2021ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵ᠨᠢᠭᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2021/10/22
     ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ       ᠬᠤᠷᠠᠯ ᠤᠨ ᠪᠢᠴᠢᠭ ᠮᠠᠲ᠋ᠧᠷᠢᠶᠠᠯ ︵ᠠᠷᠪᠠᠨ ᠭᠤᠷᠪᠠ︶       — 2021 ᠣᠨ ᠤ 3 ᠰᠠᠷ᠎ᠠ ᠶᠢᠨ 23      ᠤ ᠡᠳᠦᠷ ᠵᠠᠯᠠᠨ ᠠᠶᠢᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠪᠤᠳᠤᠭᠠᠷ ᠬᠤᠷᠠᠯᠳᠤᠭᠠᠨ ᠤ ᠠᠩᠬᠠᠳᠤᠭᠠᠷ ᠪᠥᠬᠦᠳᠡ ᠬᠤᠷᠠᠯᠳᠤᠭᠠᠨ       ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠲᠥᠯᠥᠭᠡᠯᠡᠭᠴᠢᠳ ᠡ᠄    ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ  ᠢ ᠲᠦᠯᠦᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠴᠦ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠤᠨ ᠡᠷᠭᠢᠴᠡᠭᠦᠯᠦᠯ      ᠥᠩᠭᠡᠷᠡᠭᠰᠡᠨ ᠨᠢᠭᠡ ᠵᠢᠯ ᠪᠣᠯ ᠲᠦᠢᠯ ᠤᠨ ᠶᠡᠷᠦ ᠪᠤᠰᠤ ᠶᠢᠨ ᠶᠤᠮ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠬᠦᠨᠳᠦ ᠬᠡᠴᠡᠭᠦᠦ ᠡᠭᠦᠷᠭᠡ ᠪᠣᠯᠤᠨ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠬᠤᠲᠠ ᠶᠢᠨ ᠠᠷᠠᠳ ᠲᠦᠮᠡᠨ  ᠳᠤ ᠲᠦᠰᠢᠭᠯᠡᠵᠦ᠂ ᠲᠣᠭᠲᠠᠯ ᠬᠦᠴᠦᠨ ᠢᠶᠠᠨ ᠪᠠᠲᠤᠯᠠᠵᠤ᠂ ᠯᠠᠪᠳᠠᠭᠤᠨ ᠲᠣᠭᠲᠠᠭᠤᠨ ᠢᠶᠠᠷ  ᠪᠠᠶᠢᠯᠳᠤᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠬᠤ ᠤᠷᠢᠲᠠᠯ ᠳᠣᠤᠷ᠎ᠠ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠵᠤ᠂ ︽ᠵᠢᠷᠭᠤᠭᠠᠨ ᠶᠡᠭᠡ ᠰᠢᠰᠲ᠋ᠧᠮ︾ ᠢ ᠪᠠᠷᠢᠮᠲᠠᠯᠠᠨ ᠲᠡᠭᠦᠯᠳᠡᠷᠵᠢᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ  ᠰᠢᠢᠳᠪᠦᠷᠢᠯᠡᠬᠦ ᠴᠢᠨᠠᠷᠲᠠᠶ ᠠᠮᠵᠢᠯᠲᠠ ᠪᠦᠲᠦᠮᠵᠢ ᠣᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠡᠭᠦᠰ ᠠᠮᠵᠢᠯᠲᠠ ᠲᠠᠢ ᠲᠡᠭᠦᠰᠪᠡ᠃      ᠨᠢᠭᠡ ᠳᠤ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠦᠴᠦᠲᠡᠶ ᠪᠥᠭᠡᠳ ᠪᠦᠲᠦᠮᠵᠢᠲᠡᠶ ᠪᠣᠯᠭᠠᠪᠠ᠃ ᠭᠡᠨᠡᠳᠲᠡ ᠡᠭᠦᠰᠦᠭᠰᠡᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠲᠠᠶᠢᠨ ᠤ ᠶᠡᠷᠦᠩᠬᠡᠶᠢᠯᠡᠭᠰᠡᠨ ᠲᠠᠶᠢᠨ ᠤ ᠬᠤᠷᠢᠭᠯᠠᠨ ᠴᠣᠬᠢᠬᠤ ᠲᠠᠶᠢᠨ ᠢ ᠦᠳᠲᠡᠷ ᠲᠦᠷᠭᠡᠨ ᠬᠢᠵᠦ᠂ ᠪᠦᠬᠦ ᠲᠠᠯ᠎ᠠ ᠪᠠᠷ ᠲᠠᠶᠢᠴᠢᠯᠠᠵᠦ᠂ ᠡᠯ᠎ᠡ ᠲᠠᠯ᠎ᠠ ᠶᠢᠨ ᠬᠢᠨ ᠲᠠᠶᠢᠴᠢᠯᠠᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠠᠷᠭ᠎ᠠ ᠪᠤᠳᠤᠯᠭ᠎ᠠ ᠠᠪᠴᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ᠂ ᠬᠥᠮᠦᠨ᠂ ᠪᠣᠳᠠᠰ᠂ ᠣᠷᠴᠢᠨ ᠲᠣᠭᠤᠷᠢᠨ ᠢ ᠬᠠᠮᠲᠤᠪᠠᠷ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠨᠢᠭᠲᠠ ᠪᠥᠭᠡᠳ ᠪᠠᠲᠤ ᠰᠦᠯᠵᠢᠵᠦ᠂ ᠬᠢᠯᠪᠡᠷ ᠪᠤᠰᠤ ᠪᠠᠷ ᠢᠷᠡᠭᠰᠡᠨ ︽ᠣᠷᠣᠭᠤᠯᠬᠤ ᠦᠭᠡᠢ︾ ︽ᠦᠯᠦ ᠬᠠᠯᠳᠠᠪᠤᠷᠢᠯᠠᠬᠤ︾ ᠦᠷ᠎ᠡ ᠪᠦᠲᠦᠭᠡᠯ ᠢ ᠤᠯᠪᠠ᠃  ᠰᠣᠩ ᠯᠦ ᠡᠮ ᠤᠨ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ᠂ ᠪᠠᠶ ᠶᠧ ᠴᠧᠩ ᠰᠫᠢᠷᠲ ᠤᠨ ᠦᠢᠯᠡᠳᠪᠦᠷᠢᠯᠡᠯ ᠢ ᠦᠳᠲᠡᠷ ᠲᠦᠷᠭᠡᠨ ᠬᠤᠪᠢᠷᠠᠭᠤᠯᠤᠨ ᠴᠢᠳᠠᠪᠤᠷᠢ ᠶᠢ ᠥᠷᠭᠡᠳᠬᠡᠵᠦ᠂ ᠡᠮᠴᠢᠯᠡᠭᠡᠨ ᠳᠤ ᠬᠡᠷᠡᠭᠯᠡᠬᠦ ᠠᠮᠠᠪᠴᠢ᠂ ᠠᠷᠢᠭᠤᠳᠬᠠᠭᠰᠠᠨ ᠰᠫᠢᠷᠲ ᠵᠡᠷᠭᠡ ᠬᠢᠵᠢᠭ ᠢ ᠰᠡᠷᠭᠡᠶᠢᠯᠡᠬᠦ ᠴᠢᠬᠤᠯᠠ ᠡᠳ᠋ ᠪᠣᠳᠠᠰ ᠢ ᠪᠥᠬᠦ ᠬᠦᠴᠦᠨ ᠢᠶᠠᠷ ᠢᠶᠠᠨ  ᠦᠢᠯᠡᠳᠪᠦᠷᠢᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠣᠳᠠᠲᠤ ᠰᠣᠷᠢᠯᠲᠠ ᠶᠢ ᠥᠷᠨᠢᠭᠦᠯᠦᠨ᠂ ᠳᠥᠷᠪᠡᠨ ᠪᠥᠭᠡᠮ ᠬᠦᠴᠢᠯ ᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ ᠪᠠᠶᠢᠭᠤᠯᠵᠤ᠂ ᠬᠤᠶᠠᠷ ᠡᠳᠦᠷ ᠤᠨ ᠳᠣᠲᠣᠷ᠎ᠠ ᠪᠥᠬᠦ ᠠᠵᠢᠯᠲᠠᠨ ᠤ ᠪᠠᠶᠢᠴᠠᠭᠠᠨ ᠬᠡᠮᠵᠢᠬᠦ ᠴᠢᠳᠠᠪᠤᠷᠢ ᠶᠢ ᠪᠦᠷᠢᠳᠦᠭᠦᠯᠵᠡᠢ᠃ ᠭᠤᠤᠯᠳᠠᠯᠭ᠎ᠠ ᠲᠠᠢ ᠬᠥᠮᠦᠰ ᠲᠤ ᠸᠠᠺᠼᠢᠨ ᠤ ᠲᠠᠷᠢᠯᠭ᠎ᠠ ᠬᠢᠵᠦ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ ᠣᠷᠣᠨ ᠪᠠᠶᠢᠷᠢ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠢᠵᠢᠭ ᠤᠨ ᠬᠠᠯᠳᠠᠪᠤᠷᠢᠯᠠᠬᠤ ᠠᠷᠭ᠎ᠠ ᠵᠠᠮ ᠢ ᠡᠷᠡᠰ ᠲᠡᠰᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠡ᠊ᠨᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠢᠵᠢᠭ ᠢ ᠡᠰᠡᠷᠭᠦᠴᠡᠬᠦ ᠲᠡᠮᠡᠴᠡᠯ ᠳᠤ ᠣᠷᠣᠯᠴᠠᠭᠰᠠᠨ ᠪᠤᠢ ᠪᠦᠬᠦᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠳᠠᠨ᠂ ᠰᠠᠶᠢᠨ ᠳᠤᠷ᠎ᠠ ᠶᠢᠨ ᠠᠵᠢᠯᠯᠠᠭᠴᠢ᠂ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠲᠠᠢ ᠬᠥᠮᠦᠰ ᠲᠤ ᠬᠠᠮᠤᠭ ᠤᠨ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕     ᠬᠤᠶᠠᠷ ᠲᠤ ᠪᠠᠲᠤᠯᠠᠭ᠎ᠠ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠰᠠᠶᠢᠵᠢᠷᠠᠭᠤᠯᠬᠤ ᠶᠢ ᠪᠠᠷᠢᠮᠲᠠᠯᠠᠪᠠ᠃ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ ᠲᠠᠶᠢᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠭᠠᠶᠢᠯᠢ ᠶᠢᠨ ᠰᠦᠢᠳᠬᠡᠯ ᠢ 4.9 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠦᠨ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ ᠲᠤᠰᠠᠯᠠᠬᠤ ᠪᠡᠯᠡ ᠮᠥᠩᠭᠦ ᠶᠢ 208 ᠲᠦᠮᠡᠨ ᠲᠥᠭᠦᠷᠢᠭ ᠲᠠᠷᠬᠠᠭᠠᠵᠤ᠂ 92 ᠠᠵᠤ ᠠᠬᠤᠶᠢᠯᠠᠯ᠂ 5820 ᠠᠵᠢᠯᠳᠠᠨ ᠠᠵᠢᠯᠴᠢᠨ ᠢ ᠬᠠᠪᠰᠤᠷᠤᠨ ᠬᠦᠴᠢᠷ ᠢ ᠲᠤᠭᠤᠯᠪᠠ᠃ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠶ ᠥᠷᠭᠡᠳᠬᠡᠵᠦ᠂ 89 ᠭᠤᠤᠯᠳᠠᠯᠭ᠎ᠠ ᠲᠠᠢ ᠲᠥᠷᠥᠯ  ᠵᠦᠢᠯ ᠢ ᠡᠬᠢᠯᠡᠨ ᠠᠵᠢᠯᠯᠠᠭᠤᠯᠵᠤ᠂ ᠹᠦ᠋ ᠹᠤᠩ ᠺᠣᠮᠫᠠᠨᠢ ᠶᠢᠨ ᠢᠰᠬᠡᠯᠲᠡ ᠶᠢᠨ ᠪᠦᠲᠦᠭᠡᠭᠳᠡᠬᠦᠨ ᠤ ᠤᠶᠤᠨᠴᠢᠯᠠᠭᠰᠠᠨ ᠵᠢᠱᠢᠶ᠎ᠡ ᠦᠵᠡᠭᠦᠯᠬᠦ᠂  ᠮᠧᠩ ᠶᠤᠸᠠᠨ ᠺᠣᠮᠫᠠᠨᠢ ᠶᠢᠨ ᠴᠠᠭᠠᠨ ᠢᠳᠡᠭᠡᠨ ᠵᠡᠷᠭᠡ ᠲᠥᠷᠥᠯ  ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂  ᠠᠭᠠᠷ ᠤᠨ ᠠᠵᠤ  ᠦᠢᠯᠡᠰ ᠤᠨ ᠬᠦᠷᠢᠶᠡᠯᠡᠩ ᠤᠨ ᠨᠢᠰᠦᠯᠲᠡ  ᠶᠢ ᠳᠡᠭᠡᠭᠰᠢᠯᠡᠭᠦᠯᠬᠦ ᠲᠥᠷᠥᠯ  ᠵᠦᠢᠯ ᠤᠨ 2 ᠨᠢᠰᠦᠯᠲᠡ ᠶᠢᠨ ᠪᠣᠯᠪᠠᠰᠤᠷᠠᠯ ᠤᠨ ᠪᠠᠭᠠᠵᠢ᠂ 8 ᠪᠣᠯᠪᠠᠰᠤᠷᠠᠯ ᠤᠨ ᠮᠠᠰᠢᠨ ᠢ ᠠᠰᠢᠭᠯᠠᠯᠲᠠ ᠳᠤ ᠣᠷᠣᠭᠤᠯᠵᠤ᠂ ᠬᠥᠮᠦᠨ ᠪᠠ ᠮᠠᠯ ᠠᠵᠤ ᠠᠬᠤᠶ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠥᠷᠥᠯ ᠵᠦᠢᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠦᠸᠧ  ᠰᠧᠨ ᠠᠭᠤᠷᠬᠠᠶ ᠶᠢᠨ  ᠦᠢᠯᠡᠰ ᠤᠨ ᠢᠰᠦᠯᠳᠦᠭᠰᠡᠨ ᠠᠭᠤᠷᠬᠠᠶ ᠶᠢᠨ ᠲᠥᠷᠥᠯ  ᠵᠦᠢᠯ ᠢ ᠭᠤᠤᠯ ᠴᠣᠭᠴᠠ ᠶᠢᠨ ᠪᠠᠷᠢᠯᠭ᠎ᠠ ᠶᠢᠨ ᠱᠠᠲᠤᠨ ᠳᠤ ᠣᠷᠣᠭᠤᠯᠪᠠ᠃ ᠪᠥᠬᠦ ᠬᠤᠲᠠ ᠶᠢᠨ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ ᠢ 153.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 32.16 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4.83 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠵᠤ ᠠᠬᠤᠶ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ  ᠬᠥᠯᠥᠨ ᠪᠤᠶᠢᠷ ᠬᠤᠲᠠ ᠳᠤ ᠬᠤᠶᠠᠳᠤᠭᠠᠷ ᠲᠤ  ᠣᠷᠣᠪᠠ᠃      ᠭᠤᠷᠪᠠ ᠳᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠢᠯᠡᠳᠲᠡ ᠪᠣᠯᠪᠠ᠃ ︽ᠳᠥᠷᠪᠡ ᠶᠢ ᠰᠠᠯᠭᠠᠬᠤ ᠦᠭᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ 3.19 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠣᠷᠣᠭᠤᠯᠵᠤ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠂ ᠶᠠᠳᠠᠭᠤ ᠶᠢ ᠲᠡᠳᠬᠦᠬᠦ ᠠᠵᠤ  ᠦᠢᠯᠡᠰ ᠢ ᠪᠠᠬᠢᠵᠢᠭᠦᠯᠵᠦ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠬᠠᠰᠤᠵᠤ᠂ ᠥᠪᠡᠷᠲᠡᠭᠡᠨ ᠵᠠᠰᠠᠬᠤ ᠣᠷᠣᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ᠂ ᠤᠯᠤᠰ ᠤᠨ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ ᠦᠨᠡᠯᠡᠨ ᠵᠢᠱᠢᠬᠦ ᠳᠤᠮᠳᠠ ᠰᠢᠯᠢᠳᠡᠭ ᠬᠢᠷᠢ ᠪᠦᠲᠦᠮᠵᠢ ᠣᠯᠵᠤ᠂ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠠᠮᠵᠢᠯᠲᠠ ᠪᠦᠲᠦᠮᠵᠢ ᠳᠠᠬᠢᠨᠲᠠ ᠪᠥᠬᠦ ᠣᠷᠣᠨ ᠤ ᠰᠢᠯᠢᠳᠡᠭ ᠬᠢᠷᠢ ᠪᠦᠲᠦᠮᠵᠢ ᠣᠯᠵᠤ᠂ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ  ᠰᠢᠢᠳᠪᠦᠷᠢᠯᠡᠬᠦ ᠲᠡᠷᠢᠭᠦᠨ ᠤ ᠬᠠᠮᠲᠤ ᠪᠠᠷ ᠦᠨᠡᠯᠡᠭᠳᠡᠪᠡ᠃ ᠬᠦᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠪᠦᠬᠦ ᠬᠤᠳᠠ ᠶᠢᠨ  ᠴᠡᠯᠮᠡᠭ  ᠰᠠᠶᠢᠬᠠᠨ ᠡᠳᠦᠷ ᠤᠨ ᠲᠤᠭ᠎ᠠ ᠶᠢᠨ ᠬᠠᠷᠢᠴᠠᠯ ᠢ 98% ᠠᠴᠠ ᠳᠡᠭᠡᠭᠰᠢ ᠪᠠᠶᠢᠯᠭᠠᠵᠤ᠂ ᠶᠠᠯᠦ ᠭᠤᠣᠯ᠂ ᠵᠢᠴᠢᠨ ᠭᠤᠣᠯ ᠤᠨ ᠣᠭᠲᠣᠯᠤᠭᠠᠰᠤ ᠶᠢᠨ ᠤᠰᠤᠨ ᠤ ᠴᠢᠨᠠᠷ ᠢ Ⅱ ᠲᠦᠷᠦᠯ ᠤᠨ ᠤᠰᠤᠨ ᠴᠣᠭᠴᠠ ᠳᠤ ᠪᠠᠶᠢᠯᠭᠠᠵᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠶᠡᠷᠦᠩᠬᠡᠢ ᠳᠡᠭᠡᠨ ᠲᠣᠭᠲᠠᠭᠤᠨ ᠪᠠᠶᠢᠯᠭᠠᠨ᠎ᠠ᠃ ᠭᠦᠸᠧ  ᠰᠧᠨ ᠺᠣᠮᠫᠠᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢ ᠳᠤ ᠰᠣᠩᠭᠤᠭᠳᠠᠨ ᠣᠷᠣᠵᠤ᠂ ᠹᠦ᠋ ᠹᠤᠩ ᠺᠣᠮᠫᠠᠨᠢ ᠶᠢᠨ ᠡᠯ᠎ᠡ ᠵᠦᠢᠯ ᠤᠨ ᠭᠠᠳᠠᠭᠰᠢᠯᠠᠭᠤᠯᠤᠯᠲᠠ ᠶᠢᠨ  ᠭᠦᠢᠴᠡᠳᠭᠡᠯ ᠲᠤᠭ᠎ᠠ ᠨᠢ ᠤᠯᠤᠰ ᠤᠨ ᠪᠠᠷᠢᠮᠵᠢᠶ᠎ᠠ ᠠᠴᠠ ᠳᠠᠪᠠᠭᠤᠯᠢᠭ ᠪᠠᠶᠢᠬᠤ ᠨᠢ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠴᠦ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠤᠯᠤᠰ ᠤᠨ ᠭᠤᠤᠯ ᠤᠨ ᠳᠠᠷᠤᠭ᠎ᠠ ᠶᠢᠨ ᠲᠦᠷᠢᠮ ᠤᠨ ᠨᠠᠭᠤᠷ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠶᠢᠨ ᠴᠣᠯᠠ ᠶᠢ  ᠬᠦᠷᠲᠡᠪᠡ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 6.96 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠡᠭᠦᠷᠭᠡ ᠪᠠᠨ 183.16% ᠪᠠᠷ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ ᠢᠯᠭᠠᠷᠠᠭᠤᠯᠤᠨ ᠲᠢᠭᠯᠡᠪᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠪᠦᠲᠦᠮᠵᠢᠲᠡᠶ ᠪᠠᠷ ᠴᠡᠭᠴᠡᠯᠡᠨ ᠵᠠᠰᠠᠵᠤ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ  ᠠᠵᠢᠯᠯᠠᠬᠤ ᠶᠢ ᠪᠠᠲᠣᠯᠠᠪᠠ᠃     ᠲᠦᠷᠪᠡ ᠳᠤ᠂ ᠪᠣᠬᠢᠷᠲᠤᠯ ᠦᠭᠡᠢ ᠪᠠᠷ ᠬᠥᠳᠡᠭᠡ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠪᠥᠬᠦ ᠬᠤᠲᠠ ᠶᠢᠨ ᠠᠮᠤ ᠪᠤᠳᠠᠭᠠᠨ ᠤ ᠶᠡᠷᠦᠩᠬᠡᠶ ᠤᠨᠠᠯᠲᠠ 25 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠮᠠᠯ ᠤᠨ ᠲᠤᠭ᠎ᠠ 130 ᠲᠦᠮᠡ ᠶᠢ ᠳᠠᠪᠠᠪᠠ᠃ ᠵᠠᠯᠠᠨ ᠠᠶᠢᠯ ᠤᠨ ᠬᠠᠷ᠎ᠠ ᠳᠡᠯᠳᠡᠦ ᠶᠢ ᠠᠩᠬᠠᠨ ᠤ ᠪᠦᠯᠦᠭ ᠳᠤᠮᠳᠠᠳᠤ ᠧᠦ᠋ᠷᠣᠫᠠ ᠶᠢᠨ ᠬᠠᠷᠢᠯᠴᠠᠨ ᠮᠡᠳᠡᠷᠡᠬᠦ ᠨᠠᠷᠢᠨ ᠲᠠᠩᠰᠠᠨ ᠳᠤ ᠣᠷᠣᠭᠤᠯᠵᠤ᠂ ᠵᠠᠯᠠᠨ ᠠᠶᠢᠯ ᠤᠨ ᠨᠠᠷᠢᠮᠤ᠂ ᠰᠢᠷ᠎ᠠ ᠪᠤᠷᠴᠠᠭ ᠤᠨ ᠲᠣᠰᠣ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠵᠥᠪᠰᠢᠶᠡᠷᠡᠭᠳᠡᠵᠦ᠂ ᠪᠥᠬᠦ ᠬᠤᠲᠠ ᠶᠢᠨ ︽ᠭᠤᠷᠪᠠᠨ ᠪᠦᠲᠦᠭᠡᠭᠳᠡᠬᠦᠨ ᠨᠢᠭᠡ ᠪᠠᠷᠢᠮᠵᠢᠶ᠎ᠠ︾ ᠶᠢᠨ ᠶᠡᠷᠦᠩᠬᠡᠶ ᠲᠤᠭ᠎ᠠ 90 ᠪᠣᠯᠵᠣ᠂ ᠪᠥᠬᠦ ᠣᠷᠣᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠲᠠ ᠪᠣᠯᠤᠭᠰᠠᠨ ᠪᠠᠶᠢᠨ᠎ᠠ᠃ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠬᠥᠲᠥᠴᠢ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠣᠷᠣᠯᠭ᠎ᠠ ᠶᠢ 84.3 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠬᠥᠯᠥᠨ ᠪᠤᠶᠢᠷ ᠬᠤᠲᠠ ᠶᠢᠨ ᠲᠡᠷᠢᠭᠦᠨ ᠳᠤ ᠣᠷᠣᠪᠠ᠃ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠥᠳᠡᠭᠡ ᠲᠣᠰᠬᠤᠨ ᠤ 10183 ᠡᠷᠦᠬᠡ ᠶᠢᠨ ᠵᠣᠷᠯᠣᠩ ᠢ ᠥᠭᠡᠷᠡᠴᠢᠯᠡᠵᠦ᠂ ᠠᠶᠢᠯ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠨᠤᠷᠮ᠎ᠠ ᠶᠢ 90% ᠠᠴᠠ ᠳᠡᠭᠡᠭᠰᠢ ᠳᠤ ᠬᠦᠷᠭᠡᠪᠡ᠃ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠵᠠᠮ ᠢ ᠬᠠᠲᠠᠭᠤᠷᠠᠭᠤᠯᠬᠤ᠂ ᠰᠢᠶᠠᠨ ᠰᠢᠶᠠᠩ ᠤᠨ ᠵᠠᠮ ᠤᠨ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠬᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ︽ᠲᠣᠰᠣ ᠶᠢ ᠡᠯᠡᠰᠦ ᠪᠣᠯᠭᠠᠬᠤ︾ ᠥᠭᠡᠷᠡᠴᠢᠯᠡᠯᠲᠡ ᠵᠡᠷᠭᠡ ᠲᠥᠷᠥᠯ  ᠵᠦᠢᠯ ᠢ ᠤᠷᠤᠭᠰᠢᠲᠠᠶ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠩᠬᠠᠨ ᠤ ᠬᠢᠨᠠᠯᠲᠠ ᠶᠢ ᠥᠩᠭᠡᠷᠡᠭᠡᠪᠡ᠃ ᠪᠠᠶᠢᠭᠠᠯᠢ ᠶᠢᠨ ᠣᠶ ᠰᠢᠭᠤᠶ ᠶᠢ ᠲᠠᠸᠠᠷ ᠤᠨ ᠴᠢᠨᠠᠷᠲᠠᠶ ᠪᠠᠷ ᠣᠭᠲᠣᠯᠬᠤ ᠶᠢ ᠵᠣᠭᠰᠣᠭᠠᠬᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠱᠠᠩᠨᠠᠵᠤ ᠨᠥᠬᠦᠪᠥᠷᠢᠯᠡᠬᠦ ᠵᠡᠷᠭᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ 3 ᠲᠦᠮᠡᠨ ᠮᠥ ᠮᠣᠳᠣ ᠳᠠᠷᠢᠵᠤ᠂ 9.3 ᠲᠦᠮᠡᠨ ᠮᠥ ᠣᠶ ᠰᠢᠭᠤᠶ ᠶᠢ ᠠᠷᠠᠴᠢᠯᠠᠨ ᠪᠤᠶᠢᠵᠢᠭᠤᠯᠵᠤ᠂ 19.1 ᠲᠦᠮᠡᠨ ᠮᠥ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠡᠶᠡᠯᠡᠭᠦᠯᠵᠦ᠂ 22 ᠵᠢᠯ ᠳᠠᠷᠠᠭᠠᠯᠠᠨ ᠬᠦᠨᠳᠦ ᠶᠡᠭᠡ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠤᠭᠰᠠᠨ ᠥᠬᠡᠶ᠃ ᠡᠯ᠎ᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠵᠢᠯ ᠳᠤᠮᠳᠠᠴᠢ ᠪᠠᠷ 19.1 ᠲᠦᠮᠡᠨ ᠲᠥᠭᠦᠷᠢᠭ ᠲᠤ ᠬᠦᠷᠴᠦ᠂ ᠳᠠᠭᠤᠷ ᠦᠨᠳᠦᠰᠦᠲᠡᠨ ᠤ ᠰᠢᠶᠠᠩ ᠤᠨ ᠮᠠᠨᠳᠤ ᠲᠣᠰᠬᠤᠨ ᠪᠥᠬᠦ ᠤᠯᠤᠰ ᠤᠨ ᠪᠣᠯᠪᠠᠰᠤᠨ ᠲᠣᠰᠬᠤᠨ ᠪᠣᠯᠵᠣ ᠳᠡᠪᠰᠢᠪᠡ᠃      ᠲᠠᠪᠤ ᠳᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠠᠭᠠᠷ ᠤᠨ ᠠᠵᠤ ᠦᠢᠯᠡᠰ ᠤᠨ ᠲᠠᠯ᠎ᠠ ᠪᠠᠷ ᠳᠠᠬᠢᠨᠲᠠ ᠰᠢᠪᠲᠤᠯᠤᠯᠲᠠ ᠭᠠᠷᠭᠠᠵᠤ᠂ ᠪᠥᠬᠦ ᠤᠯᠤᠰ ᠤᠨ ᠴᠣᠷ ᠤᠨ ᠭᠠᠭᠴᠠ ᠣᠯᠠᠨ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ ᠨᠢᠰᠦᠯᠲᠡ ᠶᠢᠨ ᠪᠣᠯᠪᠠᠰᠤᠷᠠᠭᠤᠯᠤᠯ ᠤᠨ ᠲᠤᠰᠬᠠᠶ ᠰᠠᠭᠤᠷᠢᠨ ᠭᠠᠵᠠᠷ ᠫᠠᠶᠢᠰᠠ ᠡᠯᠭᠦᠨ ᠠᠵᠢᠯᠯᠠᠵᠤ᠂ ᠮᠠᠨ ᠤ ᠬᠤᠲᠠ ᠬᠢᠭᠡᠳ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠭᠦᠨᠵᠡᠭᠡᠶ ᠬᠠᠮᠲᠤᠷᠠᠯᠴᠠᠭ᠎ᠠ ᠪᠠᠰᠠ ᠨᠢᠭᠡ ᠠᠯᠬᠤᠮ ᠪᠠᠲᠤᠵᠢᠭᠰᠠᠨ ᠪᠥᠭᠡᠳ ᠲᠤᠰᠬᠠᠶ ᠨᠢᠰᠦᠯᠲᠡ ᠶᠢᠨ ᠪᠣᠯᠪᠠᠰᠤᠷᠠᠯ᠂ ᠰᠡᠯᠪᠢᠨ ᠵᠠᠰᠠᠬᠤ ᠰᠢᠯᠭᠠᠨ ᠪᠠᠶᠢᠴᠠᠭᠠᠵᠤ ᠠᠷᠠᠴᠢᠯᠠᠨ ᠬᠠᠮᠠᠭᠠᠯᠠᠬᠤ᠂ ᠠᠷᠠᠳ ᠤᠨ ᠬᠡᠷᠡᠭᠯᠡᠭᠡᠨ ᠤ ᠵᠢᠯᠣᠭᠤᠴᠢ ᠥᠬᠡᠶ ᠠᠭᠠᠷ ᠤᠨ ᠠᠶᠠᠯᠠᠯ ᠤᠨ ᠲᠤᠷᠰᠢᠯᠲᠠ᠂ ᠠᠷᠠᠳ ᠤᠨ ᠠᠭᠠᠷ ᠤᠨ ᠠᠶᠠᠯᠠᠯ ᠤᠨ ᠪᠣᠯᠪᠠᠰᠤᠷᠠᠭᠤᠯᠤᠯ ᠬᠥᠮᠦᠵᠢᠯ᠂ ᠣᠷᠣᠨ ᠪᠦᠰᠡ ᠶᠢᠨ ᠠᠶᠠᠯᠠᠯ ᠨᠡᠪᠲᠡᠷᠡᠬᠦ ᠬᠦᠢᠰᠦ ᠪᠣᠯᠬᠤ ︽ᠲᠠᠪᠤᠨ ᠶᠡᠭᠡ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠨᠢᠭᠡ ᠡᠭᠡᠯᠵᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠪᠠ᠃ ᠣᠷᠴᠢᠯ ᠠᠵᠤ ᠦᠢᠯᠡᠳᠪᠦᠷᠢ ᠶᠢᠨ ᠢᠯᠠᠯᠲᠠ ᠶᠢᠨ ᠮᠡᠳᠡᠭᠡ ᠵᠠᠯᠭᠠᠭ᠎ᠠ ᠪᠠᠷ ᠤᠯᠠᠮᠵᠢᠯᠠᠭᠳᠠᠵᠤ᠂  ᠹᠦ᠋ ᠹᠧᠩ ᠺᠣᠮᠫᠠᠨᠢ ᠪᠦᠬᠦ ᠣᠷᠣᠨ ᠤ ᠴᠤᠷ ᠤᠨ ᠭᠠᠭᠴᠠ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ  ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠦᠨᠡᠯᠡᠭᠳᠡᠵᠦ᠂ ᠪᠦᠬᠦ ᠤᠯᠤᠰ ᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠵᠠᠭᠤᠨ ᠬᠦᠴᠦᠷᠬᠡᠭ᠂ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠲᠤᠰᠬᠠᠢ ᠲᠦᠷᠦᠯ ᠤᠨ ᠠᠷᠪᠠᠨ ᠬᠦᠴᠦᠷᠬᠡᠭ ᠢᠶᠠᠷ ᠰᠣᠩᠭᠤᠭᠳᠠᠵᠠᠢ  ᠃  ᠹᠦ᠋ ᠹᠧᠩ ᠺᠣᠮᠫᠠᠨᠢ᠂ ᠭᠦᠸᠧ ᠰᠧᠨ ᠺᠣᠮᠫᠠᠨᠢ ᠬᠥᠯᠥᠨ ᠪᠤᠶᠢᠷ ᠬᠤᠳᠠ ᠶᠢᠨ ᠬᠤᠶᠠᠷᠬᠠᠨ ᠠᠵᠤ ᠠᠬᠤᠶᠢᠯᠠᠯ ᠤᠨ ᠬᠤᠪᠢ ᠪᠠᠷ ᠪᠦᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 100 ᠬᠦᠴᠦᠷᠬᠡᠭ ᠲᠤ ᠣᠷᠣᠵᠤ᠂  ᠰᠣᠩ ᠯᠦ ᠺᠣᠮᠫᠠᠨᠢ ᠪᠦᠬᠦ ᠣᠷᠣᠨ ᠤ ᠠᠩᠬᠠᠳᠠᠭᠴᠢ ᠪᠦᠯᠦᠭ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠵᠠᠢ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ  ᠦᠢᠯᠡᠳᠭᠦᠨ ᠤ ᠶᠡᠷᠦᠩᠬᠡᠶ ᠥᠷᠲᠡᠭ 107.6 ᠳ᠋ᠦᠩᠰᠢᠭᠤᠷ ᠲᠥᠭᠦᠷᠢᠭ ᠲᠤ ᠬᠦᠷᠴᠦ᠂ ᠬᠥᠯᠥᠨ ᠪᠤᠶᠢᠷ ᠬᠤᠲᠠ ᠶᠢᠨ ᠨᠢᠭᠡᠳᠦᠭᠡᠷ ᠲᠤ ᠯᠠᠪᠳᠠᠭᠤᠨ ᠢᠶᠠᠷ ᠣᠷᠣᠪᠠ᠃ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠬᠥᠭᠵᠢᠵᠦ ᠂ ᠪᠥᠬᠦ ᠵᠢᠯ ᠤᠨ ᠠᠷᠠᠯᠵᠢᠶᠠᠨ ᠤ ᠲᠤᠭ᠎ᠠ 8.34 ᠳ᠋ᠦᠩᠰᠢᠭᠤᠷ ᠲᠥᠭᠦᠷᠢᠭ ᠲᠤ ᠬᠦᠷᠴᠦ᠂ 28.31% ᠪᠠᠷ ᠨᠡᠮᠡᠭᠳᠡᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠡᠭᠡᠭᠰᠢ ᠠᠷᠠᠯᠵᠢᠶᠠᠯᠠᠬᠤ ᠲᠤᠭ᠎ᠠ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ᠃ ᠪᠥᠬᠦ ᠴᠠᠷᠠᠭᠠᠨ ᠤ ᠵᠢᠭᠤᠯᠴᠢᠯᠠᠯ ᠢ ᠲᠣᠭᠲᠠᠭᠤᠨ ᠢᠶᠠᠷ ᠠᠬᠢᠭᠤᠯᠵᠤ᠂ ᠴᠠᠢ ᠾᠧ ᠦᠵᠡᠮᠵᠢ ᠶᠢᠨ ᠣᠷᠣᠨ ᠤ ᠰᠢᠷᠢᠰ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠪᠣᠶ ᠪᠣᠯᠭᠠᠵᠤ᠂ ᠶᠢᠨ ᠯᠦᠩ ᠱᠠᠨ ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢ ᠨᠠᠩ ᠲᠡᠭᠦᠯᠳᠡᠷᠵᠢᠭᠦᠯᠵᠦ᠂ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ ᠤᠨ ᠠᠵᠤ  ᠦᠢᠯᠡᠰ ᠢ ᠠᠭᠤᠰᠤᠯᠴᠠᠭᠤᠯᠤᠨ ᠬᠥᠭᠵᠢᠭᠦᠯᠦᠨ᠎ᠡ᠃     ᠵᠢᠷᠭᠤᠭ᠎ᠠ ᠳᠤ ᠬᠤᠳᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ᠂ ᠨᠡᠶᠢᠭᠡᠮ ᠠᠷᠠᠳ ᠤᠨ ᠠᠮᠢᠳᠤᠷᠠᠯ  ᠦᠷᠭᠦᠯᠵᠢᠯᠡᠨ ᠰᠠᠶᠢᠵᠢᠷᠠᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 34.23 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠵᠠᠷᠤᠯᠭ᠎ᠠ ᠶᠢᠨ 81.32% ᠢ ᠡᠵᠡᠯᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 37574 ᠲᠥᠭᠦᠷᠢᠭ ᠪᠠ 20148 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.1% ᠪᠠ 8% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠬᠥᠯᠥᠨ ᠪᠤᠶᠢᠷ ᠬᠤᠲᠠ ᠶᠢᠨ ᠭᠤᠷᠪᠠᠳᠤᠭᠠᠷ ᠲᠤ ᠣᠷᠣᠪᠠ᠃ ᠠᠵᠢᠯ ᠣᠯᠭᠤᠯᠲᠠ ᠶᠢ ᠤᠷᠢᠳᠠᠪᠠᠷ ᠲᠣᠭᠲᠠᠪᠤᠷᠢᠵᠢᠭᠤᠯᠵᠤ᠂ ᠬᠤᠳᠠ ᠪᠠᠯᠭᠠᠰᠤᠨ ᠤ 4400 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 2.4 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ᠃ ᠡᠯ᠎ᠡ ᠲᠥᠷᠥᠯ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠠᠮᠢᠳᠤᠷᠠᠯ ᠢ ᠠᠰᠠᠷᠠᠨ ᠲᠡᠵᠢᠭᠡᠬᠦ ᠵᠡᠷᠭᠡ ᠪᠠᠯᠠ ᠮᠥᠩᠭᠦ ᠶᠢ 18.54 ᠳ᠋ᠦᠩᠰᠢᠭᠤᠷ ᠲᠥᠭᠦᠷᠢᠭ ᠲᠠᠷᠬᠠᠭᠠᠪᠠ᠃ ᠠᠮᠢᠳᠤᠷᠠᠯ ᠪᠠ ᠣᠷᠣᠨ ᠰᠠᠭᠤᠴᠠ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ 1.93 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠳᠡᠭᠡᠭᠰᠢᠯᠡᠭᠦᠯᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ 59 ᠬᠠᠭᠤᠴᠢᠨ  ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ 15000 ᠭᠠᠷᠤᠶ ᠡᠷᠦᠬᠡ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ  ᠭᠦᠢᠴᠡᠳᠭᠡᠪᠡ᠃ ᠰᠤᠷᠭᠠᠨ ᠬᠥᠮᠦᠵᠢᠯ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠪᠠᠭᠰᠢ ᠶᠢᠨ ᠴᠡᠴᠡᠷᠯᠢᠭ ᠤᠨ ᠬᠡᠤᠬᠡᠳ ᠤᠨ ᠴᠡᠴᠡᠷᠯᠢᠭ ᠢ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ᠂  ᠯᠢᠣᠢ ᠯᠢᠨ ᠰᠠᠭᠤᠭᠠᠯᠢ ᠠᠷᠠᠳ ᠤᠨ ᠲᠣᠭᠤᠷᠢᠭ᠂  ᠰᠧᠨ ᠭᠥᠩ ᡁᠢ ᠵᠢᠶᠠ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠥᠷᠢᠳᠦᠭᠰᠡᠨ ᠬᠡᠤᠬᠡᠳ ᠤᠨ ᠴᠡᠴᠡᠷᠯᠢᠭ ᠪᠣᠯᠭᠠᠨ ᠬᠤᠪᠢᠷᠠᠭᠤᠯᠵᠤ᠂ ᠢᠯᠡ ᠪᠠᠷ ᠰᠣᠷᠣᠭᠴᠢ ᠡᠯᠰᠡᠬᠦ ᠶᠢ ᠬᠡᠷᠡᠭᠵᠢᠭᠦᠯᠦᠨ᠂ ᠪᠥᠬᠦ ᠬᠤᠲᠠ ᠳᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠡᠷᠳᠡᠮ ᠤᠨ ᠴᠣᠯᠠ ᠶᠢ 1125 ᠨᠡᠮᠡᠭᠳᠡᠭᠦᠯᠪᠡ᠃ ᠬᠥᠯᠥᠨ ᠪᠤᠶᠢᠷ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠶᠡᠷᠦᠩᠬᠡᠶᠢᠯᠡᠭᠰᠡᠨ ᠦᠢᠯᠡᠳᠦᠯᠭᠡ ᠶᠢᠨ ᠰᠠᠭᠤᠷᠢᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ  ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠪᠣᠯᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ᠂ ᠾᠧ ᠰᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ   ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠵᠤ᠂ ︽ᠡᠮᠴᠢᠯᠡᠭᠡᠨ ᠤ ᠬᠠᠮᠲᠤ ᠶᠢᠨ ᠴᠣᠭᠴᠠ︾ ᠶᠢᠨ ᠪᠠᠶᠢᠭᠤᠯᠤᠯᠲᠠ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠵᠡᠷᠭᠡ ᠠᠵᠢᠯ ᠢ ᠦᠷᠭᠦᠯᠵᠢᠯᠡᠨ ᠰᠢᠯᠢᠳᠡᠭᠵᠢᠭᠦᠯᠵᠦ᠂ ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠥᠩ ᠨᠡᠶᠢᠭᠡᠮ ᠲᠣᠭᠤᠷᠢᠭ ᠪᠥᠬᠦ ᠤᠯᠤᠰ ᠤᠨ ᠤᠯᠠᠭᠠᠨ ᠵᠠᠭᠠᠯᠮᠠᠶᠢᠲᠠᠨ ᠤ ᠵᠢᠱᠢᠶᠡᠴᠢ ᠨᠢᠭᠡᠴᠡ  ᠪᠠᠷ ᠢᠷᠠᠭᠤ ᠠᠯᠳᠠᠷᠲᠠᠶ  ᠰᠣᠩᠭᠤᠭᠳᠠᠪᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠤᠯᠠᠨ ᠲᠦᠮᠡᠨ ᠤ ᠰᠣᠶᠣᠯ ᠤᠨ ᠲᠣᠭᠯᠠᠯᠲᠠ ᠶᠢ 115 ᠲᠠᠯᠠᠪᠠᠢ᠂ ᠲᠠᠮᠢᠷ ᠤᠨ ᠤᠷᠤᠯᠳᠤᠭᠠᠨ ᠢ 114 ᠲᠠᠯᠠᠪᠠᠢ ᠡᠷᠬᠢᠯᠡᠵᠦ᠂ ᠤᠯᠠᠭᠠᠨᠮᠥ᠋ᠴᠢᠷ 99 ᠤᠷᠠᠨ ᠰᠠᠶᠢᠬᠠᠨ ᠤ ᠪᠦᠲᠦᠭᠡᠯ ᠢ ᠡᠭᠦᠳᠦᠨ ᠨᠠᠶᠢᠷᠠᠭᠤᠯᠵᠤ᠂ ᠨᠠᠮ ᠤᠨ ᠬᠢᠴᠢᠶᠡᠯ ᠤᠨ ᠦᠵᠡᠭᠳᠡᠯᠲᠦ ᠶᠠᠷᠢᠶᠠᠲᠤ ᠵᠦᠴᠦᠭᠡ ︽ᠤᠯᠠᠭᠠᠨᠬᠦᠦ ᠵᠠᠯᠠᠨ ᠳᠤ ᠪᠣᠢ︾ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠤᠨ ᠵᠦᠴᠦᠭᠡ ᠳᠤ ᠰᠣᠩᠭᠤᠭᠳᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠠᠵᠢᠯ ᠢ ᠦᠨᠡᠨ ᠬᠦ ᠰᠠᠶᠢᠵᠢᠷᠠᠭᠤᠯᠤᠨ ᠴᠢᠩᠭᠠᠳᠬᠠᠪᠠ᠃     ᠲᠤᠯᠤᠭ᠎ᠠ ᠳᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 225  ᠵᠦᠢᠯ ᠤᠨ ᠵᠠᠰᠠᠭ ᠵᠠᠬᠢᠷᠭᠠᠨ ᠤ ᠡᠷᠬᠡ ᠶᠢᠨ  ᠵᠦᠢᠯᠡᠰ ᠢ ᠪᠠᠭᠠᠰᠬᠠᠨ᠂ 176  ᠵᠦᠢᠯ ᠤᠨ  ᠦᠢᠯᠡᠴᠢᠯᠡᠭᠡᠨ ᠤ  ᠵᠦᠢᠯᠡᠰ ᠢ ᠵᠠᠰᠠᠭ ᠤᠨ ᠶᠠᠪᠤᠳᠠᠯ ᠤᠨ ᠲᠢᠩᠬᠢᠮ ᠳᠤ ᠣᠷᠣᠭᠤᠯᠵᠤ ᠰᠠᠭᠤᠯᠭᠠᠵᠤ᠂ ︽ᠳᠠᠷᠦ᠋ᠢᠬᠠᠨ  ᠭᠦᠢᠴᠡᠳᠭᠡᠬᠦ︾ ︽ᠰᠦᠯᠵᠢᠶᠡᠨ ᠳᠡᠭᠡᠷ᠎ᠡ  ᠭᠦᠢᠴᠡᠳᠭᠡᠬᠦ︾ ︽ᠨᠢᠭᠡ ᠯᠡ ᠤᠳᠠᠭ᠎ᠠ ᠳᠤ  ᠭᠦᠢᠴᠡᠳᠭᠡᠬᠦ︾ ︽ᠣᠶᠢᠷ᠎ᠠ ᠬᠠᠪᠢ ᠳᠤᠨᠢ  ᠭᠦᠢᠴᠡᠳᠭᠡᠬᠦ︾ ᠶᠢ ᠪᠡᠶᠡᠯᠡᠭᠦᠯᠵᠦ᠂ ᠠᠵᠤ  ᠦᠢᠯᠡᠳᠪᠦᠷᠢ ᠬᠤᠳᠠᠯᠳᠤᠭᠠᠨ ᠤ ᠳᠡᠩᠰᠡᠯᠡᠵᠦ ᠬᠦᠴᠦᠨ ᠥᠬᠡᠶ ᠪᠣᠯᠭᠠᠬᠤ ᠪᠥᠬᠦ ᠶᠠᠪᠤᠴᠠ ᠶᠢ ᠡᠯᠧᠺᠲᠷᠦᠨᠴᠢᠯᠡᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠠᠮᠤᠷ ᠢ ᠬᠠᠮᠠᠭᠠᠯᠠᠬᠤ᠂ ᠡᠷᠡᠭᠦᠦ ᠶᠢᠨ ᠬᠡᠷᠡᠭ ᠤᠨ ᠲᠦᠷᠦᠯ ᠤᠨ ᠬᠡᠷᠡᠭ ᠢ ᠦᠷᠭᠦᠯᠵᠢᠯᠡᠨ ᠪᠠᠭᠠᠰᠬᠠᠪᠠ᠃ ᠠᠶᠤᠯ ᠥᠭᠡᠢ ᠦᠢᠯᠡᠳᠪᠦᠷᠢᠯᠡᠯ  ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ  ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠥᠬᠦ ᠵᠢᠯ  ᠲᠤ  ᠠᠶᠣᠯᠬᠦᠢ ᠦᠢᠯᠡᠳᠪᠦᠷᠢᠯᠡᠯ ᠪᠣᠯᠤᠨ ᠢᠳᠡᠭᠡᠨ ᠪᠠ ᠡᠮ  ᠤᠨ ᠵᠦᠢᠯ  ᠤᠨ  ᠠᠮᠣᠷ ᠲᠦᠪᠰᠢᠨ ᠤ  ᠬᠦᠨᠳᠦ ᠶᠡᠭᠡ ᠡ᠊ᠨᠳᠡᠯ ᠭᠠᠷᠤᠭᠰᠠᠨ ᠥᠭᠡᠢ᠃ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠳᠠᠭᠠᠭᠠᠨ  ᠰᠢᠢᠳᠪᠦᠷᠢᠯᠡᠬᠦ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠯᠭᠠᠪᠠ᠃ ᠰᠢᠨ᠎ᠡ ᠪᠠᠶᠢᠳᠠᠯ ᠤᠨ ᠳᠣᠣᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ᠂ ᠬᠤᠶᠠᠷ ᠢ ᠬᠦᠷᠢᠶᠡᠯᠡᠬᠦ ᠬᠠᠷᠠᠭᠠᠯᠵᠠᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠪᠡ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ  ᠣᠯᠵᠠᠢ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠠᠵᠤ ᠦᠢᠯᠡᠳᠪᠦᠷᠢ ᠬᠤᠳᠠᠯᠳᠤᠭᠠᠨ ᠤ ᠬᠢᠨ ᠤ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠪᠣᠭᠤᠮᠲᠠ ᠶᠢᠨ ᠠᠵᠢᠯ ᠤᠨ ᠵᠥᠪᠯᠡᠯ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠵᠡᠷᠭᠡ ᠠᠷᠠᠳ ᠤᠨ ᠪᠦᠯᠬᠦᠮ ᠴᠢᠬᠤᠯᠠ ᠦᠢᠯᠡᠳᠦᠯ ᠢᠶᠠᠨ ᠪᠠᠳᠠᠷᠠᠭᠤᠯᠵᠤ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠨᠠᠰᠤᠲᠠᠶᠢᠴᠤᠳ ᠤᠨ ᠰᠤᠷᠭᠠᠨ ᠬᠥᠮᠦᠵᠢᠯ᠂ ᠬᠠᠩᠭᠠᠨ ᠪᠣᠷᠣᠯᠠᠭᠤᠯᠬᠤ  ᠬᠤᠷᠰᠢᠶ᠎ᠠ᠂  ᠴᠠᠭ ᠠᠭᠤᠷ  ᠢ ᠲᠦᠭᠡᠮᠵᠢᠯᠡᠭᠦᠯᠬᠦ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠳᠤ ᠰᠢᠨ᠎ᠡ ᠠᠮᠵᠢᠯᠲᠠ ᠪᠦᠲᠦᠮᠵᠢ  ᠣᠯᠵᠠᠢ᠃     ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠤᠨ ᠨᠠᠶᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 217 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠪᠣᠯᠪᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ