2021ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ︵  ᠭᠤᠷᠪᠠᠳᠣᠭᠠᠷ ᠬᠤᠭᠤᠴᠠᠭ᠎ᠠ︶
ᠨᠡᠶᠢᠲᠡᠯᠡᠭᠰᠡᠨ ᠴᠠᠭ᠄
2021/10/26
      ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ ᠬᠠᠷᠠᠯᠲᠠ ᠪᠠ ᠡᠭᠦᠷᠭᠡ    ︽ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠬᠤᠷᠢᠶᠠᠨ ᠤ ᠰᠠᠨᠠᠭᠤᠯᠭ᠎ᠠ︾ ᠶᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ︽ᠵᠠᠯᠠᠨ ᠠᠶᠢᠯ ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠲᠣᠳᠣᠷᠬᠠᠶᠢᠯᠠᠨ᠂ ᠬᠥᠭᠵᠢᠯᠲᠡ ᠶᠢ ᠲᠤᠯᠭᠠᠭᠤᠷᠢᠯᠠᠬᠤ ᠠᠯᠢ ᠣᠯᠠᠨ ᠭᠤᠤᠯᠳᠠᠯᠭ᠎ᠠ ᠲᠠᠢ ᠡᠭᠦᠷᠭᠡ ᠪᠠ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠶᠡᠭᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠪᠠ᠃   ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠮᠥᠨ᠃ ᠴᠢᠨᠠᠷ ᠰᠠᠶᠢᠲᠠᠢ ᠬᠥᠭᠵᠢᠯᠲᠡ ᠭᠤᠣᠯ ᠬᠦᠭ ᠠᠶᠠᠰ  ᠪᠣᠯᠵᠣ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠪᠣᠯ ᠠᠯᠤᠰ ᠤᠨ ᠬᠠᠷᠠᠯᠲᠠ ᠮᠥᠨ᠃ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠠᠯᠢ ᠤᠯᠠᠨ ᠠᠵᠠ ᠲᠣᠬᠢᠶᠠᠯ ᠪᠣᠯᠤᠨ ᠥᠷᠢᠰᠥᠯᠳᠦᠭᠡᠨ ᠳᠤ ᠲᠤᠯᠭᠠᠷᠠᠵᠤ  ᠂ ᠪᠢᠳᠡ ᠬᠥᠭᠵᠢᠯᠲᠡ ᠶᠢᠨ ︽ᠲᠣᠭᠲᠠᠭᠤᠨ︾ ᠢ ᠪᠠᠲᠤ ᠡᠵᠡᠮᠳᠡᠵᠦ᠂ ᠬᠢᠮᠤᠷᠠᠯ ᠤᠨ ᠳᠤᠮᠳᠠ ᠤᠷᠢᠳᠠᠪᠠᠷ ᠠᠵᠠ ᠲᠣᠬᠢᠶᠠᠯ ᠢ ᠪᠤᠢ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠬᠥᠭᠵᠢᠯᠲᠡ ᠶᠢᠨ ︽ᠬᠠᠨᠳᠤᠰᠢ︾ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠲᠤᠤᠱᠯᠠᠭᠤᠯᠵᠤ᠂ ︽ᠪᠣᠬᠢᠷᠲᠤᠯ ᠦᠭᠡᠢ ᠪᠠᠷ ᠬᠥᠭᠵᠢᠨ ᠮᠠᠨᠳᠤᠵᠤ᠂ ᠠᠷᠠᠳ ᠢ ᠪᠠᠶᠠᠵᠢᠭᠤᠯᠤᠨ ᠬᠤᠳᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠦᠷᠭᠦᠯᠵᠢᠯᠡᠨ ᠪᠠᠲᠤᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ  ᠃ ᠬᠥᠭᠵᠢᠯᠲᠡ ᠶᠢᠨ ︽ᠲᠣᠬᠢᠶᠠᠯ︾ ᠢ ᠪᠠᠲᠤ ᠡᠵᠡᠮᠰᠢᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠠᠭᠤᠰᠤᠯᠴᠠᠵᠤ᠂ ᠨᠡᠩ ᠥᠨᠳᠥᠷ ᠶᠠᠰᠤ ᠴᠢᠨᠠᠷ ᠲᠠᠢ᠂ ᠨᠡᠩ ᠦᠷ᠎ᠡ ᠪᠦᠲᠦᠮᠵᠢ ᠲᠠᠢ᠂ ᠨᠡᠩ ᠡᠷᠬᠡ ᠲᠡᠭᠰᠢ᠂ ᠨᠡᠩ  ᠦᠷᠭᠦᠯᠵᠢᠯᠡᠬᠦᠶᠢᠴᠡ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ᠵᠠᠯᠠᠨ ᠠᠶᠢᠯ ᠢ ᠨᠡᠩ ᠥᠨᠳᠥᠷ ᠲᠦᠪᠰᠢᠨ ᠲᠠᠢ᠂ ᠨᠡᠩ ᠣᠳᠣᠬᠢᠴᠢᠯᠠᠭᠰᠠᠨ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠷᠭᠠᠬᠤ ᠰᠠᠭᠤᠷᠢᠨ ᠲᠠᠢ᠂ ᠠᠮᠠᠷᠠᠯᠲᠠ ᠰᠡᠯᠡᠭᠦᠴᠡᠯ ᠵᠤᠭᠠᠴᠠᠯ ᠤᠨ ᠵᠣᠷᠢᠭᠰᠠᠨ ᠭᠠᠵᠠᠷ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ᠂ ᠠᠭᠠᠷ ᠤᠨ ᠠᠶᠠᠯᠠᠯ ᠤᠨ ᠤᠨᠴᠠᠯᠢᠭᠳᠤ ᠵᠢᠵᠢᠭ ᠪᠠᠯᠭᠠᠰᠤ᠂ ᠪᠣᠬᠢᠷᠲᠤᠯ ᠦᠭᠡᠢ ᠪᠣᠯᠪᠠᠰᠤᠨ ᠰᠠᠭᠤᠷᠢᠰᠢᠬᠤ ᠳᠤ ᠲᠣᠬᠢᠷᠠᠮᠵᠢᠲᠠᠢ ᠬᠤᠳᠠ ᠪᠣᠯᠭᠠᠨ ᠪᠦᠳᠦᠬᠡᠨ ᠪᠠᠶᠢᠭᠤᠯᠤᠨ᠎ᠠ᠃     ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠠᠬᠤᠢ ᠪᠠᠶᠢᠳᠠᠯ ᠢ ᠨᠡᠭᠡᠭᠡᠬᠦ ᠬᠡᠷᠡᠭᠲᠡᠢ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠵᠠᠰᠠᠬᠤ ᠶᠢ ᠨᠢᠭᠡᠳᠦᠯᠲᠡᠶ ᠲᠥᠯᠥᠪᠯᠡᠨ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠳᠦᠭᠡᠨ ᠪᠠᠶᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠤᠨ᠎ᠠ᠃ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ᠂ ᠠᠭᠠᠷ ᠤᠨ ᠠᠵᠤ  ᠦᠢᠯᠡᠰ᠂ ᠡᠯᠧᠺᠲᠷᠣᠨ ᠬᠤᠳᠠᠯᠳᠤᠭᠠᠨ ᠤ ᠶᠠᠪᠤᠳᠠᠯ ᠂ ᠪᠥᠬᠦ ᠴᠠᠷᠠᠭᠠᠨ ᠤ ᠵᠢᠭᠤᠯᠴᠢᠯᠠᠯ᠂ ᠣᠷᠴᠢᠯ ᠠᠵᠤ  ᠦᠢᠯᠡᠳᠪᠦᠷᠢ᠂ ᠰᠢᠨ᠎ᠡ ᠬᠡᠯᠪᠡᠷᠢ ᠶᠢᠨ ᠬᠤᠲᠠ ᠬᠥᠳᠡᠭᠡ ᠶᠢᠨ ︽ᠵᠢᠷᠭᠤᠭᠠᠨ ᠶᠡᠭᠡ  ᠰᠢᠰᠲ᠋ᠧᠮ︾  ᠢᠶᠠᠷ ᠰᠠᠭᠤᠷᠢ ᠪᠣᠯᠭᠠᠭᠰᠠᠨ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠳᠠᠪᠠᠭᠤᠯᠢᠭ  ᠲᠣᠪᠤᠶᠢᠮ᠎ᠠ᠂ ᠪᠦᠲᠦᠴᠡ ᠶᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ᠂ ᠬᠡᠯᠬᠢᠶ᠎ᠡ ᠪᠦᠷᠢᠨ ᠲᠡᠭᠦᠯᠳᠡᠷ᠂ ᠣᠷᠣᠨ ᠪᠦᠰᠡ ᠵᠣᠬᠢᠴᠠᠩᠭᠤᠶ᠂ ᠬᠤᠲᠠ ᠬᠥᠳᠡᠭᠡ ᠶᠢ ᠨᠢᠭᠡ ᠴᠣᠠᠠᠴᠠᠵᠢᠭᠤᠯᠥᠠᠠᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠣᠶ ᠪᠣᠯᠭᠠᠨ᠎ᠠ᠃    ᠬᠤᠶᠠᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠠᠭᠤᠰᠤᠯᠴᠠᠭᠤᠯᠬᠤ ᠬᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ︽ᠲᠠᠯᠪᠢᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ᠂  ᠬᠤᠳᠠᠯᠳᠣᠭᠠᠯᠠᠨ ᠡᠵᠡᠩᠨᠡᠬᠦ ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠶᠢ ᠦᠨᠡᠨᠬᠦ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠭᠦᠢᠴᠡᠳ ᠪᠠᠳᠠᠷᠠᠭᠤᠯᠤᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠭᠦᠨᠵᠡᠭᠡᠶ ᠠᠭᠤᠰᠤᠯᠴᠠᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠭᠠᠳᠠᠭᠰᠢ ᠨᠡᠭᠡᠭᠡᠯᠳᠡ ᠬᠢᠬᠦ ᠶᠢ ᠥᠷᠭᠡᠳᠬᠡᠬᠦ ᠪᠠ ᠳᠣᠲᠣᠭᠠᠳᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠠ ᠤᠯᠤᠰ ᠤᠨ ᠳᠣᠲᠣᠭᠠᠳᠤ ᠶᠢᠨ ᠤᠯᠠᠨ ᠤᠯᠤᠰ ᠤᠨ ᠬᠤᠣᠰ ᠣᠷᠴᠢᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠠᠭᠤᠰᠤᠯᠴᠠᠵᠤ᠂ ᠤᠮᠠᠷᠠᠰᠢ ᠨᠡᠭᠡᠭᠡᠯᠳᠡ ᠬᠢᠬᠦ  ᠪᠠᠬᠢᠯᠡᠯᠲᠡ ᠶᠢᠨ ᠴᠢᠬᠤᠯᠠ ᠵᠠᠩᠭᠢᠯᠠᠭ᠎ᠠ ᠶᠢᠨ ᠴᠡᠭ ᠤᠨ ᠬᠤᠳᠠ ᠶᠢ ᠪᠠᠶᠢᠭᠤᠯᠤᠨ᠎ᠠ᠃      ᠭᠤᠷᠪᠠ ᠳᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠪᠦᠬᠦᠨ ᠢ ᠬᠠᠮᠤᠷᠤᠭᠰᠠᠨ᠂ ᠦᠷᠭᠦᠯᠵᠢᠯᠡᠬᠦ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠢᠳᠡᠪᠬᠢᠲᠡᠶ ᠪᠠᠷ ᠲᠡᠳᠬᠦᠨ ᠲᠡᠮᠵᠢᠵᠤ᠂ ᠪᠦᠬᠦ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠣᠳᠣᠬᠢᠴᠢᠯᠠᠭᠰᠠᠨ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮ ᠡᠮᠨᠡᠯᠭᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠶᠡᠬᠡᠪᠡᠷ ᠬᠥᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠤᠨ᠎ᠠ᠃ ᠬᠥᠮᠦᠨ ᠢᠶᠠᠷ ᠭᠤᠣᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠠᠷᠠᠳ ᠨᠡᠶᠢᠲᠡ ᠶᠢᠨ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ ᠪᠠ ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠨ᠎ᠠ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠬᠤ ᠬᠡᠷᠡᠭᠲᠡᠢ᠃     ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ     2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠮᠠᠨ ᠤ ᠤᠯᠤᠰ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠠᠬᠢᠴᠠ ᠳᠠᠬᠢ ᠣᠨᠴᠠᠭᠠᠶ ᠴᠢᠬᠤᠯᠠ ᠴᠢᠨᠠᠷ ᠪᠦᠬᠦᠢ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭᠠᠨ ᠪᠠᠲᠤᠯᠠᠭ᠎ᠠ︾ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠭᠤᠭᠠᠨ ᠶᠡᠭᠡ  ᠰᠢᠰᠲ᠋ᠧᠮ︾  ᠢ ᠬᠦᠴᠦᠯᠡᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠦᠨ᠂ ᠰᠠᠶᠢᠨ ᠠᠯᠬᠤᠬᠤ ᠶᠢ ᠦᠨᠡᠨᠬᠦ ᠪᠠᠲᠤᠯᠠᠵᠤ᠂ ᠰᠢᠨ᠎ᠡ ᠠᠶᠠᠨ ᠵᠠᠮ ᠳᠤ ᠵᠠᠯᠠᠨ ᠠᠶᠢᠯ ᠤᠨ ᠪᠣᠬᠢᠷᠲᠤᠯ ᠥᠬᠡᠶ ᠪᠠᠷ ᠬᠥᠭᠵᠢᠨ ᠮᠠᠨᠳᠤᠬᠤ ᠰᠢᠨ᠎ᠡ ᠠᠬᠤᠶ ᠪᠠᠶᠢᠳᠠᠯ ᠢ ᠴᠢᠷᠮᠠᠶᠢᠨ ᠨᠡᠭᠡᠭᠡᠵᠦ᠂ ᠳᠠᠪᠠᠭᠠᠨ ᠤ ᠵᠡᠭᠦᠨᠳᠡᠬᠢ ᠣᠷᠣᠨ ᠪᠦᠰᠡ ᠶᠢᠨ ᠲᠥᠪ ᠪᠣᠯᠬᠤ ᠪᠠᠶᠢᠷᠢ ᠰᠠᠭᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠯ ᠲᠠᠢ ᠠᠮᠤᠷ ᠠᠮᠤᠭᠤᠯᠠᠩ ᠬᠥᠯᠥᠨ ᠪᠤᠶᠢᠷ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ᠃      ᠬᠤᠳᠠ ᠶᠢᠨ ᠨᠠᠮ ᠤᠨ ᠬᠤᠷᠢᠶᠠᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ ᠢ 3.5% ᠣᠷᠴᠢᠮ ᠢᠶᠠᠷ ᠨᠡᠮᠡᠭᠳᠡᠭᠦᠯᠦᠨ᠎ᠡ  ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ  ᠃ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ  ᠨᠡᠮᠡᠭᠳᠡᠭᠦᠯᠦᠨ᠎ᠡ  ᠃ ᠠᠮᠤ ᠪᠤᠳᠠᠭᠠᠨ ᠤ ᠬᠤᠷᠢᠶᠠᠯᠲᠠ ᠶᠢ 25 ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ᠃  ᠪᠣᠬᠢᠷᠲᠤᠯ ᠥᠬᠡᠶ ᠬᠥᠭᠵᠢᠯᠲᠡ ᠶᠢᠨ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠴᠢᠩᠭ᠎ᠠ ᠬᠡᠷᠡᠭᠵᠢᠭᠦᠯᠵᠦ᠂ ᠨᠢᠭᠡᠴᠢ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2.85% ᠪᠠᠭᠤᠷᠠᠭᠤᠯᠵᠤ᠂ ᠭᠤᠤᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃     ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠭᠤᠣᠯ ᠰᠢᠪᠲᠤᠯᠤᠯᠲᠠ ᠶᠢᠨ ᠴᠢᠭᠯᠡᠯ ᠢ ᠣᠨᠢᠯᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠨᠠᠷᠢᠨ ᠨᠢᠮᠪᠠᠢ ᠲᠥᠯᠥᠪᠵᠢᠭᠦᠯᠦᠨ ᠬᠡᠷᠡᠭᠵᠢᠭᠦᠯᠵᠦ᠂ ᠳᠣᠣᠷᠠᠬᠢ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠠ᠃       ︵ᠨᠢᠭᠡ︶ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠦᠬᠦ ᠬᠤᠳᠠ ᠶᠢᠨ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠥᠨᠳᠥᠷ ᠶᠠᠰᠤ ᠴᠢᠨᠠᠷ ᠥᠨᠳᠥᠷ ᠦᠷ᠎ᠡ ᠠᠰᠢᠭ ᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃ ᠨᠢᠭᠡ ᠳᠤ ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠦᠨ᠎ᠡ᠃ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠲᠤᠯ ᠥᠬᠡᠶ ᠪᠠᠷ ᠲᠠᠷᠢᠶᠠᠯᠠᠩ ᠢ ᠬᠥᠭᠵᠢᠭᠦᠯᠬᠦ᠂ ᠨᠠᠷᠠᠲᠤ ᠲᠡᠮᠳᠡᠭᠲᠦ ᠪᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠳᠥᠷᠪᠡᠨ ᠶᠡᠭᠡ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠠᠵᠤ  ᠦᠢᠯᠡᠰ ᠤᠨ ᠬᠦᠷᠢᠶᠡᠯᠡᠩ ᠲᠣᠭᠤᠷᠢᠭ ᠪᠠ ᠲᠤᠯᠤᠭᠠᠨ ᠶᠡᠭᠡ ᠠᠵᠤ  ᠦᠢᠯᠡᠰ ᠤᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠨ ᠵᠣᠭᠰᠣᠭᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠠᠮᠤ ᠪᠤᠳᠠᠭ᠎ᠠ ᠳᠠᠷᠢᠬᠤ ᠲᠠᠯᠠᠪᠠᠶ ᠶᠢ 392 ᠲᠦᠮᠡᠨ ᠮᠥ ᠠᠴᠠ ᠳᠡᠭᠡᠭᠰᠢ ᠳᠤ ᠬᠦᠷᠦᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ︽ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠵᠤ᠂ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ 4.8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠥᠲᠥᠭᠡᠨ ᠪᠠᠶᠢᠭᠤᠯᠵᠤ᠂ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ 88% ᠳᠤ ᠬᠦᠷᠦᠭᠦᠯᠦᠨ᠎ᠡ᠃ ᠠᠯᠠᠰᠢᠨ ᠦᠬᠡᠷ᠂ ᠰᠠᠭᠠᠯᠢ ᠶᠢᠨ ᠦᠨᠢᠶ᠎ᠡ᠂ ᠠᠮᠢᠳᠤ ᠭᠠᠭ᠋ᠠᠶ ᠶᠢᠨ ᠠᠵᠤ ᠦᠢᠯᠡᠰ  ᠤᠨ ᠬᠥᠭᠵᠢᠯᠲᠡ ᠶᠢ ᠶᠡᠬᠡᠪᠡᠷ ᠲᠥᠯᠬᠢᠨ ᠠᠬᠢᠭᠤᠯᠵᠤ᠂ ᠬᠥᠮᠦᠨ ᠪᠣᠯᠤᠨ ᠮᠠᠯ ᠠᠵᠤ ᠠᠬᠤᠶ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠪᠣᠯᠤᠨ ᠲᠢᠶᠠᠨ ᠶᠢᠦ ᠮᠠᠯ ᠠᠵᠤ ᠠᠬᠤᠶ ᠶᠢᠨ ᠡᠭᠦᠯᠳᠡᠷ ᠤᠨ ᠭᠠᠭ᠋ᠠᠶ ᠦᠷᠡᠵᠢᠭᠦᠯᠦᠨ ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ  ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠮᠠᠯ ᠤᠨᠤᠭ᠎ᠠ ᠶᠢ 130 ᠲᠦᠮᠡᠨ ᠲᠣᠯᠣᠭᠠᠶ ᠠᠴᠠ ᠳᠡᠭᠡᠭᠰᠢ ᠲᠣᠭᠲᠠᠪᠤᠷᠢᠵᠢᠭᠤᠯᠤᠨ᠎ᠠ᠃ ᠴᠢᠬᠢ ᠮᠣᠳᠣᠨ ᠤ ᠡᠭᠦᠯᠳᠡᠷ ᠪᠤᠶᠢᠵᠢᠭᠤᠯᠬᠤ᠂ ᠬᠢᠲᠠᠳ ᠡᠪᠡᠰᠦᠨ ᠡᠮ᠂ ᠬᠠᠷ᠎ᠠ ᠳᠡᠯᠳᠡᠦ᠂ ᠲᠦᠮᠡᠨ ᠨᠠᠰᠤᠲᠤ ᠤᠳᠪᠠᠯᠠ᠂ ᠠᠮᠢ ᠠᠬᠤᠶ ᠶᠢᠨ ᠲᠠᠬᠢᠶ᠎ᠠ ᠵᠡᠷᠭᠡ ᠤᠨᠴᠠᠯᠢᠬᠳᠤ ᠳᠠᠷᠢᠵᠤ ᠲᠡᠵᠢᠭᠡᠬᠦ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠵᠦ᠂ ᠵᠢᠩᠬᠢᠨᠢ ᠡᠮ ᠤᠨ ᠮᠠᠲ᠋ᠧᠷᠢᠶᠠᠯ ᠤᠨ ᠦᠷ᠎ᠡ ᠶᠢᠨ ᠡᠬᠢ ᠪᠠᠶᠠᠯᠢᠭ ᠤᠨ ᠬᠦᠷᠢᠶᠡᠯᠡᠩ᠂ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠦᠨᠳᠦᠰᠦᠨ  ᠵᠦᠢᠯ ᠢ ᠪᠠᠲᠤᠯᠠᠬᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠢ ᠪᠠᠲᠤᠯᠠᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠶᠢ ᠴᠢᠩᠭᠠᠳᠬᠠᠨ᠂ ᠳᠠᠬᠢᠨ ᠶᠠᠳᠠᠭᠤᠷᠠᠵᠤ ᠶᠠᠳᠠᠭᠤᠷᠠᠬᠤ ᠪᠠᠶᠢᠳᠠᠯ ᠡᠭᠦᠰᠬᠦ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ᠶᠠᠳᠠᠭᠤ ᠶᠢ ᠲᠡᠳᠬᠦᠬᠦ ᠠᠵᠤ ᠦᠢᠯᠡᠰ ᠢ ᠪᠠᠬᠢᠵᠢᠭᠦᠯᠵᠦ᠂ ᠰᠠᠭᠤᠷᠢ ᠲᠥᠬᠦᠭᠡᠷᠦᠮᠵᠢ ᠶᠢ ᠪᠠᠬᠢᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃ ᠭᠤᠷᠪᠠ ᠳᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠶᠢᠨ  ᠰᠢᠰᠲ᠋ᠧᠮ ᠢ ᠲᠡᠭᠦᠯᠳᠡᠷᠵᠢᠭᠦᠯᠵᠦ᠂ ᠰᠠᠭᠤᠷᠢ ᠲᠥᠬᠦᠭᠡᠷᠦᠮᠵᠢ ᠪᠣᠯᠤᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠲᠦᠷᠭᠡᠳᠬᠡᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠢᠶᠠᠷ ᠨᠢ ᠠᠬᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠠᠷᠠᠳᠴᠢᠯᠠᠯ ᠬᠠᠤᠯᠢᠵᠢᠯ ᠤᠨ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠲᠠᠷᠢᠶᠠᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠤᠶᠤᠲᠠᠳ᠂ ᠬᠥᠯᠥᠰᠥᠨ ᠠᠵᠢᠯᠴᠢᠨ ᠤ ᠨᠤᠲᠤᠭ ᠲᠠᠭᠠᠨ ᠪᠤᠴᠠᠵᠤ ᠠᠵᠢᠯ ᠤᠯᠬᠤ ᠦᠢᠯᠡᠰ ᠪᠤᠰᠬᠠᠬᠤ ᠶᠢ ᠵᠣᠷᠢᠭᠵᠢᠭᠤᠯᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠳᠤ ᠣᠷᠣᠯᠴᠠᠭᠤᠯᠣᠨ᠎ᠠ᠃             ︵ᠬᠤᠶᠠᠷ︶ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠣᠲᠣ ᠦᠶ᠎ᠡ ᠶᠢᠨ ᠠᠵᠤ  ᠦᠢᠯᠡᠰ ᠤᠨ  ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠲᠥᠷᠥᠯ  ᠵᠦᠢᠯ ᠢᠶᠠᠷ ᠠᠵᠤ  ᠦᠢᠯᠡᠰ ᠢ ᠠᠬᠢᠭᠤᠯᠬᠤ ᠶᠢ ᠪᠠᠷᠢᠮᠲᠠᠯᠠᠨ᠂ ᠪᠥᠬᠦ ᠵᠢᠯ ᠳᠤ 117 ᠴᠢᠬᠤᠯᠠ ᠶᠡᠭᠡ ᠲᠥᠷᠥᠯ  ᠵᠦᠢᠯ ᠢ ᠠᠵᠢᠯ ᠡᠬᠢᠯᠡᠭᠦᠯᠬᠦ ᠪᠠᠷ ᠴᠢᠷᠮᠠᠶᠢᠵᠤ᠂ ᠬᠥᠯᠥᠨ ᠪᠤᠶᠢᠷ ᠬᠤᠲᠠ ᠶᠢᠨ ᠲᠠᠰ ᠤᠨ 22 ᠭᠤᠤᠯᠳᠠᠯᠭ᠎ᠠ ᠲᠠᠢ ᠲᠥᠷᠥᠯ  ᠵᠦᠢᠯ ᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ᠨᠢᠭᠡ ᠳᠤ ᠠᠭᠠᠷ ᠤᠨ ᠠᠵᠤ  ᠦᠢᠯᠡᠰ ᠢ ᠪᠥᠬᠦ ᠬᠦᠴᠦᠨ ᠢᠶᠠᠷ ᠬᠥᠭᠵᠢᠭᠦᠯᠦᠨ᠎ᠡ᠃ ᠥᠪᠥᠷ ᠮᠣᠩᠭᠤᠯ ᠤᠨ ᠨᠢᠰᠦᠯᠲᠡ ᠶᠢᠨ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ᠂ ᠤᠯᠤᠰ ᠤᠨ ᠠᠭᠠᠷ ᠤᠨ ᠠᠶᠠᠯᠠᠯ ᠤᠨ ᠪᠣᠯᠪᠠᠰᠤᠷᠠᠭᠤᠯᠤᠯ ᠤᠨ ᠲᠤᠰᠬᠠᠶ ᠬᠠᠷᠢᠶᠠᠲᠤ ᠰᠠᠭᠤᠷᠢᠨ ᠭᠠᠵᠠᠷ ᠤᠨ ᠥᠨᠳᠥᠷ ᠦᠷ᠎ᠡ ᠪᠦᠲᠦᠮᠵᠢᠲᠡᠶ ᠠᠵᠢᠯᠯᠠᠬᠤ ᠶᠢ ᠪᠠᠲᠤᠯᠠᠨ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ᠶᠢᠨ ᠣᠷᠣᠨ ᠪᠦᠰᠡ ᠶᠢᠨ ᠭᠠᠳᠠᠨᠠᠬᠢ ᠪᠣᠯᠪᠠᠰᠤᠷᠠᠭᠤᠯᠤᠯ ᠤᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠵᠠᠯᠠᠨ ᠠᠶᠢᠯ ᠳᠤ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠤᠨ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠨᠢᠰᠦᠯᠲᠡ ᠶᠢᠨ ᠬᠠᠪᠲᠠᠭᠠᠶ ᠬᠡᠰᠡᠭ ᠢ ᠳᠡᠭᠡᠭᠰᠢᠯᠡᠭᠦᠯᠬᠦ ᠲᠥᠷᠥᠯ  ᠵᠦᠢᠯ ᠢ ᠪᠡᠶᠡᠯᠡᠭᠦᠯᠵᠦ᠂ ᠵᠢᠯᠣᠭᠤᠴᠢ ᠥᠬᠡᠶ ᠨᠢᠰᠬᠡᠯ ᠤᠨ ᠳᠣᠤᠷ᠎ᠠ ᠳᠤᠯᠠᠭᠠᠨ ᠳᠤ ᠠᠵᠢᠯᠯᠠᠬᠤ ᠶᠢ ᠪᠠᠶᠢᠴᠠᠭᠠᠨ ᠬᠡᠮᠵᠢᠬᠦ ᠲᠤᠷᠰᠢᠯᠲᠠ ᠶᠢᠨ NG ᠨᠢᠰᠬᠡᠯ ᠤᠨ ᠬᠥᠳᠡᠯᠭᠡᠭᠦᠷ ᠮᠠᠰᠢᠨ ᠰᠡᠯᠪᠢᠨ ᠵᠠᠰᠠᠬᠤ  ᠦᠢᠯᠡᠳᠪᠦᠷᠢ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠮᠠᠰᠢᠨ ᠤ ᠶᠠᠪᠤᠳᠠᠯ ᠢ ᠪᠠᠲᠤᠯᠠᠬᠤ᠂ ᠰᠡᠯᠪᠢᠨ ᠵᠠᠰᠠᠬᠤ᠂ ᠰᠢᠯᠭᠠᠨ ᠪᠠᠶᠢᠴᠠᠭᠠᠬᠤ ᠵᠡᠷᠭᠡ ᠲᠤᠬᠠᠶᠢᠯᠠᠭᠰᠠᠨ ᠠᠵᠢᠯ ᠢ ᠠᠯᠬᠤᠮ ᠠᠯᠬᠤᠮ ᠢᠶᠠᠷ ᠥᠷᠭᠡᠳᠬᠡᠨ᠎ᠡ᠃ ᠬᠤᠶᠠᠷ ᠲᠤ ᠡᠯᠧᠺᠲᠷᠣᠨ ᠬᠤᠳᠠᠯᠳᠤᠭᠠᠨ ᠤ ᠶᠠᠪᠤᠳᠠᠯ ᠢ ᠪᠥᠬᠦ ᠬᠦᠴᠦᠨ ᠢᠶᠠᠷ  ᠳᠠᠪᠠᠭᠠᠨ ᠵᠡᠭᠦᠨᠳᠡᠬᠢ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠢᠵᠢ ᠪᠥᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ  ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠬᠤᠳᠠᠯᠳᠤᠭ᠎ᠠ ᠠᠷᠠᠯᠵᠢᠶᠠᠨ ᠤ ᠪᠠᠷᠠᠭᠠᠨ ᠤ ᠪᠠᠯᠭᠠᠰᠤᠨ ᠤ ᠲᠠᠰ ᠤᠨ ᠣᠯᠠᠨ ᠨᠡᠶᠢᠲᠡ ᠶᠢᠨ  ᠦᠢᠯᠡᠴᠢᠯᠡᠭᠡᠨ ᠤ ᠲᠥᠪ ᠢ ᠬᠥᠭᠵᠢᠭᠡᠵᠦ᠂ ᠰᠢᠭᠤᠳ ᠨᠡᠪᠲᠡᠷᠡᠭᠦᠯᠬᠦ ᠰᠠᠭᠤᠷᠢᠨ ᠭᠠᠵᠠᠷ ᠢ ᠪᠠᠶᠢᠭᠤᠯᠤᠨ᠂ ︽ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ + ᠬᠥᠳᠡᠭᠡ ᠲᠣᠰᠬᠤᠨ ᠤ ᠰᠢᠭᠤᠳ ᠨᠡᠪᠲᠡᠷᠡᠭᠦᠯᠭᠡ︾ ᠶᠢᠨ ᠵᠠᠭᠪᠤᠷ ᠢ ᠬᠠᠶᠢᠨ ᠰᠦᠪᠡᠭᠴᠢᠯᠡᠵᠦ᠂ ︽ᠢᠨᠲ᠋ᠤᠷ ᠰᠦᠯᠵᠢᠶ᠎ᠡ +︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠲᠠ ᠳᠤ ᠣᠷᠣᠭᠤᠯᠬᠤ ᠢᠨᠵᠧᠨᠧᠷᠢᠩ ᠢ ᠳᠥᠯᠭᠢᠨ ᠠᠬᠢᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢᠶᠠᠷ ᠰᠢᠨ᠎ᠡ ᠬᠡᠯᠪᠡᠷᠢ ᠶᠢᠨ ᠬᠡᠷᠡᠭᠯᠡᠭᠡ ᠶᠢ ᠬᠥᠲᠥᠯᠦᠨ ᠳᠠᠭᠠᠭᠤᠯᠤᠨ᠎ᠠ᠃ ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠠᠷᠠᠯᠵᠢᠶ᠎ᠠ ᠶᠢᠨ ᠬᠡᠮᠵᠢᠶ᠎ᠡ ᠶᠢ 11 ᠳ᠋ᠦᠩᠰᠢᠭᠤᠷ ᠲᠥᠭᠦᠷᠢᠭ ᠲᠤ ᠬᠦᠷᠭᠡᠵᠦ᠂ 32% ᠢᠶᠠᠷ ᠨᠡᠮᠡᠭᠳᠡᠭᠦᠯᠬᠦ ᠪᠠᠷ ᠴᠢᠷᠮᠠᠶᠢᠨ᠎ᠠ᠂ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠭᠰᠢ ᠠᠷᠠᠯᠵᠢᠶᠠᠯᠠᠭᠰᠠᠨ ᠲᠤᠭ᠎ᠠ 1.2 ᠳ᠋ᠦᠩᠰᠢᠭᠤᠷ ᠲᠥᠭᠦᠷᠢᠭ ᠲᠤ  ᠬᠦᠷᠭᠡᠵᠦ᠂ 18% ᠪᠠᠷ  ᠨᠡᠮᠡᠭᠳᠡᠭᠦᠯᠦᠨ᠎ᠡ᠃ ᠭᠤᠷᠪᠠ ᠳᠤ ᠪᠥᠬᠦ ᠣᠷᠣᠨ ᠪᠦᠰᠡ ᠶᠢᠨ ᠵᠢᠭᠤᠯᠴᠢᠯᠠᠯ ᠢ ᠪᠥᠬᠦ ᠬᠦᠴᠦᠨ ᠢᠶᠠᠷ ᠢᠶᠠᠨ ᠬᠥᠭᠵᠢᠭᠦᠯᠦᠨ᠎ᠡ᠃ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠴᠠᠢ ᠾᠧ ᠦᠵᠡᠮᠵᠢ ᠶᠢᠨ ᠣᠷᠣᠨ ᠤ ᠰᠢᠷᠢᠰ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠵᠦ᠂ ︽ ᠣᠯᠠᠭᠠᠨᠬᠤᠲᠠ ᠷᠠᠰᠢᠶᠠᠨ  ᠬᠠᠶᠢᠯᠠᠷ  ᠮᠠᠨᠵᠣᠣᠷ  ᠵᠠᠯᠠᠨ︾ ᠢ ᠨᠢᠭᠡ ᠴᠤᠭᠴᠠᠵᠢᠭᠤᠯᠤᠨ ᠬᠥᠭᠵᠢᠭᠦᠯᠬᠦ ᠳᠤ ᠢᠳᠡᠪᠬᠢᠲᠡᠶ ᠪᠠᠷ ᠠᠭᠤᠰᠤᠯᠴᠠᠭᠤᠯᠤᠨ᠎ᠠ᠃ ᠮᠥᠰᠥ ᠴᠠᠰᠤᠨ ᠤ ᠰᠡᠯᠡᠭᠦᠴᠡᠯ ᠠᠮᠠᠷᠠᠯᠲᠠ᠂ ᠬᠠᠯᠠᠭᠤᠨ ᠷᠠᠰᠢᠶᠠᠨ ᠤ ᠰᠤᠪᠢᠯᠠᠯᠲᠠ ᠪᠠ ᠲᠣᠭᠤᠷᠢᠨ ᠦᠵᠡᠬᠦ ᠶᠢ ᠪᠡᠶᠡᠴᠢᠯᠡᠨ ᠣᠶᠢᠯᠠᠭᠠᠬᠤ ᠵᠡᠷᠭᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠶᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠶᠢᠨ ᠯᠦᠩ ᠱᠠᠨ ᠤ ᠤᠯᠤᠰ ᠤᠨ AAAA ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠼᠦᠢ ᠫᠢᠩ ᠱᠠᠨ ᠠᠭᠤᠯᠠᠨ ᠤ ᠴᠡᠴᠡᠭ ᠰᠣᠨᠢᠷᠬᠠᠬᠤ ᠰᠠᠭᠤᠷᠢᠨ ᠭᠠᠵᠠᠷ ᠤᠨ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂  ᠸᠧ ᠨᠢᠤ ᠾᠧ ᠡᠤ ᠰᠢᠩ ᠲᠣᠰᠬᠤᠨ᠂  ᠨᠠᠨᠮᠦ ᠯᠦ ᠮᠢᠩ ᠱᠠᠨ ᠲᠣᠰᠬᠤᠨ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ᠂ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠤ ᠨᠠᠷᠠᠲᠤ ᠲᠡᠮᠳᠡᠭᠲᠦ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ᠪᠦᠬᠦ ᠵᠢᠯ ᠳᠤ 199 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠬᠦᠯᠢᠶᠡᠨ ᠠᠪᠴᠤ ᠵᠣᠴᠢᠯᠠᠬᠤ ᠪᠠᠷ ᠴᠢᠷᠮᠠᠶᠢᠵᠤ᠂ 6% ᠪᠠᠷ ᠨᠡᠮᠡᠭᠳᠡᠭᠦᠯᠦᠨ᠎ᠡ  ᠃ ᠵᠢᠭᠤᠯᠴᠢᠯᠠᠯ ᠤᠨ ᠣᠷᠣᠯᠭ᠎ᠠ ᠶᠢ 17.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7% ᠪᠠᠷ ᠨᠡᠮᠡᠭᠳᠡᠭᠦᠯᠦᠨ᠎ᠡ᠃  ᠲᠦᠷᠪᠡ ᠳᠤ ᠣᠷᠴᠢᠯ ᠠᠵᠤ ᠦᠢᠯᠡᠳᠪᠦᠷᠢ ᠶᠢ ᠪᠦᠬᠦ ᠬᠦᠴᠦᠨ ᠢᠶᠠᠷ ᠢᠶᠠᠨ ᠬᠥᠭᠵᠢᠭᠦᠯᠦᠨ᠎ᠡ᠃  ᠹᠦ᠋ ᠹᠧᠩ ᠺᠣᠮᠫᠠᠨᠢ ᠶᠢᠨ 50 ᠲᠦᠮᠡᠨ ᠲᠣᠨ ᠰᠢᠪᠲᠦᠷᠲᠦ ᠬᠦᠴᠢᠯ ᠵᠢᠴᠢ ᠲᠡᠭᠦᠨ ᠤ ᠢᠵᠢ ᠪᠦᠷᠢᠳᠦᠭᠦᠯᠬᠦ ᠲᠲ᠋ᠦ᠋ᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠱᠧᠩ ᠲᠦᠩ ᠺᠣᠮᠫᠠᠨᠢ ᠶᠢᠨ ᠡᠰᠢ ᠰᠦᠷᠡᠯ ᠤᠨ ᠬᠠᠪᠲᠠᠰᠤᠨ ᠮᠠᠲ᠋ᠧᠷᠢᠶᠠᠯ᠂ ᠰᠢᠶᠠᠩ ᠹᠧᠩ ᠺᠣᠮᠫᠠᠨᠢ ᠶᠢᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ  ᠵᠦᠢᠯ ᠢ ᠠᠵᠢᠯ ᠡᠬᠢᠯᠡᠭᠦᠯᠵᠦ᠂  ᠹᠦ᠋ ᠹᠧᠩ ᠤᠨ ᠰᠢᠷᠢᠰ ᠮᠡᠷᠭᠡᠵᠢᠯ ᠤᠨ ᠥᠭᠡᠷᠡᠴᠢᠯᠡᠯᠲᠡ᠂ ᠭᠦᠸᠧ  ᠰᠧᠨ ᠺᠣᠮᠫᠠᠨᠢ ᠶᠢᠨ ᠢᠰᠦᠯᠳᠦᠭᠰᠡᠨ ᠠᠭᠤᠷᠬᠠᠶ ᠵᠡᠷᠭᠡ ᠲᠥᠷᠥᠯ ᠵᠦᠶ᠋ᠯ ᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠨᠡᠭᠦᠷᠡᠰᠦ ᠬᠡᠷᠡᠭᠯᠡᠬᠦ᠂ ᠠᠵᠢᠯᠴᠢᠨ ᠬᠡᠷᠡᠭᠯᠡᠬᠦ᠂ ᠲᠡᠭᠡᠭᠡᠪᠦᠷᠢᠯᠡᠬᠦ ᠵᠡᠷᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠣᠭᠲᠠᠭᠠᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠪᠦᠷᠢᠯᠡᠯ ᠦᠷ᠎ᠡ ᠪᠦᠲᠦᠮᠵᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠨᠢᠭᠡ ᠪᠦᠯᠦᠭ ᠲᠠᠯᠳᠠ ᠬᠦᠴᠦᠨ ᠲᠠᠢ᠂ ᠵᠠᠬ᠎ᠠ ᠳᠡᠯᠭᠡᠭᠦᠷ ᠲᠠᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠲᠡᠳᠬᠦᠨ ᠲᠡᠮᠵᠢᠵᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ᠃ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ᠂ ᠵᠠᠮ᠂ ᠦᠶᠡᠷ ᠢ ᠰᠡᠷᠭᠡᠶᠢᠯᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢᠨ ᠢᠵᠢ ᠪᠥᠷᠢᠳᠦᠭᠦᠯᠬᠦ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠢᠵᠢ ᠪᠥᠷᠢᠳᠦᠭᠦᠯᠬᠦ ᠰᠤᠷᠭᠠᠨ ᠬᠥᠮᠦᠵᠢᠯ᠂ ᠡᠮᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ  ᠦᠢᠯᠡᠰ ᠤᠨ ᠠᠭᠤᠰᠤᠯᠴᠠᠨ ᠬᠥᠭᠵᠢᠬᠦ ᠲᠥᠪᠯᠡᠷᠡᠭᠰᠡᠨ ᠣᠷᠣᠨ ᠢ ᠪᠣᠶ ᠪᠣᠯᠭᠠᠨ᠎ᠠ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ