2021ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ︵ᠬᠤᠶᠠᠳᠣᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2021/10/25
        ᠲᠥᠯᠥᠭᠡᠯᠡᠭᠴᠢᠳ ᠡ︕ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠱᠠᠳᠤ᠂ ᠮᠥᠨᠴᠦ ᠮᠠᠨ ᠤ ᠬᠤᠳᠠ ᠶᠢᠨ ᠬᠥᠭᠵᠢᠯᠲᠡ ᠶᠢᠨ ᠶᠠᠪᠤᠴᠠ ᠳᠠᠬᠢ ᠴᠢᠬᠤᠯᠠ  ᠬᠦᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠲᠠᠪᠤᠨ ᠵᠢᠯ ᠪᠣᠯᠤᠨ᠎ᠠ᠃ ᠥᠩᠭᠡᠷᠡᠭᠰᠡᠨ ᠲᠠᠪᠤᠨ ᠵᠢᠯ ᠪᠣᠯ ᠶᠡᠷᠦᠩᠬᠡᠶᠢᠯᠡᠭᠰᠡᠨ ᠪᠣᠳᠠᠲᠤ ᠬᠦᠴᠦᠨ ᠤ ᠳᠠᠪᠠᠯᠲᠠ ᠶᠢ ᠳᠠᠪᠠᠵᠤ ᠭᠦᠢᠴᠡᠵᠦ ᠳᠠᠪᠠᠭᠰᠠᠨ ᠲᠠᠪᠤᠨ ᠵᠢᠯ ᠪᠣᠯᠤᠨ᠎ᠠ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ︽ᠪᠣᠬᠢᠷᠲᠤᠯ ᠦᠭᠡᠶ ᠪᠠᠷ ᠬᠥᠭᠵᠢᠨ ᠮᠠᠨᠳᠤᠵᠤ᠂ ᠠᠷᠠᠳ ᠢ ᠪᠠᠶᠠᠵᠢᠭᠤᠯᠤᠨ ᠬᠤᠲᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ ᠬᠢᠵᠦ᠂ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠂ ᠠᠭᠠᠷ ᠤᠨ ᠠᠵᠤ  ᠦᠢᠯᠡᠰ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠥᠬᠦ ᠴᠠᠷᠠᠭᠠᠨ ᠤ ᠵᠢᠭᠤᠯᠴᠢᠯᠠᠯ᠂ ᠣᠷᠴᠢᠯ ᠠᠵᠤ  ᠦᠢᠯᠡᠳᠪᠦᠷᠢ᠂ ᠰᠢᠨ᠎ᠡ ᠬᠡᠯᠪᠡᠷᠢ ᠶᠢᠨ ᠬᠤᠲᠠ ᠬᠥᠳᠡᠭᠡ ᠶᠢᠨ ︽ᠵᠢᠷᠭᠤᠭᠠᠨ ᠶᠡᠭᠡ  ᠰᠢᠰᠲ᠋ᠧᠮ︾ ᠢ ᠪᠠᠶᠢᠭᠤᠯᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠬᠥᠯᠥᠨ ᠪᠤᠶᠢᠷ ᠲᠤ ︽13 · 5︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠦᠶ᠎ᠡ ᠶᠢᠨ ᠳᠥᠷᠪᠡᠳᠦᠭᠡᠷ ᠲᠤ ᠣᠷᠣᠵᠤ ᠪᠠᠶᠢᠭᠰᠠᠨ ᠠᠴᠠ ᠪᠠᠨ ᠲᠣᠭᠲᠠᠭᠤᠨ ᠢᠶᠠᠷ ᠳᠡᠭᠡᠭᠰᠢᠯᠡᠭᠡᠳ ᠬᠤᠶᠠᠳᠤᠭᠠᠷ ᠲᠤ ᠣᠷᠣᠪᠠ᠂ ᠡᠨᠡ ᠪᠣᠯ ᠲᠦᠷᠦᠭᠦᠤ ᠵᠠᠭᠤᠨ ᠤ ᠶᠡᠷᠡᠭᠡᠳ ᠣᠨ ᠠᠴᠠ ᠣᠲᠣ ᠪᠣᠯᠲᠠᠯᠠᠬᠢ 30 ᠵᠢᠯ ᠤᠨ ᠲᠤᠷᠰᠢ ᠵᠠᠯᠠᠨ ᠠᠶᠢᠯ ᠲᠥᠯᠥᠪᠯᠡᠭᠡᠲᠦ ᠠᠵᠤ ᠠᠬᠤᠶ ᠠᠴᠠ ᠪᠠᠨ ᠵᠠᠬ᠎ᠠ ᠳᠡᠯᠭᠡᠭᠦᠷ ᠤᠨ ᠠᠵᠤ ᠠᠬᠤᠶ ᠳᠠᠰᠢ ᠰᠢᠯᠵᠢᠭᠰᠡᠨ ᠠᠴᠠ ᠨᠠᠰᠢᠬᠢ ᠬᠠᠮᠤᠭ ᠤᠨ ᠰᠠᠶᠢᠨ ᠠᠮᠵᠢᠯᠲᠠ ᠪᠦᠲᠦᠮᠵᠢ ᠪᠣᠯᠤᠨ᠎ᠠ᠃ ᠥᠩᠭᠡᠷᠡᠭᠰᠡᠨ ᠲᠠᠪᠤᠨ ᠵᠢᠯ ᠪᠣᠯ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠠᠯ᠎ᠠ ᠪᠠᠷ ᠰᠢᠪᠲᠤᠯᠤᠯᠲᠠ ᠭᠠᠷᠭᠠᠭᠰᠠᠨ ᠲᠠᠪᠤᠨ ᠵᠢᠯ ᠪᠣᠯᠤᠨ᠎ᠠ᠃ ᠪᠢᠳᠡ ᠴᠢᠨᠠᠷ ᠰᠠᠶᠢᠲᠠᠶ ᠬᠥᠭᠵᠢᠯᠲᠡ ᠶᠢᠨ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠹᠦ᠋ ᠹᠧᠩ ᠺᠣᠮᠫᠠᠨᠢ ᠪᠠᠷ ᠲᠣᠯᠣᠭᠠᠶᠢᠯᠠᠭᠤᠯᠤᠭᠰᠠᠨ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠪᠣᠯᠤᠨ ᠲᠢᠶᠠᠨᠵᠢᠨ ᠤ ᠵᠢᠶᠧᠫᠰᠤᠨ ᠤᠯᠠᠨ ᠤᠯᠤᠰ ᠤᠨ ᠨᠢᠰᠦᠯᠲᠡ ᠶᠢᠨ ᠳᠡᠭᠡᠳᠦ ᠰᠤᠷᠭᠠᠭᠤᠯᠢ ᠪᠠᠷ ᠲᠤᠯᠭᠠᠭᠤᠷᠢᠯᠠᠭᠰᠠᠨ ᠠᠭᠠᠷ ᠤᠨ ᠠᠵᠤ ᠦᠢᠯᠡᠰ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠪᠣᠯᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ᠂ ᠠᠴᠠᠢ ᠤᠯᠤᠰ ᠤᠨ AAAA ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠪᠣᠯᠤᠨ ᠵᠠᠯᠠᠨ ᠠᠶᠢᠯ ᠤᠨ ᠤᠯᠤᠰ ᠤᠨ ᠳᠡᠰ ᠤᠨ ᠠᠮᠢ ᠠᠬᠤᠢ ᠶᠢᠨ ᠵᠤᠭᠠᠴᠠᠯ ᠤᠨ ᠠᠮᠠᠷᠠᠯᠲᠠ ᠶᠢᠨ ᠣᠷᠣᠨ ᠢᠶᠠᠷ ᠬᠤᠶᠠᠷ ᠲᠦᠢᠯ ᠪᠣᠯᠭᠠᠭᠰᠠᠨ ᠪᠦᠬᠦ ᠣᠷᠣᠨ ᠪᠦᠰᠡ ᠶᠢᠨ ᠵᠤᠭᠠᠴᠠᠯ ᠤᠨ ᠠᠵᠤ ᠦᠢᠯᠡᠰ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠬᠥᠳᠡᠯᠭᠡᠬᠦ ᠬᠦᠴᠦᠨ ᠢ ᠪᠦᠷᠢᠯᠳᠦᠭᠦᠯᠪᠡ᠃ ᠢᠯᠠᠩᠭᠤᠶ᠎ᠠ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ᠂ ᠲᠢᠶᠠᠨᠵᠢᠨ ᠤ ᠵᠢᠶᠧᠫᠰᠤᠨ ᠤᠯᠠᠨ ᠤᠯᠤᠰ ᠤᠨ ᠨᠢᠰᠦᠯᠲᠡ ᠶᠢᠨ ᠳᠡᠭᠡᠳᠦ ᠰᠤᠷᠭᠠᠭᠤᠯᠢ ᠵᠠᠯᠠᠨ ᠠᠶᠢᠯ ᠳᠤ ᠨᠤᠲᠤᠭᠰᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠲᠡᠭᠡᠭᠡᠪᠦᠷᠢ ᠶᠢᠨ ᠲᠤᠰᠬᠠᠢ ᠮᠡᠷᠭᠡᠵᠢᠯ ᠤᠨ ᠨᠢᠰᠦᠯᠲᠡ ᠶᠢᠨ ᠪᠣᠯᠪᠠᠰᠤᠷᠠᠯ ᠪᠣᠯᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠦᠭᠦᠷ ᠢ ᠰᠢᠯᠭᠠᠨ ᠪᠠᠶᠢᠴᠠᠭᠠᠵᠤ ᠰᠡᠯᠪᠢᠨ ᠵᠠᠰᠠᠬᠤ ᠵᠡᠷᠭᠡ ᠤᠯᠠᠨ ᠵᠦᠢᠯ ᠤᠨ ᠬᠤᠭᠤᠰᠣᠨ ᠢ ᠨᠥᠬᠦᠪᠥᠷᠢᠯᠡᠵᠦ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠤᠨ ᠰᠢᠨ᠎ᠡ ᠬᠥᠳᠡᠯᠭᠡᠬᠦ ᠡᠨᠧᠷᠭᠢ ᠰᠢᠨ᠎ᠡ ᠠᠵᠤ ᠦᠢᠯᠡᠰ ᠤᠨ ᠰᠢᠨ᠎ᠡ ᠬᠢᠯᠠᠰ ᠴᠡᠭ ᠰᠢᠨ᠎ᠡ ᠬᠥᠳᠡᠯᠭᠡᠭᠦᠷ ᠤᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃    ᠥᠩᠭᠡᠷᠡᠭᠰᠡᠨ ᠲᠠᠪᠤᠨ ᠵᠢᠯ ᠪᠣᠯ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠭᠰᠠᠨ ᠲᠠᠪᠤᠨ ᠵᠢᠯ ᠮᠥᠨ᠃ ᠪᠢᠳᠡ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠨᠡᠶᠢᠲᠡ 20 ᠲᠦᠮᠡᠨ ᠮᠥ ᠣᠶ ᠮᠣᠳᠣ ᠲᠠᠷᠢᠵᠤ᠂ ᠣᠶ ᠰᠢᠭᠤᠶ ᠡᠪᠡᠰᠦ ᠪᠡᠯᠴᠢᠭᠡᠷ ᠢ ᠡᠪᠳᠡᠨ ︽ ᠲᠣᠷᠮᠣᠰᠯᠠᠭᠤᠷ︾  ᠢ‌ᠡᠷᠡᠰ ᠭᠢᠰᠬᠢᠵᠦ᠂ ᠦᠵᠡᠮᠵᠢ ᠶᠢᠨ ᠣᠷᠣᠨ ᠦᠵᠡᠮᠵᠢ ᠶᠢᠨ ᠣᠷᠣᠨ ᠢ ᠴᠡᠪᠡᠷᠯᠡᠨ ᠴᠡᠭᠴᠡᠯᠡᠬᠦ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ︽ᠲᠤᠮᠤ ᠰᠠᠷᠠᠪᠴᠢᠨ ᠭᠡᠷ︾ ᠢ ᠴᠡᠪᠡᠷᠯᠡᠨ ᠴᠡᠭᠴᠡᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠤᠯᠠᠨ ᠵᠢᠯ ᠤᠨ ᠲᠤᠷᠰᠢ ᠦᠯᠡᠳᠡᠭᠳᠡᠵᠦ ᠢᠷᠡᠭᠰᠡᠨ ᠠᠮᠢ ᠠᠬᠤᠶ ᠶᠢᠨ ᠠᠷᠬᠠᠭ ᠭᠡᠮ ᠢ ᠪᠦᠲᠦᠮᠵᠢᠲᠡᠶ ᠪᠠᠷ ᠵᠠᠰᠠᠵᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠳᠤ ᠨᠡᠶᠢᠴᠡᠬᠦ‍ ᠨᠢᠭᠡ ᠪᠦᠯᠦᠭ ᠣᠷᠴᠢᠯ ᠠᠵᠤ ᠦᠢᠯᠡᠰ ᠤᠨ ᠵᠦᠢᠯᠡᠰ ᠢ ᠠᠵᠢᠯ ᠳᠠᠭᠤᠰᠬᠠᠨ ᠦᠢᠯᠡᠳᠪᠦᠷᠢᠯᠡᠯ ᠳᠤ ᠣᠷᠣᠭᠤᠯᠵᠤ᠂ ᠤᠯᠤᠰ ᠤᠨ ᠠᠮᠢ ᠠᠬᠤᠶ ᠶᠢᠨ ᠬᠤᠳᠠ᠂ ᠳᠤᠮᠳᠠᠳᠤ ᠤᠯᠤᠰ ᠤᠨ  ᠪᠠᠶᠢᠭᠠᠯᠢᠯᠢᠭ ᠬᠦᠴᠢᠯᠲᠥ᠋ᠷᠥᠭᠴᠢ ᠶᠢᠨ ᠪᠠᠭᠠᠷ ᠤᠨ ᠬᠤᠳᠠ᠂ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠰᠢᠶᠠᠨ ᠵᠡᠷᠭᠡ ᠤᠯᠠᠨ ᠵᠦᠢᠯ ᠤᠨ ᠢᠷᠠᠭᠤ ᠠᠯᠳᠠᠷ ᠢ ᠬᠦᠷᠳᠡᠪᠡ᠃ ᠪᠢᠳᠡ ᠬᠤᠲᠠ ᠬᠥᠳᠡᠭᠡ ᠶᠢ ᠵᠣᠬᠢᠴᠠᠩᠭᠤᠶ ᠪᠠᠷ ᠬᠥᠭᠵᠢᠭᠦᠯᠬᠦ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠳᠥᠯᠭᠢᠨ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠨᠡᠶᠢᠲᠡ 196 ᠲᠦᠮᠡᠨ ᠲᠡᠭᠰᠢ ᠳᠥᠷᠪᠡᠯᠵᠢᠨ ᠮᠧᠲᠷ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠬᠥᠭᠵᠢᠭᠦᠯᠵᠦ᠂ 7300 ᠡᠷᠦᠬᠡ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ᠂ 5714 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠪᠥᠬᠦ ᠲᠠᠯ᠎ᠠ ᠪᠠᠷ ᠰᠠᠶᠢᠵᠢᠷᠠᠭᠤᠯᠪᠠ᠃ ᠨᠢᠭᠡ ᠪᠦᠯᠦᠭ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠢ ᠬᠡᠷᠡᠭᠵᠢᠭᠦᠯᠵᠦ᠂ ᠪᠢᠨ ᠵᠧᠤ ᠶᠢᠨ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ ᠴᠢᠩᠭᠢᠰ ᠬᠠᠭᠠᠨ ᠤ ᠨᠢᠰᠬᠡᠯ ᠤᠨ ᠪᠠᠭᠤᠳᠠᠯ ᠳᠤ ᠠᠶᠠᠯᠠᠯ ᠨᠡᠪᠲᠡᠷᠡᠬᠦ ᠶᠢ ᠪᠡᠶᠡᠯᠡᠭᠦᠯᠵᠦ᠂ ᠵᠠᠯᠠᠨ ᠠᠶᠢᠯ ᠠᠴᠠ ᠤᠯᠠᠭᠠᠨᠬᠤᠲᠠ᠂ ᠠᠷᠤᠨ ᠬᠤᠰᠢᠭᠤ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠬᠦ ᠱᠤᠭᠤᠮ ᠢᠶᠠᠷ ᠲᠡᠷᠭᠡ ᠨᠡᠪᠲᠡᠷᠡᠵᠦ᠂ ᠵᠠᠰᠠᠮᠠᠯ ᠵᠠᠮ ᠤᠨ ᠪᠥᠬᠦ ᠣᠷᠳᠣ 4180 ᠺᠢᠯᠣᠮᠧᠲᠷ ᠲᠤ ᠬᠥᠷᠪᠡ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠶᠢ ᠪᠡᠶᠡᠯᠡᠭᠦᠯᠵᠦ᠂ ᠮᠠᠨ ᠤ ᠬᠤᠲᠠ ᠪᠥᠬᠦ ᠤᠯᠤᠰ ᠤᠨ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢᠨ ᠲᠡᠷᠢᠭᠦᠨ ᠤ ᠰᠢᠶᠠᠨ ᠪᠣᠯᠵᠣ᠂ ᠮᠥᠬᠦᠴᠢ ᠪᠠᠯᠭᠠᠰᠤ᠂ ᠴᠠᠢ ᠾᠧ ᠪᠠᠯᠭᠠᠰᠤ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠᠷ ᠦᠨᠡᠯᠡᠭᠳᠡᠪᠡ᠃ ᠥᠩᠭᠡᠷᠡᠭᠰᠡᠨ ᠲᠠᠪᠤᠨ ᠵᠢᠯ ᠪᠣᠯ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠤᠭᠰᠠᠨ ᠲᠠᠪᠤᠨ ᠵᠢᠯ ᠪᠣᠯᠤᠨ᠎ᠠ᠃ ᠪᠢᠳᠡ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠪᠡ᠃ 151 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠳᠡᠮᠵᠢᠨ᠂ ᠨᠡᠶᠢᠲᠡ 26.6 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ ᠭᠡᠯᠳᠦᠷᠢᠭᠦᠯᠵᠦ᠂  ᠬᠤᠳᠠᠯᠳᠣᠭᠠᠯᠠᠨ ᠡᠵᠡᠩᠨᠡᠬᠦ ᠣᠷᠴᠢᠨ ᠨᠥᠬᠦᠴᠡᠯ ᠢᠯᠡᠳᠲᠡ ᠰᠠᠶᠢᠵᠢᠷᠠᠪᠠ᠃ ᠬᠥᠯᠥᠨ ᠪᠤᠶᠢᠷ ᠬᠤᠲᠠ ᠶᠢᠨ ᠲᠠᠰ ᠠᠴᠠ ᠳᠡᠭᠡᠭᠰᠢᠬᠢ ᠰᠢᠨᠵᠢᠯᠡᠬᠦ ᠤᠬᠠᠭᠠᠨ ᠮᠡᠷᠭᠡᠵᠢᠯ ᠤᠨ 61 ᠲᠥᠷᠥᠯ  ᠵᠦᠢᠯ ᠢ ᠬᠡᠷᠡᠭᠵᠢᠭᠦᠯᠵᠦ᠂ ᠹᠦ᠋  ᠹᠧᠩ ᠺᠣᠮᠫᠠᠨᠢ ᠤᠯᠤᠰ ᠤᠨ ᠲᠠᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠪᠣᠯᠵᠣ᠂ ᠮᠠᠨ ᠤ ᠬᠤᠲᠠ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠰᠢᠶᠠᠨ ᠢᠶᠠᠨ ᠬᠦᠴᠦᠷᠬᠡᠭᠵᠢᠭᠦᠯᠬᠦ ᠢᠨᠵᠧᠨᠧᠷᠢᠩ ᠤᠨ ᠲᠤᠷᠰᠢᠯᠲᠠ ᠶᠢᠨ  ᠴᠡᠭ᠂ ᠪᠥᠬᠦ ᠤᠯᠤᠰ ᠤᠨ ᠬᠥᠳᠡᠭᠡ ᠲᠣᠰᠬᠤᠨ ᠤ ᠠᠳᠠᠯ  ᠦᠢᠯᠡᠰ ᠴᠣᠭᠴᠠᠯᠠᠵᠤ ᠰᠢᠨ᠎ᠡ ᠶᠢ ᠡᠭᠦᠳᠦᠭᠰᠡᠨ ᠨᠡᠶᠢᠲᠡᠯᠢᠭ ᠰᠢᠶᠠᠨ ᠪᠣᠯᠪᠠ᠃ ᠭᠠᠳᠠᠭᠠᠳᠤ ᠨᠡᠭᠡᠭᠡᠯᠲᠡ ᠶᠢᠨ ᠰᠢᠨ᠎ᠡ ᠳᠠᠪᠠᠭᠤᠯᠢᠭ ᠢ ᠲᠠᠰᠤᠷᠠᠯᠲᠠ ᠥᠬᠡᠶ ᠡᠭᠦᠳᠴᠦ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠭᠠᠷᠭᠠᠯᠲᠠ ᠶᠢᠨ ᠶᠡᠷᠦᠩᠬᠡᠶ ᠬᠡᠮᠵᠢᠶ᠎ᠡ ᠵᠠᠯᠭᠠᠭ᠎ᠠ ᠪᠠᠷ ᠣᠯᠠᠨ ᠵᠢᠯ ᠬᠥᠯᠥᠨ ᠪᠤᠶᠢᠷ ᠬᠤᠲᠠ ︵ᠮᠠᠨᠵᠤᠤᠷ ᠪᠠᠭᠲᠠᠬᠤ ᠥᠬᠡᠶ︶ ᠶᠢᠨ 95% ᠠᠴᠠ ᠳᠡᠭᠡᠭᠰᠢᠬᠢ ᠶᠢ ᠡᠵᠡᠯᠡᠪᠡ᠃ᠥᠩᠭᠡᠷᠡᠭᠰᠡᠨ ᠲᠠᠪᠤᠨ ᠵᠢᠯ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠨᠡᠩ ᠡᠯᠪᠡᠭ ᠳᠡᠯᠪᠡᠭ ᠪᠣᠯᠤᠭᠰᠠᠨ ᠲᠠᠪᠤᠨ ᠵᠢᠯ ᠪᠣᠯᠤᠨ᠎ᠠ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠪᠠ᠃ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠨᠡᠶᠢᠳᠡ 157 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠵᠠᠷᠤᠯᠭ᠎ᠠ ᠶᠢᠨ ᠡᠵᠡᠯᠡᠬᠦ ᠬᠠᠷᠢᠴᠠᠯ 71.9% ᠵᠢᠭᠰᠠᠨ ᠠᠴᠠ ᠪᠠᠨ ᠨᠡᠮᠡᠭᠳᠡᠭᠡᠳ 81.32% ᠪᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ ᠲᠤᠰ ᠲᠤᠰ6.8% ᠪᠠ 8.9% ᠪᠠᠷ ᠨᠡᠮᠡᠭᠳᠡᠪᠡ᠃ ᠬᠤᠳᠠ ᠪᠠᠯᠭᠠᠰᠤᠨ ᠤ 2.5 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 12.9 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠢ ᠨᠡᠶᠢᠳᠡᠮ ᠬᠡᠷᠡᠭᠵᠢᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ᠂ ᠠᠰᠠᠷᠠᠨ ᠬᠠᠷᠠᠭᠠᠯᠵᠠᠬᠤ ᠡᠲᠡᠭᠡᠳ᠂ ᠵᠡᠮᠳᠡᠭᠴᠦᠳ ᠵᠡᠷᠭᠡ ᠳᠤ ᠨᠥᠬᠦᠪᠥᠷᠢ ᠥᠭᠬᠦ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠪᠡ᠃ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠶ ᠰᠢᠶᠠᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠵᠦ᠂ ᠰᠤᠷᠬᠤ ᠨᠠᠰᠤᠨ ᠠᠴᠠ ᠡᠮᠦᠨᠡᠬᠢ ᠭᠤᠷᠪᠠᠨ ᠵᠢᠯ ᠤᠨ ᠴᠡᠴᠡᠷᠯᠢᠭ ᠲᠤ ᠤᠷᠤᠭᠰᠠᠨ ᠪᠦᠬᠦ ᠨᠤᠷᠮ᠎ᠠ93.01% ᠬᠦᠷᠴᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ 99.27% ᠳᠤ ᠬᠦᠷᠴᠡᠶ᠃ᠡᠮ ᠡᠮᠨᠡᠯᠭᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠪᠠ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠤᠷᠢᠳ ᠬᠤᠵᠢᠳ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠠ ᠭᠤᠷᠪᠠᠳᠤᠭᠠᠷ ᠳᠡᠰ ᠤᠨ ᠬᠥᠬᠡ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠳᠡᠪᠰᠢᠵᠦ᠂ ᠮᠠᠨ ᠤ ᠬᠤᠲᠠ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠨᠢᠭᠡᠴᠡ ᠪᠣᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ 14655 ᠡᠷᠦᠬᠡ ᠶᠢᠨ 40894 ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 70 ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠢ ᠰᠢᠶᠠᠨ ᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠤᠯᠪᠠ᠃      ᠲᠥᠯᠥᠭᠡᠯᠡᠭᠴᠢᠳ ᠡ︕ ᠲᠠᠪᠤᠨ ᠵᠢᠯ ᠤᠨ ᠲᠤᠷᠰᠢ᠂ ᠪᠢᠳᠡ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠯᠬᠤᠮ ᠠᠯᠬᠤᠮ ᠢᠶᠠᠷ ᠠᠯᠬᠤᠮ ᠠᠯᠬᠤᠮ ᠢᠶᠠᠷ ᠤᠷᠤᠭᠰᠢᠯᠠᠵᠤ᠂ ᠵᠢᠯ ᠳᠠᠷᠠᠭᠠᠯᠠᠨ ᠳᠡᠭᠲᠡᠷ ᠲᠤ ᠭᠠᠷᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠶᠠᠨ ᠵᠠᠮ ᠳᠤ ᠤᠳᠠᠭ᠎ᠠ ᠲᠠᠷᠠᠭ᠎ᠠ ᠪᠠᠷ ᠢᠯᠠᠯᠲᠠ ᠤᠯᠪᠠ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠳᠣᠲᠣᠨᠣ ᠬᠠᠯᠠᠮᠵᠢᠯᠠᠯ ᠤᠨ ᠦᠷ᠎ᠡ ᠳ᠋ᠦᠩ ᠮᠥᠨ᠂ ᠬᠤᠳᠠ ᠶᠢᠨ ᠨᠠᠮ ᠤᠨ ᠬᠤᠷᠢ᠊ ᠡᠶ᠎ᠡ ᠪᠦᠬᠦ ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ ᠢ ᠳᠠᠭᠠᠭᠤᠯᠤᠨ ᠬᠦᠴᠢᠷ ᠢ ᠲᠤᠭᠤᠯᠤᠨ ᠬᠦᠴᠢᠷ ᠢ ᠳᠠᠪᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠵᠠᠯᠠᠨ ᠠᠶᠢᠯ ᠤᠨ ᠪᠦᠳᠦᠭᠡᠨ ᠪᠠᠶᠢᠭᠤᠯᠤᠯᠲᠠ ᠪᠠ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠣᠯᠵᠤ ᠬᠠᠷᠠᠬᠤ ᠶᠢᠨ ᠵᠡᠷᠭᠡᠴᠡᠭᠡᠪᠡᠷ ᠤᠷᠤᠭᠰᠢᠯᠠᠯᠲᠠ ᠶᠢᠨ ᠵᠠᠮ ᠳᠡᠭᠡᠷ᠎ᠡ ᠪᠢᠳᠡᠨ ᠳᠤ ᠪᠠᠰᠠ ᠤᠯᠠᠨ ᠳᠠᠪᠬᠤᠷ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ᠂ ᠶᠡᠷᠦᠩᠬᠡᠶᠢᠯᠡᠭᠰᠡᠨ ᠬᠥᠭᠵᠢᠯᠲᠡ ᠶᠢᠨ ᠬᠢᠷᠢ ᠬᠡᠮᠵᠢᠶ᠎ᠡ ᠪᠠᠰᠠ ᠰᠢᠨ᠎ᠡ ᠱᠠᠲᠤᠨ ᠳᠠᠬᠢ ᠬᠥᠭᠵᠢᠯᠲᠡ ᠶᠢᠨ ᠱᠠᠭᠠᠷᠳᠠᠯᠭ᠎ᠠ ᠳᠤ ᠪᠦᠬᠦ ᠲᠠᠯ᠎ᠠ ᠪᠠᠷ ᠵᠣᠬᠢᠴᠠᠵᠤ ᠴᠢᠳᠠᠭᠠᠳᠤᠶ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠨᠢᠭᠡ ᠳᠤ ᠠᠵᠤ ᠦᠢᠯᠡᠰ ᠤᠨ ᠬᠡᠪᠴᠢᠶ᠎ᠡ ᠲᠡᠳᠦᠶ ᠶᠡᠭᠡ ᠪᠢᠰᠢ᠂ ᠶᠠᠰᠤ ᠴᠢᠨᠠᠷ ᠦᠷ᠎ᠡ ᠠᠰᠢᠭ ᠲᠡᠳᠦᠶ ᠥᠨᠳᠥᠷ ᠪᠢᠰᠢ᠂ ᠢᠯᠠᠩᠭᠤᠶ᠎ᠠ ᠬᠢᠵᠢᠭ ᠤᠨ ᠪᠠᠶᠢᠳᠠᠯ ᠤᠨ ᠲᠠᠭᠠᠷᠢᠯᠳᠠ ᠠᠴᠠ ᠪᠤᠯᠵᠤ ᠠᠵᠤ ᠠᠬᠤᠶ ᠶᠢᠨ ᠬᠥᠭᠵᠢᠯᠲᠡ ᠶᠢᠨ ᠳᠠᠷᠤᠯᠲᠠ ᠨᠡᠮᠡᠭᠳᠡᠵᠦ ᠪᠠᠶᠢᠨ᠎ᠠ  ᠃ ᠬᠤᠶᠠᠷ ᠲᠤ ᠴᠢᠬᠤᠯᠠ ᠶᠡᠭᠡ ᠵᠦᠢᠯᠡᠰ ᠤᠨ ᠨᠥᠭᠡᠴᠡ ᠬᠦᠷᠦᠯᠴᠡᠬᠦ ᠦᠭᠡᠢ᠂ ᠬᠤᠳᠠᠯᠳᠤᠭᠠᠴᠢᠨ ᠤᠷᠢᠬᠤ ᠵᠦᠢᠯᠡᠰ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠪᠡᠯᠡ ᠣᠷᠣᠭᠤᠯᠤᠯᠲᠠ ᠶᠢᠨ ᠨᠡᠮᠡᠭᠳᠡᠯ ᠮᠥᠨ ᠯᠡ ᠬᠦᠴᠦᠨ ᠮᠡᠬᠦᠰᠳᠡᠵᠦ ᠪᠠᠶᠢᠨ᠎ᠠ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ᠂ ᠴᠢᠳᠠᠪᠤᠷᠢᠲᠠᠨ ᠤ ᠡᠬᠢ ᠪᠠᠶᠠᠯᠢᠭ ᠤᠨ ᠳᠤᠲᠠᠭᠤᠳᠠᠯ ᠲᠤᠪᠤᠶᠢᠮ᠎ᠠ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠶᠢᠨ ᠲᠣᠭᠤᠷᠢᠭ ᠤᠨ ᠥᠭᠡᠷᠡᠴᠢᠯᠡᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ᠃ ᠲᠦᠷᠪᠡ ᠳᠤ ᠴᠥᠭᠡᠨ ᠲᠣᠭᠠᠨ ᠤ ᠺᠠᠳ᠋ᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠤᠯᠠᠨ ᠲᠦᠮᠡᠨ ᠳᠤ ᠦᠢᠯᠡᠴᠢᠯᠡᠬᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ ᠶᠢ ᠪᠠᠰᠠ ᠴᠢᠩᠭᠠᠳᠬᠠᠬᠤ ᠴᠢᠬᠤᠯᠠᠲᠠᠶ ᠪᠠᠶᠢᠵᠤ᠂ ᠣᠨᠴᠠ ᠵᠠᠷᠢᠮ ᠬᠦᠷᠢᠶᠡᠨ ᠳᠠᠬᠢ ᠲᠥᠪ ᠪᠤᠰᠤ ᠰᠤᠷᠲᠠᠯ ᠪᠠ ᠪᠢᠴᠢᠯ ᠢᠯᠵᠠᠷᠠᠯ ᠤᠨ ᠠᠰᠠᠭᠤᠳᠠᠯ ᠮᠥᠨ ᠯᠡ ᠣᠷᠣᠰᠢᠭᠰᠠᠭᠠᠷ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠦᠨᠡᠨ ᠬᠦ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ  ᠰᠢᠢᠳᠪᠦᠷᠢᠯᠡᠨ᠎ᠡ᠃  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ