25 ᠤ ᠡᠳᠦᠷ ᠵᠠᠯᠠᠨ ᠠᠶᠢᠯ ᠬᠤᠲᠠ ᠶᠢᠨ 2021 ᠣᠨ ᠤ ᠬᠤᠶᠠᠳᠤᠭᠠᠷ ᠬᠤᠭᠤᠴᠠᠭᠠᠨ ᠤ | ᠺᠠᠳ᠋ᠷᠴᠤᠳ ᠤᠨ ᠬᠢᠴᠢᠶᠡᠯ ᠤᠨ ᠲᠠᠩᠬᠢᠮ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠥᠲᠥᠯᠪᠦᠷᠢ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠭᠦᠢᠴᠡᠳᠭᠡᠯ | ᠲᠤᠭ᠎ᠠ ᠶᠢᠨ ᠲᠤᠰᠬᠠᠶ ᠰᠡᠳᠦᠪᠲᠦ ᠲᠠᠶᠢᠯᠤᠮᠵᠢ ᠶᠢ ᠲᠠᠶᠢᠯᠪᠤᠷᠢᠯᠠᠬᠤ ᠬᠢᠴᠢᠶᠡᠯ ᠡᠬᠢᠯᠡᠬᠦ ᠶᠣᠰᠣᠯᠠᠯ ᠶᠠᠪᠤᠭᠤᠯᠪᠠ᠃ | ᠲᠠᠶᠢᠯᠤᠮᠵᠢ ᠳᠤ ᠴᠢᠩᠬᠤᠸᠠ ᠶᠡᠭᠡ ᠰᠤᠷᠭᠠᠭᠤᠯᠢ ᠶᠢᠨ ᠠᠵᠤ ᠠᠬᠤᠶ ᠶᠢᠨ ᠬᠠᠮᠢᠶᠠᠷᠤᠯᠲᠠ ᠶᠢᠨ ᠳᠡᠭᠡᠳᠦ | ᠰᠤᠷᠭᠠᠭᠤᠯᠢ ᠶᠢᠨ ᠫᠷᠤᠹᠤᠰᠰᠤᠷ ᠰᠢᠤᠢ ᠰᠢᠶᠠᠨ ᠴᠦᠨ ᠢ ᠤᠷᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠲᠣᠪᠴᠢ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠭᠦᠢᠴᠡᠳᠭᠡᠯ | ᠲᠤᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠯᠭᠡᠵᠡᠶ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠠᠩᠭᠢ ᠡᠬᠢᠯᠡᠬᠦ ᠶᠣᠰᠣᠯᠠᠯ ᠳᠤ | ᠣᠷᠣᠯᠴᠠᠵᠤ᠂ ᠬᠥᠯᠥᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᡁᠢ | ᠳ᠋ᠦᠩ᠂ ᠵᠠᠯᠠᠨ ᠠᠶᠢᠯ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠢᠦᠶ ᠫᠢᠩ᠂ ᠬᠡᠷ ᠲᠡᠭᠡᠨ | ᠪᠠᠶᠢᠭ᠎ᠠ ᠭᠠᠵᠠᠷ ᠤᠨ ᠲᠠᠰ ᠤᠨ ᠤᠳᠤᠷᠢᠳᠤᠯᠭ᠎ᠠ ᠲᠠᠶᠢᠯᠤᠮᠵᠢ ᠳᠤ ᠣᠷᠣᠯᠴᠠᠪᠠ᠃ | | 27 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ | ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠵᠠᠯᠠᠨ ᠠᠶᠢᠯ ᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ | ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠲᠣᠰ ᠪᠦᠯᠬᠦᠮ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠮᠡᠳᠡᠭᠦᠯᠦᠯᠲᠡ᠂ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠤᠷᠤᠯᠴᠠᠨ ᠶᠠᠷᠢᠯᠴᠠᠵᠤ᠂ ᠪᠥᠬᠦ | ᠪᠦᠯᠬᠦᠮ ᠤᠨ 31 ᠲᠥᠯᠥᠭᠡᠯᠡᠭᠴᠢ ︽ᠬᠤᠶᠠᠷ ᠮᠡᠳᠡᠭᠦᠯᠦᠯᠲᠡ︾ ᠶᠢ ᠰᠠᠨᠠᠯ ᠨᠢᠭᠡᠲᠡᠶ ᠵᠥᠪᠰᠢᠶᠡᠷᠡᠪᠡ᠃ | | 28 ᠤ ᠡᠳᠦᠷ ᠵᠠᠯᠠᠨ ᠠᠶᠢᠯ ᠬᠤᠲᠠ ᠶᠢᠨ 2021 ᠣᠨ ᠤ ᠭᠤᠷᠪᠠᠳᠤᠭᠠᠷ ᠬᠤᠭᠤᠴᠠᠭᠠᠨ ᠤ | ᠺᠠᠳ᠋ᠷᠴᠤᠳ ᠤᠨ ᠬᠢᠴᠢᠶᠡᠯ ᠤᠨ ᠲᠠᠩᠬᠢᠮ ᠵᠢᠴᠢ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ | ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠶ ᠰᠡᠳᠦᠪᠲᠦ ᠲᠠᠶᠢᠯᠤᠮᠵᠢ ᠠᠩᠭᠢ | ᠡᠬᠢᠯᠡᠬᠦ ᠶᠣᠰᠣᠯᠠᠯ ᠶᠠᠪᠤᠭᠤᠯᠪᠠ᠃ ᠲᠠᠶᠢᠯᠤᠮᠵᠢ ᠨᠢ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ | ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠬᠡᠯᠲᠡᠰ ᠤᠨ ᠳᠡᠳ᠋ ᠫᠷᠤᠹᠧᠰᠰᠤᠷ ᠢᠦᠢ ᠮᠧᠢ ᠶᠢ ᠤᠷᠢᠵᠤ | ᠰᠢ ᠶᠢᠨ ᠫᠢᠩ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠠᠶᠢᠯᠪᠤᠷᠢᠯᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ | | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠦ᠋ ᠴᠧᠨ ᠳ᠋ᠦᠩ ᠬᠡᠰᠡᠭ ᠠᠵᠤ ᠠᠬᠤᠶᠢᠯᠠᠯ᠂ ᠬᠡᠲᠦ ᠳᠡᠯᠭᠡᠭᠦᠷ᠂ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠭᠠᠵᠠᠷ ᠲᠤ ᠬᠦᠷᠴᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ | ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃ | | 29 ᠤ ᠡᠳᠦᠷ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ | ᠭᠠᠵᠠᠷ ᠤᠨ ᠲᠤᠰᠬᠠᠶ ᠲᠤᠰᠢᠶᠠᠯᠲᠤ ᠳᠡᠳ᠋ ᠶᠡᠷᠦᠩᠬᠡᠶ ᠵᠢᠯᠣᠭᠤᠳᠣᠭᠴᠢ ᠬᠦ᠋ ᠯᠢᠶᠠᠨ ᠢ ᠵᠠᠯᠠᠨ ᠠᠶᠢᠯ ᠬᠤᠲᠠ ᠳᠤ | ᠬᠦᠷᠴᠦ᠂ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ | ᠪᠠᠶᠢᠴᠠᠭᠠᠨ ᠵᠢᠯᠣᠭᠤᠳᠪᠠ᠃ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠭᠠᠩ ᠪᠠᠷ᠎ᠠ | ᠪᠣᠯᠪᠠ᠃ | | 30 ᠤ ᠡᠳᠦᠷ ᠵᠠᠯᠠᠨ ᠠᠶᠢᠯ ᠬᠤᠲᠠ ᠶᠢᠨ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ | ᠬᠤᠷᠠᠯᠳᠤᠵᠤ᠂ ᠣᠳᠣᠬᠠᠨ ᠤ ᠪᠠ ᠠᠷᠪᠠᠨ ᠰᠠᠷ᠎ᠠ ᠶᠢᠨ ᠨᠢᠭᠡᠨ ᠤ ᠤᠯᠤᠰ ᠤᠨ ᠪᠠᠶᠠᠷ ᠤᠨ ᠬᠤᠭᠤᠴᠠᠭᠠᠨ ᠳᠠᠬᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠢᠯᠡᠳᠪᠦᠷᠢᠯᠡᠯ᠂ ᠨᠠᠮᠤᠷ ᠡᠪᠦᠯ ᠤᠨ ᠤᠯᠠᠷᠢᠯ ᠤᠨ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠵᠠᠬᠢᠳᠠᠯ ᠰᠤᠷᠪᠤᠯᠵᠢᠯᠠᠭ᠎ᠠ ᠶᠢ ᠲᠣᠭᠲᠠᠭᠤᠨ | ᠪᠠᠶᠢᠯᠭᠠᠬᠤ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠵᠠᠩ ᠸᠧᠶ ᠵᠢᠶᠦ᠋ᠨ᠂ ᠡᠤ | ᠴᠧᠨ ᠳ᠋ᠦᠩ᠂ ᠶᠠᠩ ᠵᠢᠶ ᠴᠦᠨ᠂ ᠬᠡᠷ ᠲᠡᠭᠡᠨ ᠪᠠᠶᠢᠭ᠎ᠠ ᠳᠡᠳ᠋ ᠬᠤᠲᠠ ᠶᠢᠨ ᠳᠠᠷᠤᠭ᠎ᠠ᠂ ᠡᠯ᠎ᠡ ᠪᠦᠷᠢᠯᠳᠦᠬᠦᠨ | ᠨᠢᠭᠡᠴᠡ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠲᠠᠨ ᠵᠢᠴᠢ | ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠵᠠᠯᠠᠨ ᠠᠶᠢᠯ ᠬᠤᠳᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠪᠦᠬᠦ | ᠬᠤᠳᠠ ᠶᠢᠨ ᠬᠡᠰᠡᠭ ᠨᠢᠭᠡᠴᠡ ᠶᠢ ᠵᠣᠬᠢᠶᠠᠨ ᠪᠠᠶᠢᠭᠤᠯᠤᠨ ᠳᠡᠭᠦᠵᠢᠩ ᠬᠥᠭᠦᠷᠭᠡ ᠶᠢᠨ ᠦᠷᠡᠭᠳᠡᠭᠰᠡᠨ | ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠬᠦᠷᠴᠦ ᠨᠠᠢᠮᠠᠳᠤᠭᠠᠷ ᠦᠷᠡᠭᠳᠡᠭᠰᠡᠨ ᠪᠠᠭᠠᠲᠤᠷᠴᠤᠳ ᠤᠨ | ᠳᠤᠷᠠᠰᠬᠠᠯ ᠤᠨ ᠡᠳᠦᠷ ᠵᠢᠴᠢ ︽ᠤᠯᠠᠭᠠᠨ ᠰᠤᠳᠠᠰᠤ ᠶᠢ ᠦᠷᠭᠦᠯᠵᠢᠯᠡᠭᠦᠯᠵᠦ᠂ ᠦᠷᠡᠭᠳᠡᠭᠰᠡᠨ ᠪᠠᠭᠠᠲᠤᠷᠴᠤᠳ ᠢᠶᠠᠨ | ᠳᠤᠷᠠᠰᠤᠨ ᠰᠠᠨᠠᠭᠠᠯᠵᠠᠬᠤ︾ ᠳᠠᠶᠢᠯᠭ᠎ᠠ ᠳᠠᠶᠢᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠬᠤᠲᠠ ᠶᠢᠨ ᠵᠠᠰᠠᠭ ᠤᠨ | ᠣᠷᠳᠣᠨ ᠤ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠶᠠᠨ ᠯᠢᠩ | ᠠᠵᠢᠯᠯᠠᠭ᠎ᠠ ᠳᠤ ᠣᠷᠣᠯᠴᠠᠪᠠ᠃ | | | |