᠳᠦᠪᠲᠦ | ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠠᠢ᠃ ᠬᠤᠳᠠ ᠶᠢᠨ ᠨᠠᠮ ᠤᠨ ᠬᠤᠷᠢᠶ᠎ᠠ ᠶᠢᠨ ᠱᠦᠵᠢ | ᠶᠤᠸᠠᠢ ᠭᠦᠸᠧ ᠳ᠋ᠦᠩ ᠬᠤᠷᠠᠯ ᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ | ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠹᠠᠨ | ᠴᠦᠨ ᠵᠢᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠷᠪᠠᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ | ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | | ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢ ᠶᠢᠰᠦᠳᠦᠭᠡᠷ ᠬᠤᠷᠠᠯ ᠬᠤᠷᠠᠯᠳᠤᠪᠠ᠃ ᠬᠤᠷᠠᠯ ᠠᠴᠠ ᠡᠦ ᠴᠧᠨ | ᠳ᠋ᠦᠩ ᠢ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠵᠤ᠂ | ᠮᠦᠩᠬᠡᠵᠢᠷᠭᠠᠯ ᠢ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ ᠪᠠᠷ | ᠲᠣᠮᠢᠯᠠᠭᠰᠠᠨ ᠪᠥᠭᠡᠳ ᠪᠠᠶᠢᠴᠠᠭᠠᠬᠤ ᠳᠠᠷᠤᠭ᠎ᠠ ᠶᠢᠨ ᠲᠤᠰᠢᠶᠠᠯ ᠢ ᠣᠷᠣᠯᠠᠨ ᠬᠠᠷᠢᠭᠤᠴᠠᠵᠤ᠂ ᠶᠠᠩ ᠬᠤᠩ ᠶᠤᠸᠠᠨ | ᠵᠡᠷᠭᠡ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠵᠤ᠂ | ᠬᠤᠲᠠ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠵᠦ ᠪᠠᠲᠤᠯᠠᠨ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠬᠤᠳᠠ ᠶᠢᠨ ᠵᠠᠰᠠᠭ ᠤᠨ | ᠣᠷᠳᠣᠨ ᠤ ᠶᠡᠷᠦᠩᠬᠡᠶᠢᠯᠡᠭᠰᠡᠨ ᠮᠡᠳᠡᠭᠦᠯᠦᠯᠲᠡ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠤᠳᠠ ᠶᠢᠨ ᠵᠠᠰᠠᠭ ᠤᠨ ᠣᠷᠳᠣᠨ ᠤ ᠮᠡᠳᠡᠭᠦᠯᠦᠯᠲᠡ ᠶᠢ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠦ ᠶᠠᠨ᠂ | ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠰᠦᠨ ᠰᠢᠤ ᠹᠸᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠦ᠋ | ᠴᠧᠨ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠭᠠᠩ᠂ ᠬᠤᠲᠠ ᠶᠢᠨ ᠠᠷᠠᠳ ᠤᠨ | ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠦᠩᠬᠡᠵᠢᠷᠭᠠᠯ ᠵᠢᠴᠢ ᠬᠤᠲᠠ ᠶᠢᠨ | ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠪᠠ᠃ | | | |