ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ  ᠨᠢ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠪᠠ ᠵᠢᠮ᠎ᠡ ᠶᠣᠰᠣ ᠶᠢ ᠡᠵᠡᠮᠳᠡᠵᠥ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/10/25
     ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 19      ᠤ ᠴᠠᠬᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 10 ᠰᠠᠷ᠎ᠠ ᠶᠢᠨ 18     ᠤ ᠦᠳᠡ ᠶᠢᠨ ᠬᠤᠶᠢᠨ᠎ᠠ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠢ ᠭᠤᠴᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠣᠶᠢᠷ᠎ᠠ ᠶᠢᠨ ᠵᠢᠯ ᠠᠴᠠ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠡᠭᠦᠯᠡᠨ ᠪᠣᠳᠣᠯᠲᠠ᠂ ᠵᠣᠬᠢᠶᠠᠮᠠᠯ ᠤᠶᠤᠨ᠂ ᠴᠥᠷᠬᠦᠯᠡᠭᠡ ᠳ᠋ᠠᠶᠢᠲ᠋ᠠ ᠵᠡᠷᠭᠡ ᠮᠡᠷᠭᠡᠵᠢᠯ ᠤᠨ ᠰᠢᠨ᠎ᠡ ᠶᠢ ᠡᠭᠦᠳᠬᠦ ᠠᠬᠢᠴᠠ ᠲᠦᠷᠭᠡᠳᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠪᠦᠬᠦ ᠶᠠᠪᠤᠴᠠ ᠳᠤ ᠡᠳᠦᠷ ᠢᠷᠡᠬᠦᠶ᠎ᠡ ᠠᠭᠤᠰᠤᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠬᠤᠷᠳᠤᠴᠠ ᠶᠢᠨ ᠲᠦᠷᠭᠡᠨ᠂ ᠳᠠᠶᠢᠴᠢᠯᠠᠬᠤ ᠬᠡᠪᠴᠢᠶ᠎ᠡ ᠶᠢᠨ ᠥᠷᠭᠡᠨ᠂ ᠨᠥᠯᠥᠭᠡᠯᠡᠬᠦ ᠬᠡᠮᠵᠢᠶ᠎ᠡ ᠶᠢᠨ ᠬᠦᠨ ᠪᠠᠶᠢᠬᠤ ᠪᠠᠷ ᠢᠶᠠᠨ ᠤᠷᠢᠳ ᠡᠮᠦᠨ᠎ᠡ ᠪᠠᠶᠢᠭ᠎ᠠ ᠦᠭᠡᠢ ᠪᠠᠶᠢᠵᠤ᠂ ᠪᠦᠬᠦ ᠪᠥᠮᠪᠥᠷᠴᠡᠭ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠲᠠᠬᠢᠨ ᠪᠠᠶᠢᠭᠤᠯᠬᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠪᠦᠲᠦᠴᠡ ᠶᠢ ᠲᠠᠬᠢᠨ ᠴᠣᠭᠴᠠᠯᠠᠬᠤ᠂ ᠪᠦᠬᠦ ᠪᠥᠮᠪᠥᠷᠴᠡᠭ ᠤᠨ ᠥᠷᠢᠰᠥᠯᠳᠦᠭᠡᠨ ᠤ ᠪᠠᠶᠢᠷᠢᠰᠢᠯ ᠢ ᠬᠤᠪᠢᠷᠠᠭᠤᠯᠬᠤ ᠵᠠᠩᠭᠢᠯᠠᠭ᠎ᠠ ᠶᠢᠨ ᠬᠦᠴᠦᠨ ᠪᠤᠯᠵᠤ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠢ ᠶᠢᠨ ᠵᠠᠭᠤᠨ ᠵᠢᠯ ᠳᠤ ᠳᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ᠂ ᠤᠯᠤᠰ ᠤᠨ ᠳᠣᠲᠣᠭᠠᠳᠤ ᠭᠠᠳᠠᠭᠠᠳᠦ ᠶᠢᠨ ᠬᠤᠶᠠᠷ ᠶᠡᠭᠡ ᠲᠠᠯ᠎ᠠ ᠂ ᠬᠥᠭᠵᠢᠯᠲᠡ ᠪᠠ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠶᠡᠭᠡ ᠬᠡᠮᠵᠢᠶᠡᠨ ᠤ ᠲᠤᠭ᠎ᠠ ᠪᠠᠷᠢᠮᠲᠠ ᠪᠠ ᠡᠯᠪᠡᠭ ᠬᠡᠷᠡᠭᠯᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ  ᠳᠤ ᠬᠦᠴᠦᠨ ᠨᠡᠮᠡᠷᠢᠯᠡᠵᠥ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠡᠪ ᠵᠠᠭᠪᠤᠷ ᠢ ᠪᠤᠢ ᠪᠣᠯᠭᠠᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢ ᠲᠠᠰᠤᠷᠠᠯᠳᠠ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠣᠵᠠᠭᠠᠶᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠨᠠᠨᠵᠢᠩ ᠶᠡᠭᠡ ᠰᠤᠷᠭᠠᠭᠤᠯᠢ ᠶᠢᠨ ᠵᠠᠬᠢᠷᠤᠯ ᠯᠢᠦᠶ ᠵᠢᠶᠠᠨ ᠫᠷᠤᠹᠧᠰᠰᠤᠷ ᠡᠨᠡ ᠠᠰᠠᠭᠤᠳᠠᠯ ᠤᠨ ᠲᠤᠬᠠᠶ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠣᠭᠰᠠᠨ ᠪᠥᠭᠡᠳ ᠶᠠᠷᠢᠯᠴᠠᠪᠠ᠃      ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠦᠯᠵᠢᠶᠡᠨ ᠤ ᠬᠦᠴᠦᠷᠬᠡᠭ ᠤᠯ᠊‍ᠤᠰ ᠤᠨ ᠪᠠᠶᠢᠯᠳᠤᠬᠤ ᠪᠣᠳᠣᠯᠭ᠎ᠠ ᠪᠠ ᠤᠯᠤᠰ ᠤᠨ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠦᠯᠵᠢᠶᠡᠨ ᠤ ᠠᠵᠤ ᠠᠬᠤᠶ ᠶᠢᠨ ᠣᠷᠣᠨ ᠵᠠᠶ ᠶᠢ ᠥᠷᠭᠡᠳᠭᠡᠵᠦ᠂ ᠢᠨᠲ᠋ᠧᠷ ᠰᠦᠯᠵᠢᠶᠡᠨ ᠳᠤ ᠰᠠᠭᠤᠷᠢᠯᠠᠭᠰᠠᠨ ᠡᠯ᠎ᠡ ᠲᠥᠷᠥᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠪᠠ ᠪᠣᠳᠠᠲᠤ ᠴᠣᠭᠴᠠ ᠶᠢᠨ ᠠᠵᠤ ᠠᠬᠤᠶ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠳᠤᠮᠳᠠᠳᠤ ᠤᠯᠤᠰ᠂ ᠤᠶᠤᠨᠲᠤ ᠨᠡᠶᠢᠭᠡᠮ ᠢ ᠪᠥᠲᠥᠭᠡᠨ ᠪᠠᠶᠢᠭᠤᠯᠵᠤ᠂ ᠲᠣᠭᠠᠴᠢᠯᠠᠯᠲᠠ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠣᠯᠠᠨ ᠤᠯᠤᠰ ᠤᠨ ᠥᠷᠢᠰᠥᠯᠳᠦᠬᠦ ᠬᠦᠴᠦᠨ ᠲᠠᠢ ᠲᠣᠭᠠᠴᠢᠯᠠᠭᠰᠠᠨ ᠠᠵᠤ ᠦᠢᠯᠡᠰ ᠤᠨ ᠪᠥᠯᠥᠭᠵᠢᠯ ᠢ ᠴᠣᠭᠴᠠᠯᠠᠵᠤ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠨᠡᠯᠢᠶᠡᠳ ᠲᠦᠷᠭᠡᠨ ᠪᠠᠶᠢᠵᠤ᠂ ᠢᠯᠡᠳᠲᠡ ᠠᠮᠵᠢᠯᠲᠠ ᠪᠦᠲᠦᠮᠵᠢ ᠤᠯᠪᠠ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠶ ᠨᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ᠂ ᠦᠢᠯᠡᠳᠪᠦᠷᠢᠯᠡᠯ ᠠᠮᠢᠳᠤᠷᠠᠯ ᠢ ᠰᠡᠷᠭᠦᠭᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠡᠢ ᠭᠡᠵᠦ ᠵᠢᠭᠠᠵᠤ ᠭᠠᠷᠭᠠᠪᠠ᠃     ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠰᠢᠨ᠎ᠡ ᠠᠵᠠ ᠲᠣᠬᠢᠶᠠᠯ ᠢ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠃ ᠨᠢᠭᠡ ᠳᠤ᠂ ᠲᠣᠭᠠᠴᠢᠯᠠᠭᠰᠠᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠠᠬᠢᠭᠤᠯᠤᠨ ᠪᠠᠶᠢᠭᠤᠯᠬᠤ ᠳᠤ ᠠᠰᠢᠭᠲᠠᠢ ᠶᠤᠮ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠶ ᠨᠢ ᠡᠯ᠎ᠡ ᠲᠥᠷᠥᠯ ᠤᠨ ᠡᠬᠢ ᠪᠠᠶᠠᠯᠢᠭ ᠤᠨ ᠡᠯᠧᠮᠧᠨ᠋ᠲ ᠤᠨ ᠲᠦᠷᠭᠡᠨ ᠭᠦᠢᠯᠭᠡᠭᠡᠭᠳᠡᠬᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠦᠷᠭᠡᠨ ᠠᠭᠤᠰᠤᠯᠴᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠪᠰᠤᠷᠤᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠳᠠᠬᠢᠨ ᠪᠦᠷᠢᠯᠳᠦᠭᠦᠯᠵᠦ᠂ ᠬᠢᠯᠢ ᠠᠯᠤᠰᠯᠠᠨ ᠬᠥᠭᠵᠢᠬᠦ ᠶᠢ ᠪᠡᠶᠡᠯᠡᠭᠦᠯᠵᠦ᠂ ᠴᠠᠭ ᠬᠤᠭᠤᠴᠠᠭ᠎ᠠ ᠪᠠ ᠣᠷᠣᠨ ᠵᠠᠶ ᠶᠢᠨ ᠬᠢᠵᠠᠭᠠᠷᠯᠠᠯ ᠢ ᠡᠪᠳᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠡᠷᠭᠢᠯᠲᠡ ᠶᠢ ᠰᠢᠯᠤᠭᠤᠳᠬᠠᠵᠤ ᠪᠣᠯᠣᠨ᠎ᠠ᠃ ᠬᠤᠶᠠᠷ ᠲᠤ᠂ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠨᠢ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠬᠤ ᠳᠤ ᠠᠰᠢᠭᠲᠠᠢ ᠶᠤᠮ᠂ ᠲᠣᠭᠠᠴᠢᠯᠠᠭᠰᠠᠨ ᠠᠵᠤ ᠠᠬᠤᠢ ᠨᠢ ᠳᠡᠭᠡᠳᠦ ᠭᠡᠮᠵᠢᠶᠡᠨ ᠤ ᠰᠢᠨ᠎ᠡ ᠡᠭᠦᠳᠦᠯᠲᠡ ᠶᠢᠨ ᠴᠢᠨᠠᠷ᠂ ᠴᠢᠩᠭ᠎ᠠ ᠨᠡᠪᠴᠢᠯᠲᠡ ᠶᠢᠨ ᠴᠢᠨᠠᠷ᠂ ᠥᠷᠭᠡᠨ ᠪᠦᠷᠬᠦᠴᠡ ᠶᠢᠨ ᠴᠢᠨᠠᠷ ᠲᠠᠢ ᠪᠠᠶᠢᠵᠤ᠂ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠪᠣᠯᠬᠤ ᠪᠦᠭᠡᠳ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠲᠤᠯᠭᠠᠭᠤᠷᠢᠯᠠᠯ ᠴᠡᠭ ᠪᠠᠶᠢᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠴᠢᠬᠤᠯᠠ ᠬᠥᠳᠡᠯᠭᠡᠭᠦᠷ ᠪᠤᠯᠵᠤ ᠪᠣᠯᠣᠨ᠎ᠠ᠃ ᠭᠤᠷᠪᠠ ᠳᠤ᠂ ᠲᠣᠭᠠᠴᠢᠯᠠᠭᠰᠠᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠨᠢ ᠤᠯᠤᠰ ᠤᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠠᠶᠢᠭᠤᠯᠬᠤ ᠳᠤ ᠠᠰᠢᠭᠲᠠᠢ ᠶᠤᠮ᠂ ᠣᠳᠣᠬᠠᠨ ᠤ ᠴᠠᠭ ᠦᠶ᠎ᠡ ᠳᠤ᠂ ᠲᠣᠭᠠᠴᠢᠯᠠᠭᠰᠠᠨ ᠮᠡᠷᠭᠡᠵᠢᠯ᠂ ᠲᠣᠭᠠᠴᠢᠯᠠᠭᠰᠠᠨ ᠠᠵᠤ ᠠᠬᠤᠢ ᠪᠣᠯ ᠳᠡᠯᠡᠬᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠲᠡᠷᠢᠭᠦᠨ ᠠᠵᠠ ᠲᠣᠬᠢᠶᠠᠯ᠂ ᠰᠢᠨ᠎ᠡ ᠨᠢᠭᠡ ᠡᠭᠡᠯᠵᠢ ᠶᠢᠨ ᠤᠯᠠᠨ ᠤᠯᠤᠰ ᠤᠨ ᠥᠷᠢᠰᠥᠯᠳᠦᠭᠡᠨ ᠤ ᠭᠤᠣᠯᠳᠠᠯᠭ᠎ᠠ ᠲᠠᠢ ᠬᠦᠷᠢᠶ᠎ᠡ ᠪᠣᠯᠣᠨ᠎ᠠ᠂ ᠪᠢᠳᠡ ᠠᠵᠠ ᠲᠣᠬᠢᠶᠠᠯ ᠢ ᠠᠮᠵᠢᠵᠤ᠂ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠬᠦ ᠬᠡᠷᠡᠭᠲᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠴᠢᠩᠭᠠᠳᠬᠠᠵᠤ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠠᠳᠬᠤᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ᠂ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠬᠰᠠᠨ ᠪᠠᠶᠢᠭᠤᠯᠤᠯ ᠤᠨ ᠳᠠᠪᠠᠭᠤᠯᠢᠭ᠂ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠢ ᠪᠠᠳᠠᠷᠠᠭᠤᠯᠵᠤ᠂ ᠲᠣᠭᠠᠴᠢᠯᠠᠭᠰᠠᠨ ᠮᠡᠷᠭᠡᠵᠢᠯ ᠤᠨ ᠰᠠᠭᠤᠷᠢ ᠰᠤᠳᠤᠯᠤᠨ ᠨᠡᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠥᠨᠳᠥᠷ ᠲᠦᠪᠰᠢᠨ ᠪᠦᠬᠦᠢ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠨ ᠪᠡᠶᠡᠯᠡᠭᠦᠯᠵᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠡᠵᠡᠨ ᠮᠡᠳᠡᠬᠦ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠳᠭᠡᠵᠦ᠂ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠥᠨᠳᠥᠷ ᠬᠤᠷᠳᠤᠴᠠᠲᠤ ᠦᠷᠭᠡᠨ ᠳᠡᠯᠭᠡᠷ᠂ ᠲᠩᠷᠢ ᠭᠠᠵᠠᠷ ᠢ ᠨᠢᠭᠡ ᠴᠤᠬᠴᠠᠵᠢᠭᠤᠯᠤᠭᠰᠠᠨ᠂ ᠡᠭᠦᠯᠡ ᠰᠦᠯᠵᠢᠶ᠎ᠡ ᠶᠢ ᠠᠭᠤᠰᠤᠯᠴᠠᠭᠤᠯᠤᠭᠰᠠᠨ ᠂ ᠣᠶᠤᠨᠴᠢ ᠲᠦᠷᠭᠡᠨ᠂ ᠪᠣᠬᠢᠷᠲᠤᠯ ᠦᠬᠡᠢ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠢ ᠡᠵᠡᠮᠳᠡᠵᠦ ᠳᠡᠶᠢᠯᠬᠦ ᠤᠶᠤᠨᠴᠢᠯᠠᠬᠰᠠᠨ ᠶᠡᠷᠦᠩᠬᠡᠶᠢᠯᠡᠭᠰᠡᠨ ᠴᠢᠨᠠᠷᠲᠠᠢ ᠲᠣᠭᠠᠴᠢᠯᠠᠭᠰᠠᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠲᠦᠷᠭᠡᠳᠭᠡᠨ ᠪᠦᠳᠦᠬᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠮᠡᠳᠡᠭᠡ ᠵᠠᠩᠭᠢ ᠶᠢᠨ ︽ᠭᠤᠣᠯ ᠰᠤᠳᠠᠰᠤ︾ ᠶᠢ ᠨᠡᠪᠲᠡᠷᠡᠭᠦᠯᠬᠦ ᠬᠡᠷᠡᠭᠲᠡᠢ᠃ ᠠᠵᠤ ᠦᠢᠯᠡᠰᠵᠢᠭᠰᠡᠨ᠂ ᠬᠡᠪᠴᠢᠶᠡᠵᠢᠭᠰᠡᠨ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠵᠤ᠂ ᠵᠠᠩᠭᠢᠯᠠᠭ᠎ᠠ ᠶᠢᠨ ᠵᠥᠭᠡᠯᠡᠨ ᠲᠤᠨᠤᠭ ᠤᠨ ᠪᠤᠭᠤᠮᠳᠠ ᠶᠢ ᠭᠤᠣᠯᠳᠠᠯᠭ᠎ᠠ ᠲᠠᠢ ᠰᠢᠪᠳᠤᠯᠤᠨ᠂ ᠵᠦᠭᠡᠯᠡᠨ ᠲᠤᠨᠤᠬ ᠤᠨ ᠠᠵᠤ ᠦᠢᠯᠡᠰ ᠢ ᠪᠣᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠵᠤ᠂ ᠵᠠᠩᠭᠢᠯᠠᠭ᠎ᠠ ᠶᠢᠨ ᠵᠥᠭᠡᠯᠡᠨ ᠲᠤᠨᠤᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠬᠰᠠᠨ ᠴᠢᠭᠯᠡᠯ ᠢ ᠡᠵᠡᠮᠳᠡᠵᠦ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠬᠥᠳᠡᠭᠡ ᠠᠵᠤ ᠠᠬᠤᠢ ᠵᠡᠷᠭᠡ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠢᠨᠲ᠋ᠧᠷ ᠰᠦᠯᠵᠢᠶᠡᠨ ᠤ ᠰᠢᠨ᠎ᠡ ᠮᠡᠷᠭᠡᠵᠢᠯ ᠢ ᠠᠰᠢᠭᠯᠠᠨ ᠤᠯᠠᠮᠵᠢᠯᠠᠯᠲᠤ ᠠᠵᠤ ᠦᠢᠯᠡᠰ ᠲᠤ ᠪᠦᠬᠦ ᠲᠠᠯ᠎ᠠ ᠶᠢᠨ᠂ ᠪᠦᠬᠦ ᠬᠡᠯᠬᠢᠶᠡᠨ ᠤ ᠥᠭᠡᠷᠡᠴᠢᠯᠡᠯᠲᠡ ᠬᠢᠵᠦ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠮᠡᠷᠭᠡᠵᠢᠯ ᠤᠨ ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠲᠣᠮᠣᠷᠠᠭᠤᠯᠬᠤ᠂ ᠳᠠᠪᠬᠤᠴᠠᠭᠤᠯᠬᠤ᠂ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠪᠣᠯᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠢᠭᠡ ᠪᠦᠯᠦᠭ ︽ᠲᠤᠰᠬᠠᠢ ᠨᠠᠷᠢᠯᠢᠭ ᠣᠨᠴᠠᠭᠠᠢ ᠰᠢᠨ᠎ᠡ︾ ᠠᠵᠤ ᠠᠬᠤᠶᠢᠯᠠᠯ ᠪᠣᠯᠣᠨ ᠦᠢᠯᠡᠳᠬᠦ ᠦᠢᠯᠡᠰ ᠤᠨ ᠲᠠᠩ ᠲᠦᠷᠦᠯ ᠤᠨ ᠮᠠᠩᠯᠠᠢ ᠠᠵᠤ ᠠᠬᠤᠶᠢᠯᠠᠯ ᠢ ᠲᠦᠷᠭᠡᠨ ᠪᠣᠶᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠲᠣᠭᠠᠴᠢᠯᠠᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠬᠤᠰᠢᠭᠤᠷᠠᠯ ᠪᠠ ᠠᠰᠢᠭᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠮᠡᠷᠭᠡᠵᠢᠯ ᠤᠨ ᠰᠢᠪᠲᠤᠯᠤᠯᠲᠠ ᠪᠠ ᠴᠢᠬᠤᠯᠠ ᠶᠡᠭᠡ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠵᠤ᠂ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠶᠢᠨ ᠦᠷᠢᠰᠦᠯᠳᠦᠬᠦ ᠬᠦᠴᠦᠨ ᠢ ᠴᠢᠩᠭᠠᠳᠬᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠦᠢᠯᠡᠳᠬᠦᠨ ᠪᠠ ᠦᠢᠯᠡᠴᠢᠯᠡᠭᠡ ᠶᠢᠨ ᠰᠣᠯᠢᠭᠳᠠᠯ ᠢ ᠲᠦᠷᠭᠡᠳᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠵᠢᠷᠤᠮᠵᠢᠭᠤᠯᠵᠤ᠂ ᠬᠥᠭᠵᠢᠯᠲᠡ ᠶᠢ ᠠᠬᠢᠭᠤᠯᠬᠤ ᠪᠠ ᠬᠢᠨᠠᠯᠲᠠ ᠬᠠᠮᠢᠶᠠᠷᠤᠯᠲᠠ ᠶᠢᠨ ᠵᠢᠷᠤᠮᠵᠢᠯ ᠢ ᠵᠡᠷᠭᠡ ᠪᠠᠷ ᠠᠳᠬᠤᠨ᠂ ᠬᠤᠶᠠᠷ ᠲᠠᠯ᠎ᠠ ᠶᠢ ᠴᠥᠮ ᠴᠢᠩᠭ᠎ᠠ ᠠᠳᠬᠤᠬᠤ ᠶᠢ ᠪᠠᠷᠢᠮᠳᠠᠯᠠᠨ᠂ ᠬᠥᠭᠵᠢᠯᠲᠡ ᠶᠢᠨ ᠳᠤᠮᠳᠠ ᠵᠢᠷᠤᠮᠵᠢᠭᠤᠯᠬᠤ᠂ ᠵᠢᠷᠤᠮᠵᠢᠯ ᠤᠨ ᠳᠤᠮᠳᠠ ᠬᠥᠭᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠳᠦᠷᠢᠮ᠂ ᠡᠷᠬᠡ ᠲᠡᠭᠰᠢ ᠥᠷᠢᠰᠥᠯᠳᠦᠭᠡᠨ ᠢ ᠬᠢᠨᠠᠨ ᠬᠠᠮᠢᠶᠠᠷᠬᠤ ᠳᠦᠷᠢᠮ ᠢ ᠪᠦᠷᠢᠨᠰᠢᠭᠦᠯᠵᠦ᠂ ᠪᠦᠬᠦ ᠲᠠᠯ᠎ᠠ ᠶᠢᠨ᠂ ᠤᠯᠠᠨ ᠳᠡᠰ ᠳᠠᠪᠬᠤᠷᠭ᠎ᠠ ᠶᠢᠨ᠂ ᠪᠣᠰᠤᠭ᠎ᠠ ᠴᠣᠭᠴᠠᠲᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠤᠴᠢᠷ ᠶᠠᠪᠤᠳᠠᠯ ᠤᠨ ᠡᠮᠦᠨ᠎ᠡ ᠬᠤᠶᠢᠨᠠᠬᠢ ᠪᠦᠬᠦ ᠬᠡᠯᠬᠢᠶᠡᠨ ᠤ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠬᠥᠭᠵᠢᠯᠲᠡ ᠶᠢᠨ ᠶᠠᠪᠤᠴᠠ ᠳᠤ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠭᠤᠣᠯᠴᠢ ᠥᠷᠢᠰᠥᠯᠳᠦᠭᠡᠨ ᠢ ᠬᠠᠷᠰᠢᠯᠠᠭᠰᠠᠨ ᠦᠢᠯᠡ ᠠᠵᠢᠯᠯᠠᠭ᠎ᠠ ᠪᠠ ᠠᠷᠭ᠎ᠠ ᠬᠢᠳᠡᠯ ᠢ ᠵᠠᠯᠠᠷᠠᠭᠤᠯᠤᠨ ᠵᠢᠷᠤᠮᠵᠢᠭᠤᠯᠵᠤ᠂ ᠲᠠᠪᠴᠠᠩ ᠤᠨ ᠭᠠᠭᠴᠠᠭᠠᠷ ᠡᠵᠡᠷᠬᠡᠬᠦ ᠪᠠ ᠬᠦᠷᠦᠩᠭᠡ ᠶᠢᠨ ᠡᠮᠬᠢ ᠵᠢᠷᠤᠮ ᠦᠭᠡᠢ ᠥᠷᠭᠡᠳᠬᠦ ᠶᠢ ᠰᠡᠷᠭᠡᠶᠢᠯᠡᠨ ᠬᠤᠷᠢᠭᠯᠠᠵᠤ᠂ ᠭᠠᠭᠴᠠᠭᠠᠷ ᠡᠵᠡᠷᠭᠡᠬᠦ ᠪᠠ ᠵᠦᠢ ᠪᠤᠰᠤ ᠥᠷᠢᠰᠥᠯᠳᠦᠭᠡᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠴᠠᠩ ᠤᠨ ᠠᠵᠢᠯᠳᠠᠳ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠬᠢᠨᠠᠯᠲᠠ ᠬᠠᠮᠢᠶᠠᠷᠤᠯᠲᠠ ᠪᠠ ᠭᠠᠶᠢᠯᠢ ᠶᠢᠨ ᠶᠠᠪᠤᠳᠠᠯ ᠤᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠲᠦᠷᠢᠮ ᠢ ᠪᠦᠷᠢᠨᠰᠢᠭᠦᠯᠦᠨ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠶ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠬᠠᠷᠢᠯᠴᠠᠨ ᠬᠠᠮᠵᠢᠯᠴᠠᠬᠤ ᠬᠡᠷᠡᠭᠲᠡᠢ᠃ ᠬᠢᠨᠠᠨ ᠬᠠᠮᠢᠶᠠᠷᠬᠤ ᠮᠡᠷᠭᠡᠵᠢᠯ ᠪᠠ ᠠᠷᠭ᠎ᠠ ᠪᠠᠷᠢᠯ ᠢᠶᠠᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠪᠠ ᠵᠠᠰᠠᠬᠤ ᠶᠢ ᠰᠢᠨ᠎ᠡ ᠶᠢ ᠡᠭᠦᠳᠬᠦ᠂ ᠦᠢᠯᠡᠳᠪᠦᠷᠢᠯᠡᠬᠦ᠂ ᠡᠵᠡᠩᠨᠡᠬᠦ᠂ ᠪᠡᠯᠡ ᠣᠷᠣᠭᠤᠯᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠲᠠᠪᠴᠠᠩᠳᠦ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠨᠡᠶᠢᠭᠡᠮ ᠤᠨ ᠬᠢᠨᠠᠯᠲᠠ᠂ ᠵᠠᠭᠤᠴᠢᠯᠠᠭᠤᠷ ᠤᠨ ᠬᠢᠨᠠᠯᠲᠠ᠂ ᠤᠯᠠᠨ ᠨᠡᠶᠢᠲᠡ ᠶᠢᠨ ᠬᠢᠨᠠᠯᠲᠠ ᠶᠢ ᠥᠷᠨᠢᠭᠦᠯᠵᠦ᠂ ᠬᠢᠨᠠᠯᠲᠠ ᠲᠠᠯᠪᠢᠬᠤ ᠨᠡᠶᠢᠯᠡᠯ ᠬᠦᠴᠦᠨ ᠢ ᠪᠤᠢ ᠪᠣᠯᠭᠠᠬᠤ ᠬᠡᠷᠡᠭᠲᠡᠢ᠃ ᠤᠯᠤᠰ ᠤᠨ ᠠᠮᠤᠷ ᠲᠦᠪᠰᠢᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠲᠣᠭᠠᠴᠢᠯᠠᠭᠰᠠᠨ ᠮᠡᠷᠭᠡᠵᠢᠯ ᠪᠣᠯᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠳᠤ ᠬᠤᠯᠪᠣᠭᠳᠠᠬᠤ ᠠᠰᠠᠭᠤᠳᠠᠯ ᠤᠨ ᠲᠤᠬᠠᠢ ᠠᠷᠭᠠᠴᠠᠭᠠᠬᠤ ᠪᠣᠳᠣᠯᠭ᠎ᠠ ᠰᠠᠨᠠᠭᠤᠯᠭ᠎ᠠ ᠳᠤᠷᠠᠳᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ ᠤᠯᠠᠨ ᠤᠯᠤᠰ ᠤᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠣᠭᠠᠴᠢᠯᠠᠭᠰᠠᠨ ᠠᠵᠤ ᠠᠬᠤᠢ ᠶᠢᠨ ᠵᠥᠪᠯᠡᠬᠦ ᠰᠡᠳᠦᠪ ᠤᠨ ᠬᠡᠯᠡᠯᠴᠡᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠤᠣᠰ ᠲᠠᠯᠠᠳᠦ ᠪᠠ ᠤᠯᠠᠨ ᠲᠠᠯᠠᠲᠤ ᠲᠣᠭᠠᠴᠢᠯᠠᠭᠰᠠᠨ ᠵᠠᠰᠠᠯᠲᠠ ᠶᠢᠨ ᠬᠠᠮᠲᠤᠷᠠᠯᠴᠠᠭ᠎ᠠ ᠥᠷᠨᠢᠭᠦᠯᠵᠦ᠂ ᠤᠯᠠᠨ ᠲᠠᠯᠠᠲᠤ ᠲᠣᠭᠠᠴᠢᠯᠠᠭᠰᠠᠨ ᠠᠵᠤ ᠠᠬᠤᠢ ᠶᠢᠨ ᠵᠠᠰᠠᠯᠲᠠ ᠶᠢᠨ ᠲᠣᠭᠲᠠᠴᠠ ᠶᠢ ᠬᠠᠮᠠᠭᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠲᠥᠰᠦᠯ ᠢ ᠴᠠᠭ ᠲᠤᠬᠠᠢ ᠳᠤᠨᠢ ᠳᠤᠷᠠᠳᠴᠤ᠂ ᠳᠤᠮᠳᠠᠳᠤ ᠤᠯᠤᠰ ᠤᠨ ᠳᠠᠭᠤᠨ ᠢ ᠴᠤᠤᠷᠢᠶᠠᠲᠤᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠣᠭᠠᠴᠢᠯᠠᠭᠰᠠᠨ ᠠᠵᠤ ᠠᠬᠤᠢ ᠨᠢ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ ᠪᠤᠢ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠦᠵᠦ ᠲᠥᠯᠥᠪᠯᠡᠭᠡ ᠪᠣᠯᠤᠨ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ ᠶᠢ ᠰᠠᠶᠢᠲᠤᠷ ᠬᠢᠵᠦ᠂ ᠪᠠᠶᠢᠳᠠᠯ ᠢ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠣᠭᠠᠴᠢᠯᠠᠭᠰᠠᠨ ᠠᠵᠤ ᠠᠬᠤᠶ ᠶᠢᠨ ᠰᠡᠳᠭᠢᠬᠦᠶ ᠶᠢᠨ ᠴᠢᠳᠠᠪᠤᠷᠢ ᠪᠣᠯᠤᠨ ᠲᠤᠰᠬᠠᠢ ᠮᠡᠷᠭᠡᠵᠢᠯ ᠤᠨ ᠬᠡᠪ ᠪᠤᠯᠪᠠᠰᠤᠷᠠᠯ ᠢᠶᠠᠨ ᠳᠡᠭᠡᠭᠰᠢᠯᠡᠭᠦᠯᠵᠦ᠂ ᠲᠣᠭᠠᠴᠢᠯᠠᠭᠰᠠᠨ ᠠᠵᠤ ᠠᠬᠤᠶ ᠶᠢ ᠬᠥᠭᠵᠢᠭᠦᠯᠬᠦ ᠴᠢᠳᠠᠪᠤᠷᠢ ᠪᠠᠨ ᠴᠢᠩᠭᠠᠳᠬᠠᠵᠤ᠂ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠪᠦᠬᠦ ᠠᠷᠠᠳ ᠪᠦᠬᠦ ᠨᠡᠶᠢᠭᠡᠮ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠣᠯᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠤᠯᠤᠰ ᠤᠨ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠨᠡᠶᠢᠭᠡᠮ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号