ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠨᠠᠮᠤᠷ ᠤᠨ ᠬᠤᠷᠢᠶᠠᠯᠳᠠ ᠠᠷᠠᠳ ᠤᠨ ᠠᠮᠢᠳᠤᠷᠠᠯ ᠲᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/10/25
      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 10 ᠰᠠᠷ᠎ᠠ ᠶᠢᠨ 20      ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮᠤᠷ ᠤᠨ ᠬᠤᠷᠢᠶᠠᠯᠲᠠ ᠪᠠ ᠨᠠᠮᠤᠷ ᠡᠪᠦᠯ ᠤᠨ ᠲᠠᠷᠢᠶᠠᠯᠠᠭ᠎ᠠ ᠶᠢᠨ ᠠᠵᠢᠯ ᠢ ᠰᠠᠶᠢᠲᠤᠷ ᠬᠢᠵᠦ᠂ ᠠᠮᠤ ᠪᠤᠳᠠᠭᠠᠨ ᠤ ᠠᠮᠤᠷ ᠲᠦᠪᠰᠢᠨ ᠪᠠ ᠪᠠᠷᠠᠭᠠᠨ ᠤ ᠦᠨ᠎ᠡ ᠶᠢᠨ ᠲᠣᠭᠲᠠᠭᠤᠨ ᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠲᠤᠬᠠᠢ ᠪᠠᠶᠢᠷᠢᠯᠠᠭᠤᠯᠪᠠ︔ ᠠᠷᠠᠳ ᠤᠨ ᠠᠮᠢᠳᠤᠷᠠᠯ ᠤᠨ ᠡᠨᠧᠷᠭᠢ ᠬᠡᠷᠡᠭᠯᠡᠵᠦ ᠬᠠᠩᠭᠠᠯᠭ᠎ᠠ ᠶᠢ ᠪᠠᠲᠤᠯᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠠᠳ ᠣᠯᠠᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ︔ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ᠂ ᠡᠨᠡ ᠵᠢᠯ ᠤᠨ ᠨᠠᠮᠤᠷ ᠤᠨ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠨᠢ ᠨᠢᠭᠡᠨᠲᠡ ᠲᠣᠭᠲᠠᠵᠠᠢ᠃ ᠠᠮᠤ ᠪᠤᠳᠠᠭᠠᠨ ᠤ ᠦᠨ᠎ᠡ ᠪᠣᠯ ᠦᠨ᠎ᠡ ᠬᠠᠩᠰᠢ ᠶᠢᠨ ᠰᠠᠭᠤᠷᠢ ᠮᠥᠨ᠂ ᠮᠠᠨ ᠤ ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠢᠯᠡᠳᠬᠡᠭᠴᠢ ᠲᠣᠭᠠᠨ ᠤ ᠳᠣᠲᠣᠷ᠎ᠠ ᠢᠳᠡᠭᠡᠨ ᠤ ᠵᠦᠢᠯ ᠤᠨ ᠦᠨ᠎ᠡ ᠬᠠᠩᠰᠢ ᠶᠢᠨ ᠡᠵᠡᠯᠡᠬᠦ ᠬᠠᠷᠢᠴᠠᠯ ᠥᠨᠳᠥᠷ ᠪᠣᠯᠬᠤᠷ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠨᠢ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ᠂ ᠵᠣᠭᠤᠰ ᠮᠠᠭᠤᠲᠠᠬᠤ ᠶᠢ ᠰᠡᠷᠭᠡᠶᠢᠯᠡᠬᠦ ᠳᠤ ᠪᠠᠲᠤ ᠪᠠᠬᠢ ᠰᠠᠭᠤᠷᠢ ᠲᠠᠯᠪᠢᠵᠤ ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠤ ᠤᠮᠠᠷᠠᠲᠤ ᠣᠷᠣᠨ ᠳᠤ ᠦᠷᠭᠦᠯᠵᠢᠯᠡᠭᠰᠡᠨ ᠪᠦᠷᠬᠦᠭ ᠪᠤᠷᠤᠭᠠᠨᠳᠤ ᠴᠠᠭ ᠠᠭᠤᠷ ᠤᠨ ᠨᠠᠮᠤᠷ ᠤᠨ ᠬᠤᠷᠢᠶᠠᠯᠲᠠ ᠨᠠᠮᠤᠷ ᠤᠨ ᠲᠠᠷᠢᠶᠠᠯᠠᠭ᠎ᠠ ᠳᠤ ᠦᠵᠡᠭᠦᠯᠬᠦ ᠠᠰᠢᠭ ᠥᠬᠡᠶ ᠨᠥᠯᠥᠭᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠬᠦ ᠵᠡᠷᠭᠡ ᠥᠷᠢᠰᠦᠯᠳᠦᠭᠡᠨ ᠢ ᠢᠳᠡᠪᠬᠢᠲᠡᠶ ᠠᠷᠭᠠᠴᠠᠭᠠᠵᠤ᠂ ᠨᠠᠮᠤᠷ ᠤᠨ ᠠᠮᠤ ᠪᠤᠳᠠᠭ᠎ᠠ ᠶᠢ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠬᠤ ᠶᠢ ᠪᠠᠲᠤᠯᠠᠵᠤ᠂ ᠨᠠᠮᠤᠷ ᠡᠪᠦᠯ ᠤᠨ ᠲᠠᠷᠢᠶᠠᠯᠠᠭ᠎ᠠ ᠶᠢᠨ ᠲᠠᠯᠠᠪᠠᠶ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠵᠤ᠂ ᠳᠠᠷᠠᠭ᠎ᠠ ᠵᠢᠯ ᠤᠨ ᠵᠤᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠭᠤᠣᠯ ᠭᠠᠷᠤᠯᠲᠠ ᠶᠢᠨ ᠣᠷᠣᠨ ᠨᠠᠮᠤᠷ ᠤᠨ ᠠᠮᠤ ᠪᠤᠳᠠᠭ᠎ᠠ ᠶᠢ ᠵᠠᠪᠳᠤᠨ ᠬᠤᠷᠢᠶᠠᠬᠤ ᠠᠵᠢᠯ ᠢ ᠱᠠᠯᠠᠪᠳᠠᠨ ᠵᠣᠬᠢᠶᠠᠨ ᠪᠠᠶᠢᠭᠤᠯᠵᠤ᠂ ᠠᠮᠤ ᠪᠤᠳᠠᠭ᠎ᠠ ᠶᠢ ᠬᠠᠳᠠᠭᠠᠵᠤ ᠬᠤᠷᠢᠶᠠᠨ ᠬᠠᠳᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠤᠶᠠᠷ  ᠲᠤ᠂ ᠨᠠᠮᠤᠷ ᠡᠪᠦᠯ ᠤᠨ ᠲᠠᠷᠢᠶᠠᠯᠠᠭ᠎ᠠ ᠶᠢ ᠰᠠᠶᠢᠲᠤᠷ ᠠᠳᠬᠤᠬᠤ ᠬᠡᠷᠡᠭᠲᠡᠢ᠃ ᠤᠰᠤ ᠬᠤᠷᠠᠭᠰᠠᠨ ᠲᠠᠷᠢᠶᠠᠨ ᠭᠠᠵᠠᠷ ᠤᠨ ᠤᠰᠤ ᠶᠢ ᠲᠠᠲᠠᠷᠠᠭᠤᠯᠬᠤ ᠶᠢ ᠲᠦᠷᠭᠡᠳᠭᠡᠬᠦ ᠬᠡᠷᠡᠭᠲᠡᠢ᠃ ᠭᠠᠮᠰᠢᠭ ᠠᠴᠠ ᠪᠣᠯᠵᠣ ᠬᠤᠶᠢᠰᠢᠯᠠᠭᠤᠯᠵᠤ ᠳᠠᠷᠢᠬᠤ ᠴᠢᠬᠤᠯᠠᠲᠠᠢ ᠲᠠᠷᠢᠶᠠᠨ ᠭᠠᠵᠠᠷ ᠲᠤ᠂ ᠡᠷᠲᠡ ᠪᠣᠯᠪᠠᠰᠤᠷᠠᠬᠤ ᠡᠭᠦᠯᠳᠡᠷ ᠢ ᠰᠣᠩᠭᠤᠨ ᠬᠡᠷᠡᠭᠯᠡᠬᠦ᠂ ᠳᠠᠷᠢᠬᠤ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ᠂ ᠰᠠᠭᠤᠷᠢ ᠪᠣᠷᠲᠣᠭᠤᠷ ᠢ ᠰᠢᠨᠵᠢᠯᠡᠬᠦ ᠤᠬᠠᠭᠠᠨᠴᠢ ᠪᠠᠷ ᠨᠡᠮᠡᠵᠦ ᠣᠷᠣᠭᠤᠯᠬᠤ ᠵᠡᠷᠭᠡ ᠪᠠᠷ ᠳᠠᠮᠵᠢᠭᠤᠯᠤᠨ᠂ ᠣᠷᠣᠶᠢᠲᠠᠵᠤ ᠳᠠᠷᠢᠬᠤ ᠨᠥᠯᠥᠭᠡ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠢ᠃ ᠴᠠᠭ ᠬᠤᠭᠤᠴᠠᠭ᠎ᠠ᠂ ᠭᠠᠵᠠᠷ ᠤᠷᠤᠨ᠂ ᠴᠢᠬᠢ ᠶᠢᠨ ᠪᠠᠶᠢᠳᠠᠯ ᠳᠤᠨᠢ ᠲᠣᠬᠢᠷᠠᠭᠤᠯᠤᠨ ᠡᠪᠦᠯ ᠠᠴᠠ ᠡᠮᠦᠨᠡᠬᠢ ᠲᠠᠷᠢᠶᠠᠨ ᠭᠠᠵᠠᠷ ᠤᠨ ᠬᠠᠮᠢᠶᠠᠷᠤᠯᠲᠠ ᠪᠣᠯᠤᠨ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢ ᠲᠣᠭᠲᠠᠪᠤᠷᠢᠵᠢᠭᠤᠯᠬᠤ ᠬᠡᠷᠡᠭᠲᠡᠢ᠃ ᠦᠷ᠎ᠡ ᠬᠠᠩᠭᠠᠬᠤ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠦᠭᠦᠬᠡᠢ ᠮᠠᠲ᠋ᠧᠷᠢᠶᠠᠯ ᠪᠠ ᠡᠨᠧᠷᠭᠢ ᠶᠢᠨ ᠬᠡᠷᠡᠭᠯᠡᠯᠲᠡ ᠶᠢ ᠪᠠᠲᠤᠯᠠᠵᠤ᠂  ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢ ᠲᠤᠬᠢᠷᠠᠭᠤᠯᠤᠨ ᠡᠵᠡᠮᠳᠡᠬᠦ ᠪᠠᠨ ᠴᠢᠩᠭᠠᠳᠬᠠᠵᠤ᠂ ᠬᠢᠮᠢ ᠶᠢᠨ ᠪᠤᠷᠳᠤᠭᠤᠷ᠂ ᠲᠠᠷᠢᠶᠠᠨ ᠡᠮ ᠤᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠤᠰᠤᠲᠤᠯ ᠢ ᠵᠠᠯᠠᠬᠤ᠂ ᠠᠮᠤ ᠪᠤᠳᠠᠭ᠎ᠠ ᠶᠢ ᠬᠠᠳᠠᠭᠠᠬᠤ ᠵᠡᠷᠭᠡ ᠠᠵᠢᠯ ᠤᠨ ᠴᠠᠬᠢᠯᠭᠠᠨ ᠬᠦᠴᠦᠨ᠂ ᠴᠠᠶᠢᠶ᠋ᠢᠦ ᠲᠣᠰᠣᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠰᠠᠯᠠᠭ᠎ᠠ ᠮᠥᠴᠢᠷ ᠤᠳ ᠣᠳᠣ ᠪᠠᠶᠢᠭ᠎ᠠ ᠪᠡᠯᠡ ᠮᠥᠩᠭᠦ ᠪᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠡᠷᠡᠭᠯᠡᠵᠦ ᠣᠷᠣᠨ ᠨᠤᠲᠤᠭ ᠤᠨ ᠨᠠᠮᠤᠷ ᠤᠨ ᠬᠤᠷᠢᠶᠠᠯᠲᠠ ᠪᠣᠯᠤᠨ ᠨᠠᠮᠤᠷ ᠡᠪᠦᠯ ᠤᠨ ᠲᠠᠷᠢᠶᠠᠯᠠᠭ᠎ᠠ ᠶᠢ ᠳᠡᠮᠵᠢᠬᠦ ᠬᠡᠷᠡᠭᠲᠡᠢ᠃ ᠭᠠᠮᠰᠢᠭᠳᠠᠭᠰᠠᠨ ᠣᠷᠣᠨ ᠳᠤ ᠲᠥᠪ ᠤᠨ ᠡᠳ᠋ ᠤᠨ ᠵᠠᠰᠠᠭ ᠠᠴᠠ ᠪᠠᠰᠠ ᠵᠣᠬᠢᠬᠤ ᠪᠡᠯᠡ ᠮᠥᠩᠭᠦ ᠲᠤᠬᠢᠷᠠᠭᠤᠯᠤᠨ ᠦᠭᠴᠦ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠳᠤ ᠬᠡᠷᠡᠭᠯᠡᠬᠦ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠳᠠᠷᠠᠭ᠎ᠠ ᠵᠢᠯ ᠤᠨ ᠬᠤᠯᠪᠣᠭᠳᠠᠯ ᠪᠥᠬᠦᠶ ᠰᠢᠯᠵᠢᠭᠦᠯᠦᠨ ᠥᠭᠬᠦ ᠪᠠᠯᠠ ᠮᠥᠩᠭᠦ ᠪᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠮᠦᠡᠭᠭᠦ ᠵᠡᠷᠭᠡ ᠶᠢ ᠤᠷᠢᠳᠴᠢᠯᠠᠨ ᠪᠠᠭᠤᠯᠭᠠᠵᠤ᠂ ᠣᠷᠣᠨ ᠨᠤᠲᠤᠭ ᠤᠨ ᠣᠷᠣᠶᠢᠲᠠᠵᠤ ᠳᠠᠷᠢᠬᠤ ᠪᠠ ᠬᠠᠳᠠᠭᠠᠬᠤ ᠮᠠᠰᠢᠨ ᠬᠤᠳᠠᠯᠳᠤᠨ ᠠᠪᠬᠤ ᠶᠢ ᠳᠡᠮᠵᠢᠵᠦ᠂ ᠬᠠᠳᠠᠭᠠᠬᠤ ᠠᠵᠢᠯ ᠳᠤ ᠵᠣᠬᠢᠰᠲᠠᠶ ᠨᠥᠬᠦᠪᠥᠷᠢ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠷᠠᠳ ᠤᠯᠠᠨ ᠢᠯᠠᠩᠭᠤᠶ᠎ᠠ ᠭᠠᠮᠰᠢᠭᠳᠠᠭᠰᠠᠨ ᠤᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠣᠳᠣᠷᠬᠠᠢ ᠱᠠᠭᠠᠷᠳᠠᠯᠭ᠎ᠠ ᠪᠣᠯᠤᠨ᠎ᠠ᠃ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠡᠪᠦᠯ ᠤᠮᠠᠷᠠᠲᠤ ᠣᠷᠣᠨ ᠵᠡᠷᠭᠡ ᠭᠠᠵᠠᠷ ᠣᠷᠣᠨ ᠤ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ  ᠬᠢ ᠠᠴᠠ ᠳᠤᠤᠷ᠎ᠠ ᠪᠠᠶᠢᠵᠤ᠂ ᠴᠢᠨᠠᠭᠰᠢᠯᠠᠪᠠᠯ ᠬᠠᠴᠢᠨ ᠠᠭᠤᠷ ᠠᠮᠢᠰᠬᠤᠯ ᠢᠯᠡᠷᠡᠵᠦ ᠮᠡᠳᠡᠨ᠎ᠡ᠃ ᠬᠤᠷᠠᠯ ᠠᠴᠠ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠵᠢᠭᠦᠯᠵᠦ᠂ ᠣᠯᠠᠨ ᠲᠦᠮᠡᠨ ᠪᠣᠯᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠰᠬᠠᠯ ᠴᠢᠩᠭ᠎ᠠ ᠪᠠᠶᠢᠭ᠎ᠠ ᠳᠣᠪᠣᠶᠢᠮ᠎ᠠ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠨᠢᠭᠡ ᠳᠤ᠂ ᠡᠪᠦᠯ ᠤᠨ ᠤᠯᠠᠷᠢᠯ ᠳᠤ ᠤᠮᠠᠷᠠᠲᠤ ᠣᠷᠣᠨ ᠣᠨᠴᠠᠭᠠᠶᠢᠯᠠᠨ ᠵᠡᠭᠦᠨ ᠬᠤᠶᠢᠲᠤ ᠣᠷᠣᠨ ᠳᠤ ᠳᠤᠯᠠᠭᠠᠯᠠᠭ᠎ᠠ ᠬᠠᠩᠭᠠᠬᠤ ᠶᠢ ᠪᠠᠲᠤᠯᠠᠬᠤ ᠬᠡᠷᠡᠭᠲᠡᠢ᠃ ᠳᠤᠯᠠᠭᠠᠯᠠᠭ᠎ᠠ ᠶᠢᠨ ᠨᠡᠭᠦᠷᠡᠰᠦᠨ ᠤ ᠦᠢᠯᠡᠳᠪᠦᠷᠢᠯᠡᠯ ᠪᠠ ᠲᠡᠭᠡᠭᠡᠪᠦᠷᠢ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ᠃ ᠨᠡᠭᠦᠷᠡᠰᠦᠨ ᠤ ᠵᠠᠬ᠎ᠠ ᠳᠡᠯᠭᠡᠭᠦᠷ ᠤᠨ ᠰᠠᠷᠢᠭᠠᠯᠠᠬᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠬᠤᠶᠠᠷ ᠲᠤ᠂ ᠤᠮᠠᠷᠠᠲᠤ ᠣᠷᠣᠨ ᠤ ᠭᠤᠣᠯᠳᠠᠯᠭ᠎ᠠ ᠲᠠᠢ ᠭᠠᠵᠠᠷ ᠣᠷᠣᠨ ᠤ ᠳᠤᠯᠠᠭᠠᠯᠠᠭ᠎ᠠ ᠳᠤ ᠬᠡᠷᠡᠭᠯᠡᠬᠦ ᠬᠡᠢ ᠶᠢ ᠪᠠᠲᠤᠯᠠᠬᠤ ᠬᠡᠷᠡᠭᠲᠡᠢ᠃ ᠰᠢᠲᠠᠮᠠᠬᠠᠢ ᠬᠡᠢ ᠬᠠᠩᠭᠠᠬᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠡᠬᠢ ᠪᠠᠶᠠᠯᠢᠭ ᠤᠨ ᠬᠠᠩᠭᠠᠯᠭ᠎ᠠ ᠶᠢ ᠠᠯᠢ ᠴᠢᠳᠠᠬᠤ ᠪᠠᠷ ᠨᠡᠮᠡᠭᠳᠡᠭᠦᠯᠵᠦ᠂ ᠰᠢᠲᠠᠮᠠᠬᠠᠢ ᠬᠡᠢ ᠬᠡᠷᠡᠭᠯᠡᠬᠦ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ︽ᠡᠮᠦᠨᠡᠲᠦ ᠶᠢᠨ ᠰᠢᠲᠠᠮᠠᠬᠠᠢ ᠬᠡᠢ ᠶᠢ ᠤᠮᠠᠷᠠᠰᠢ ᠵᠦᠭᠡᠭᠡᠪᠦᠷᠢᠯᠡᠬᠦ︾ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠨᠢᠭᠡᠨᠲᠡ ᠪᠤᠶ ᠪᠣᠯᠣᠭᠰᠠᠨ ᠰᠢᠲᠠᠮᠠᠬᠠᠢ ᠬᠡᠢ ᠬᠠᠳᠠᠭᠠᠯᠠᠬᠤ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠣᠷᠭᠢᠯ ᠬᠤᠭᠤᠴᠠᠭ᠎ᠠ ᠶᠢ ᠵᠤᠬᠢᠴᠠᠭᠤᠯᠤᠨ ᠲᠣᠬᠢᠷᠠᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠨᠡᠭᠦᠷᠡᠰᠦ ᠬᠡᠷᠡᠭᠯᠡᠬᠦ ᠳᠤ ᠲᠣᠬᠢᠷᠠᠮᠵᠢᠲᠠᠢ ᠪᠣᠯ ᠨᠡᠭᠦᠷᠡᠰᠦ ᠬᠡᠷᠡᠭᠯᠡᠵᠦ᠂ ᠴᠠᠬᠢᠯᠭᠠᠨ ᠬᠡᠷᠡᠭᠯᠡᠬᠦ ᠳᠤ ᠲᠣᠬᠢᠷᠠᠮᠵᠢᠲᠠᠢ ᠪᠣᠯ ᠴᠠᠬᠢᠯᠭᠠᠨ ᠬᠡᠷᠡᠭᠯᠡᠵᠦ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠤᠯᠠᠨ ᠲᠦᠮᠡᠨ ᠤ ᠳᠤᠯᠠᠭᠠᠯᠠᠭ᠎ᠠ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠨᠡᠭᠦᠷᠡᠰᠦ ᠴᠠᠬᠢᠯᠭᠠᠨ ᠲᠤᠰᠤ ᠬᠡᠢ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳᠦᠷ ᠤᠨ ᠲᠤᠬᠢᠷᠠᠭᠤᠯᠤᠯᠳᠠ᠂ ᠭᠠᠷᠠᠭ ᠤᠨ ᠲᠡᠩᠴᠡᠭᠦᠷᠢ ᠶᠢ ᠰᠠᠶᠢᠲᠤᠷ ᠪᠠᠲᠤᠯᠠᠬᠤ ᠬᠡᠷᠡᠭᠲᠡᠢ᠃ ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠨᠤᠲᠤᠭ ᠤᠨ ᠬᠢᠨ ᠤ ᠰᠢᠲᠠᠮᠠᠬᠠᠢ ᠬᠡᠶ ᠢᠯᠴᠢ ᠬᠠᠩᠭᠠᠬᠤ ᠠᠵᠤ ᠠᠬᠤᠶᠢᠯᠠᠯ ᠳᠤ ᠵᠣᠬᠢᠰᠲᠠᠶ ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠠᠷᠠᠳ ᠤᠨ ᠬᠡᠷᠡᠭᠯᠡᠭᠡᠨ ᠤ ᠬᠡᠶ ᠪᠣᠯᠤᠨ ᠳᠤᠯᠠᠭᠠᠯᠠᠭ᠎ᠠ ᠶᠢᠨ ᠦᠨ᠎ᠡ ᠬᠠᠩᠰᠢ ᠶᠢᠨ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠴᠠᠬᠢᠯᠭᠠᠨ ᠢ ᠡᠮᠬᠢ ᠵᠢᠷᠤᠮ ᠲᠠᠢ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ︽ᠠᠷᠠᠳ ᠤᠨ ᠬᠡᠷᠡᠭᠯᠡᠭᠡ ᠶᠢ ᠪᠠᠲᠤᠯᠠᠬᠤ︾ ᠪᠡᠯᠡᠳᠭᠡᠯ ᠲᠥᠰᠦᠯ ᠢ ᠰᠠᠶᠢᠲᠤᠷ ᠬᠢᠵᠦ᠂ ᠬᠤᠲᠠ ᠶᠢᠨ ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠶᠢ ᠵᠦᠶ ᠵᠣᠬᠢᠰᠲᠠᠶ ᠬᠢᠵᠠᠭᠠᠷᠯᠠᠬᠤ ᠬᠡᠷᠡᠭᠲᠡᠢ᠃ ᠪᠦᠬᠦ ᠨᠡᠶᠢᠭᠡᠮ ᠢᠶᠠᠷ ᠢᠶᠠᠨ ᠴᠠᠬᠢᠯᠭᠠᠨ ᠠᠷᠪᠢᠯᠠᠬᠤ᠂ ᠡᠨᠧᠷᠭᠢ ᠠᠷᠪᠢᠯᠠᠬᠤ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠨᠢ ᠠᠵᠢᠯ ᠣᠯᠭᠤᠯᠲᠠ ᠶᠢ ᠪᠠᠲᠤᠯᠠᠬᠤ ᠳᠤ ᠠᠰᠢᠭᠲᠠᠢ ᠪᠥᠭᠡᠳ ᠬᠠᠩᠭᠠᠯᠭ᠎ᠠ ᠶᠢ ᠨᠡᠮᠡᠭᠳᠡᠭᠦᠯᠬᠦ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠳᠤ ᠠᠰᠢᠭᠲᠠᠢ ᠶᠤᠮ᠃ ᠤᠯᠠᠨ ᠠᠷᠭ᠎ᠠ ᠪᠤᠳᠤᠯᠭ᠎ᠠ ᠶᠢ ᠵᠡᠷᠭᠡ ᠪᠠᠷ ᠬᠡᠷᠡᠭᠵᠢᠭᠦᠯᠵᠦ᠂ ᠬᠠᠨᠳᠤᠯᠭᠠᠲᠤ ᠴᠢᠨᠠᠷᠲᠠᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠥᠭᠡᠮ ᠲᠠᠸᠠᠷ ᠤᠨ ᠦᠨ᠎ᠡ ᠬᠠᠩᠰᠢ ᠶᠢᠨ ᠥᠰᠥᠯᠲᠡ ᠨᠢ ᠠᠵᠦ ᠦᠢᠯᠡᠰ ᠤᠨ ᠬᠡᠯᠬᠢᠶᠡᠨ ᠤ ᠡᠴᠦᠰ ᠤᠨ ᠬᠡᠯᠬᠢᠶ᠎ᠡ ᠪᠠᠷ ᠳᠠᠮᠵᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠥᠪᠡᠷ ᠤᠨ ᠦᠷᠲᠡᠭ ᠤᠨ ᠳᠠᠷᠤᠯᠲᠠ ᠥᠭᠬᠦ ᠶᠢ ᠰᠡᠷᠭᠡᠶᠢᠯᠡᠵᠦ᠂ ᠱᠠᠲᠤᠴᠢ ᠴᠢᠨᠠᠷᠲᠠᠶ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠶᠢ ᠪᠠᠭᠲᠠᠭᠠᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢ ᠱᠠᠯᠠᠪᠳᠠᠨ ᠰᠤᠳᠤᠯᠵᠤ᠂ ᠣᠷᠣᠨ ᠨᠤᠲᠤᠭ ᠤᠨ ᠬᠢᠨ ᠤ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠡᠷ ᠪᠠᠶᠢᠰᠢᠩ ᠤᠨ ᠲᠦᠷᠢᠶᠡᠰᠦᠨ ᠮᠥᠩᠭᠦ᠂ ᠤᠰᠤ ᠴᠠᠬᠢᠯᠭᠠᠨ ᠤ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠲᠠᠯ᠎ᠠ ᠪᠠᠷ ᠳᠡᠮᠵᠢᠯᠭᠡ ᠦᠵᠡᠭᠦᠯᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠬᠦᠴᠢᠷᠳᠡᠯ ᠢ ᠨᠢ ᠬᠠᠪᠰᠤᠷᠤᠨ ᠳᠤᠭᠤᠯᠬᠤ ᠬᠡᠷᠡᠭᠲᠡᠢ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ︽ᠲᠤᠰᠬᠠᠢ ᠨᠠᠷᠢᠯᠢᠭ ᠥᠪᠡᠷᠮᠢᠴᠡ ᠰᠢᠨ᠎ᠡ︾ ᠴᠢᠭᠯᠡᠯ ᠢᠶᠠᠷ ᠬᠥᠭᠵᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号