2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠭᠡᠯ ︵ᠳᠦᠷᠪᠡᠳᠦᠭᠡᠷ ᠬᠤᠭᠤᠴᠠᠭ᠎ᠠ︶
ᠨᠡᠶᠢᠲᠡᠯᠡᠭᠰᠡᠨ ᠴᠠᠭ᠄
2021/10/27
    ︵ᠭᠤᠷᠪᠠ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠥᠬᠡᠶ‌‍ᠬᠥ᠋ᠭᠵᠢᠯᠲᠡ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ  ᠶᠢ ᠭᠦᠨᠵᠡᠭᠡᠶ ᠠᠬᠢᠭᠤᠯᠤᠨ᠎ᠠ᠃ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠠᠮᠢ ᠠᠬᠤᠶ ᠶᠢ ᠦᠷᠭᠦᠯᠵᠢᠯᠡᠨ ᠪᠠᠬᠢᠵᠢᠭᠦᠯᠦᠨ᠎ᠡ᠃ ᠨᠢᠭᠡ ᠳᠤ ᠠᠮᠢ ᠠᠬᠤᠶ ᠶᠢᠨ ᠬᠠᠮᠠᠭᠠᠯᠠᠯᠲᠠ ᠶᠢ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠢᠳᠡᠪᠬᠢᠲᠡᠶ ᠬᠡᠷᠡᠭᠵᠢᠭᠦᠯᠵᠦ᠂ ᠪᠠᠶᠢᠭᠠᠯᠢ ᠶᠢᠨ ᠣᠶ ᠰᠢᠭᠤᠶ ᠶᠢᠨ ᠡᠬᠢ ᠪᠠᠶᠠᠯᠢᠭ᠂ ᠭᠤᠷᠪᠠᠨ ᠤᠮᠠᠷᠠᠲᠤ ᠶᠢᠨ ᠬᠠᠯᠬᠠᠪᠴᠢ ᠣᠶ᠂ ᠨᠤᠲᠤᠭ ᠪᠡᠯᠴᠢᠭᠡᠷ ᠢ ᠬᠠᠮᠠᠭᠠᠯᠠᠬᠤ ᠪᠠ ᠵᠠᠰᠠᠨ ᠰᠡᠷᠭᠦᠭᠡᠬᠦ ᠵᠡᠷᠭᠡ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠢ ᠴᠢᠷᠮᠠᠶᠢᠨ ᠤᠯᠬᠤ ᠶᠢᠨ ᠬᠠᠮᠲᠤ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠶ ᠰᠢᠭᠤᠶ ᠡᠪᠡᠰᠦ ᠪᠡᠯᠴᠢᠭᠡᠷ ᠢ ᠡᠪᠳᠡᠬᠦ  ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠶᠠᠭᠳᠠᠮᠠᠯ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠲᠦᠷᠭᠡᠳᠬᠡᠨ᠎ᠡ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ 5000 ᠮᠥ ᠬᠥᠮᠦᠨ ᠤ ᠬᠦᠴᠦ ᠪᠠᠷ ᠣᠶᠢᠵᠢᠭᠤᠯᠵᠤ᠂ 1 ᠲᠦᠮᠡᠨ ᠮᠥ ᠶᠢ ᠪᠢᠲᠡᠭᠦᠮᠵᠢᠯᠡᠨ ᠪᠤᠶᠢᠵᠢᠭᠤᠯᠵᠤ᠂ 2000 ᠮᠥ ᠮᠠᠭᠤᠳᠠᠭᠰᠠᠨ ᠣᠶ ᠶᠢ ᠵᠠᠰᠠᠨ ᠰᠡᠷᠭᠦᠭᠡᠪᠡ᠃ ᠭᠤᠣᠯ ᠤᠨ ᠵᠠᠮ ᠠᠴᠠ ᠡᠯᠡᠰᠦ ᠮᠠᠯᠲᠠᠬᠤ᠂ ᠬᠠᠰᠢᠯᠭ᠎ᠠ ᠳᠠᠯᠠᠩ ᠵᠡᠷᠭᠡ ᠤᠰᠤᠨ ᠠᠰᠢᠭᠯᠠᠯᠲᠠ ᠶᠢᠨ ᠪᠠᠷᠢᠯᠭ᠎ᠠ ᠪᠠ ᠬᠥᠷᠥᠰᠥ ᠰᠢᠷᠣᠶ ᠶᠢ ᠬᠠᠮᠠᠭᠠᠯᠠᠬᠤ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠦ ᠳ᠋ᠡ ᠬᠠ ᠴᠢ ᠾᠧ ᠭᠤᠣᠯ᠂ ᠵᠡᠭᠦᠨ ᠬᠤᠶᠢᠲᠤ ᠣᠷᠣᠨ ᠤ ᠬᠠᠷ᠎ᠠ ᠰᠢᠷᠦ᠋ᠢᠲᠤ ᠣᠷᠣᠨ ᠤ ᠢᠳᠡᠭᠳᠡᠮᠡᠯ ᠭᠤᠤ ᠵᠡᠷᠭᠡ ᠪᠠᠷᠢᠯᠭ᠎ᠠ ᠶᠢ ᠲᠦᠯᠬᠢᠨ ᠠᠬᠢᠭᠤᠯᠵᠤ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠠᠮᠢ ᠠᠬᠤᠶ ᠶᠢᠨ ᠬᠠᠮᠠᠭᠠᠯᠠᠯᠲᠠ ᠂ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠵᠡᠷᠭᠡ ᠣᠷᠣᠨ ᠵᠠᠶ ᠶᠢᠨ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ ᠱᠤᠭᠤᠮ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ ᠲᠣᠳᠣᠷᠬᠠᠶ ᠬᠠᠭᠤᠳᠠᠰᠤ ᠶᠢ ᠴᠢᠩᠭ᠎ᠠ ᠰᠠᠬᠢᠨ᠎ᠠ᠃ ᠤᠰᠤ᠂ ᠬᠡᠢ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ︽ᠭᠤᠷᠪᠠᠨ ᠤᠯᠠᠭᠠᠨ ᠱᠤᠭᠤᠮ︾ ᠢ ᠴᠢᠩᠭ᠎ᠠ ᠰᠠᠬᠢᠵᠤ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠳᠡᠭᠳᠡᠮᠡᠯ ᠲᠣᠭᠤᠰᠣ ᠶᠢ ᠬᠠᠮᠢᠶᠠᠷᠤᠨ ᠡᠵᠡᠮᠳᠡᠬᠦ᠂  ᠮᠠᠰᠢᠨ ᠲᠡᠷᠭᠡᠨ ᠤ ᠪᠣᠬᠢᠷᠲᠤᠯ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠵᠡᠷᠭᠡ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢ ᠲᠦᠷᠦᠯ ᠬᠤᠪᠢᠶᠠᠨ ᠬᠠᠮᠢᠶᠠᠷᠬᠤ ᠪᠠ ᠬᠠᠮᠠᠭᠠᠯᠠᠬᠤ ᠶᠢ ᠬᠡᠷᠡᠭᠵᠢᠭᠦᠯᠵᠦ᠂ ᠲᠠᠷᠢᠶᠠᠯᠠᠩ ᠤᠨ ᠤᠯᠠᠨ ᠡᠬᠢᠳᠤ ᠬᠠᠶᠠᠭᠳᠠᠮᠠᠯ ᠪᠣᠳᠠᠰ᠂ ᠠᠶᠤᠯᠲᠠᠶ ᠬᠠᠶᠠᠭᠳᠠᠮᠠᠯ ᠪᠣᠳᠠᠰ ᠢ  ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠵᠢᠴᠢ ᠰᠦᠯᠢᠶᠣᠣ ᠪᠦᠲᠦᠭᠡᠭᠳᠡᠬᠦᠨ ᠤ ᠪᠣᠬᠢᠷᠲᠤᠯ ᠢ ᠵᠠᠰᠠᠬᠤ ᠠᠵᠢᠯ ᠢ  ᠴᠢᠩᠭᠠᠳᠬᠠᠨ᠎ᠠ᠃    ᠭᠤᠷᠪᠠ ᠳᠤ ᠡᠨᠧᠷᠭᠢ ᠶᠢᠨ ᠬᠤᠷᠣᠭᠳᠠᠭᠤᠯᠤᠯ ᠤᠨ ︽ᠬᠤᠣᠰ ᠬᠢᠵᠠᠭᠠᠷᠯᠠᠯ︾  ᠢ ᠴᠢᠩᠭᠠᠳᠬᠠᠨ᠎ᠠ᠃ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠠ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ᠡᠨᠧᠷᠭᠢ ᠶᠢᠨ ᠬᠤᠷᠣᠭᠳᠠᠭᠤᠯᠤᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠪᠠ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠠᠵᠤ  ᠦᠢᠯᠡᠰ ᠤᠨ ᠪᠦᠲᠦᠴᠡ ᠪᠠ ᠡᠨᠧᠷᠭᠢ ᠶᠢᠨ ᠬᠡᠷᠡᠭᠯᠡᠭᠡᠨ ᠤ ᠪᠦᠲᠦᠴᠡ ᠳᠤ ᠲᠣᠬᠢᠷᠠᠭᠤᠯᠤᠯᠲᠠ ᠬᠢᠬᠦ ᠶᠢ ᠲᠦᠷᠭᠡᠳᠬᠡᠵᠦ᠂ ᠳᠤᠮᠳᠠᠳᠤ ᠣᠷᠣᠰ ᠤᠨ ᠵᠡᠭᠦᠨ ᠱᠤᠭᠤᠮ ᠤᠨ ᠪᠠᠶᠢᠭᠠᠯᠢ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ ᠵᠠᠯᠠᠨ ᠲᠣᠰᠬᠤᠨ ᠤ ᠬᠡᠰᠡᠭ ᠤᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠵᠠᠯᠠᠨ ᠲᠣᠰᠬᠤᠨ ᠤ 100 ᠰᠠᠶ᠎ᠠ ᠸᠠᠲ ᠤᠨ ᠰᠠᠯᠬᠢᠨ ᠬᠦᠴᠦᠨ ᠤ ᠴᠠᠬᠢᠯᠭᠠᠨ ᠤ ᠴᠡᠪᠡᠷ ᠳᠤᠯᠠᠭᠠᠯᠠᠭ᠎ᠠ ᠵᠡᠷᠭᠡ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠴᠡᠪᠡᠷ ᠡᠨᠧᠷᠭᠢ ᠶᠢᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠬᠤ ᠶᠢ ᠦᠨᠡᠯᠡᠨ ᠵᠢᠱᠢᠵᠦ ᠬᠢᠨᠠᠨ ᠪᠠᠶᠢᠴᠠᠭᠠᠬᠤ ᠶᠢ ᠴᠢᠩᠳᠠᠯᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠲᠣᠭᠲᠠᠴᠠ ᠶᠢ ᠲᠡᠭᠦᠯᠳᠡᠷᠵᠢᠭᠦᠯᠦᠨ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠦᠢᠯᠡᠰ ᠤᠨ ᠡᠨᠧᠷᠭᠢ ᠠᠷᠪᠢᠯᠠᠬᠤ ᠪᠣᠭᠤᠮᠲᠠ ᠶᠢ ᠰᠠᠶᠢᠲᠤᠷ ᠠᠳᠬᠤᠬᠤ ᠶᠢ ᠦᠨᠡᠨ ᠬᠦ ᠪᠠᠲᠤᠯᠠᠨ᠎ᠠ᠃ ᠡᠨᠧᠷᠭᠢ ᠠᠷᠪᠢᠯᠠᠬᠤ ᠤᠬᠠᠭᠤᠯᠭ᠎ᠠ ᠬᠥᠮᠦᠵᠢᠯ ᠢ ᠶᠡᠬᠡᠪᠡᠷ ᠥᠷᠨᠢᠭᠦᠯᠵᠦ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠠᠪᠤᠳᠠᠯ ᠢ ᠪᠦᠬᠦ ᠬᠤᠲᠠ ᠶᠢᠨ ᠰᠢᠨ᠎ᠡ ᠬᠡᠪ ᠰᠤᠷᠲᠠᠯ ᠪᠣᠯᠭᠠᠨ᠎ᠠ    ︵ᠲᠦᠷᠪᠡ︶ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠎ᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠪᠠ ᠨᠡᠭᠡᠭᠡᠯᠳᠡ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠲᠦ ᠬᠥᠳᠡᠯᠭᠡᠭᠦᠷ ᠢ ᠪᠤᠶᠢᠵᠢᠭᠤᠯᠤᠨ᠎ᠠ᠃ ᠨᠢᠭᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠨ᠂ ︽ ᠦᠪᠦᠷ ᠮᠣᠩᠭᠤᠯ ᠥᠰᠥᠭ ᠤᠨ ᠲᠡᠮᠳᠡᠭᠲᠦ︾ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠬᠦᠷᠢᠶ᠎ᠡ ᠴᠠᠷᠠᠭ᠎ᠠ ᠶᠢᠨ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠣᠯᠤᠨ ᠳᠡᠭᠡᠳᠦ ᠰᠤᠷᠭᠠᠭᠤᠯᠢ ᠯᠤᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠵᠡᠷᠭᠡ ᠲᠠᠪᠴᠠᠩ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠡᠷᠳᠡᠨᠢ ᠰᠢᠰᠢ᠂ ᠡᠯᠡᠰᠦᠨ ᠵᠢᠮᠢᠰ᠂ ᠬᠠᠷ᠎ᠠ ᠳᠡᠯᠳᠡᠦ᠂ ᠬᠢᠲᠠᠳ ᠡᠪᠡᠰᠦᠨ ᠡᠮ ᠢ ᠨᠠᠷᠢᠯᠢᠭ ᠡᠳ᠋ᠰᠢᠭᠦᠯᠬᠦ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠵᠦ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠯᠡᠭᠡ ᠶᠢᠨ ᠬᠥᠲᠥᠯᠪᠦᠷᠢ︾ ᠶᠢ ᠭᠦᠨᠵᠡᠭᠡᠶ ᠲᠤᠤᠱᠯᠠᠭᠤᠯᠤᠨ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠡᠳᠡᠨ ᠠᠪᠴᠢᠷᠠᠬᠤ ᠪᠠ ᠬᠥᠮᠦᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠠᠬᠢᠭᠤᠯᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 1 ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ 2 ᠠᠴᠠ ᠳᠡᠭᠡᠭᠰᠢ ᠡᠭᠦᠳᠦᠨ ᠪᠠᠶᠢᠭᠤᠯᠤᠨ᠎ᠠ᠃ ᠬᠤᠶᠠᠷ ᠲᠤ  ᠡᠵᠡᠩᠨᠡᠨ ᠬᠤᠳᠠᠯᠳᠣᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ  ᠦᠢᠯᠡᠴᠢᠯᠡᠭᠡ ᠶᠢ ᠰᠢᠯᠢᠳᠡᠭᠵᠢᠭᠦᠯᠦᠨ᠂ ᠭᠤᠷᠪᠠᠨ ᠱᠠᠲᠤᠨ ᠤ ᠨᠠᠮ ᠪᠠ ᠣᠯᠠᠨ ᠲᠦᠮᠡᠨ ᠤ  ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠠᠰ ᠳᠠᠷᠠᠭᠠᠯᠠᠯ ᠢ ᠴᠣᠮᠬᠠᠳᠬᠠᠨ᠂ ᠴᠠᠭ ᠤᠨ ᠬᠢᠵᠠᠭᠠᠷ ᠢ ᠪᠠᠭᠠᠰᠬᠠᠵᠤ᠂ ᠴᠤᠪᠤᠷᠠᠯ ᠢ ᠳᠠᠬᠢᠨ ᠪᠠᠶᠢᠭᠤᠯᠵᠤ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠯᠡ ᠰᠠᠯᠠᠭ᠎ᠠ ᠮᠥᠴᠢᠷ ᠲᠤ  ᠭᠦᠢᠴᠡᠳᠭᠡᠬᠦ︾᠂ ︽ᠨᠢᠭᠡ ᠰᠦᠯᠵᠢᠶ᠎ᠡ ᠪᠠᠷ ᠨᠡᠶᠢᠳᠡᠮ  ᠭᠦᠢᠴᠡᠳᠭᠡᠬᠦ︾᠂ ︽ᠨᠢᠭᠡ ᠯᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠢ ᠳᠣᠲᠣᠨᠣᠴᠢᠯᠠᠬᠤ ᠬᠠᠷᠢᠴᠠᠭ᠎ᠠ ᠶᠢ ᠭᠦᠨᠵᠡᠭᠡᠶᠢᠷᠡᠭᠦᠯᠦᠨ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠯᠢᠭ ᠨᠠᠶᠢᠳᠠᠪᠤᠷᠢᠵᠢᠭᠤᠯᠤᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠶ ᠪᠡᠯᠡ ᠲᠣᠬᠢᠷᠠᠭᠤᠯᠬᠤ ᠳᠤ ᠦᠨᠡᠲᠡᠶ ᠪᠠᠶᠢᠬᠤ ᠠᠰᠠᠭᠤᠳᠠᠯ ᠢ ᠬᠦᠴᠦᠯᠡᠨ  ᠰᠢᠢᠳᠪᠦᠷᠢᠯᠡᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠵᠤ᠂ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃  ᠡᠵᠡᠩᠨᠡᠨ ᠬᠤᠳᠠᠯᠳᠣᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠡᠷᠡᠰ ᠪᠡᠶᠡᠯᠡᠭᠦᠯᠦᠨ᠎ᠡ᠃ ᠭᠤᠷᠪᠠ ᠳᠤ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠡᠳ᠋ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ ᠰᠢᠨ᠎ᠡ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ᠂ ᠰᠣᠶᠣᠯ ᠤᠨ ᠰᠢᠰᠲ᠋ᠧᠮ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠲᠦᠷᠪᠡ ᠳᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂  ᠹᠦ᠋ ᠹᠧᠩ ᠺᠣᠮᠫᠠᠨᠢ ᠪᠠᠷ ᠬᠥᠲᠥᠴᠢ ᠪᠣᠯᠭᠠᠨ᠂ ᠭᠠᠳᠠᠭᠠᠳᠤ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂  ᠮᠦᠭᠦ ᠶᠢᠨ ᠵᠦᠢᠯ ᠤᠨ ᠭᠠᠳᠠᠭᠠᠳᠤ ᠭᠠᠷᠭᠠᠯᠲᠠ ᠶᠢᠨ ᠰᠠᠭᠤᠷᠢᠨ ᠭᠠᠵᠠᠷ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽ᠬᠠᠷᠪᠢᠨ ᠳ᠋ᠠᠯᠢᠶᠠᠨ ᠴᠢᠴᠢᠬᠠᠷ  ᠬᠦᠯᠦᠨ ᠪᠣᠶᠢᠷ︾  ᠤᠨ ᠬᠠᠮᠵᠢᠯᠴᠠᠨ ᠬᠥᠭᠵᠢᠬᠦ ᠪᠠ ︽ᠬᠦᠯᠦᠨ ᠪᠣᠶᠢᠷ ᠬᠢᠩᠭᠠᠨ︾  ᠤ ᠣᠷᠣᠨ ᠪᠦᠰᠡ ᠶᠢᠨ ᠬᠠᠮᠲᠤᠷᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠠᠭᠤᠷᠢ ᠪᠡᠯᠡᠳᠬᠡᠮᠵᠢ᠂ ᠠᠵᠤ  ᠦᠢᠯᠡᠰ ᠤᠨ ᠬᠥᠭᠵᠢᠯᠲᠡ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ  ᠭᠦᠢᠯᠭᠡᠭᠡᠨ ᠵᠡᠷᠭᠡ ᠲᠠᠯ᠎ᠠ ᠪᠠᠷ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠪᠠᠷ ᠴᠢᠷᠮᠠᠶᠢᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭ᠎ᠠ ᠠᠩᠬᠠᠷᠴᠤ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠬᠦᠴᠦᠯᠡᠨ ᠥᠷᠨᠢᠭᠦᠯᠵᠦ᠂ ᠨᠢᠭᠡ ᠪᠦᠯᠦᠭ ᠳᠤᠲᠠᠭᠤᠳᠠᠯ ᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ ᠠᠵᠤ  ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠲᠥᠷᠥᠯ  ᠵᠦᠢᠯ ᠢᠶᠠᠷ ᠪᠠᠯᠠ ᠣᠷᠣᠭᠤᠯᠤᠯᠲᠠ ᠶᠢ ᠳᠠᠶᠢᠴᠢᠯᠠᠨ᠂ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠎ᠡ᠃     ︵ᠲᠠᠪᠤ︶ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠰᠢᠨ᠎ᠡ ᠮᠠᠶ᠋ᠢᠭ ᠤᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠰᠠᠭᠤᠷᠢᠯᠠᠨ᠂ ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠲᠠᠯᠠᠨ᠎ᠠ᠃ ᠨᠢᠭᠡ ᠳᠤ᠂ ᠬᠤᠳᠠ ᠶᠢᠨ ᠴᠢᠳᠠᠪᠬᠢ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠨ᠎ᠡ ᠲᠣᠭᠤᠷᠢᠭ ᠢ ᠪᠦᠳᠦᠭᠡᠨ ᠪᠠᠶᠢᠭᠤᠯᠬᠤ ᠪᠠ ᠬᠠᠭᠤᠴᠢᠨ ᠬᠤᠳᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ 38 ᠬᠠᠭᠤᠴᠢᠨ  ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 5  ᠰᠠᠭᠤᠭᠠᠯᠢ ᠠᠷᠠᠳ ᠤᠨ ᠲᠣᠭᠤᠷᠢᠭ ᠢ ᠰᠢᠨ᠎ᠡ ᠪᠠᠷ ᠪᠠᠶᠢᠭᠤᠯᠵᠤ᠂ 38 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠨᠡᠭᠡᠭᠡᠨ ᠬᠥᠭᠵᠢᠭᠦᠯᠵᠦ᠂ ᠭᠡᠷ ᠪᠠᠶᠢᠰᠢᠩ ᠢ ᠲᠠᠲᠠᠪᠤᠷᠢᠯᠠᠨ ᠬᠤᠷᠢᠶᠠᠵᠤ ᠰᠡᠭᠦᠯ ᠬᠤᠷᠢᠶᠠᠬᠤ ᠠᠵᠢᠯ ᠢ ᠲᠦᠯᠬᠢᠨ ᠠᠬᠢᠭᠤᠯᠤᠨ᠎ᠠ᠃ ᠬᠤᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠳᠡᠭᠡᠭᠰᠢᠯᠡᠭᠦᠯᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠨ ᠰᠢᠨᠡᠳᠬᠡᠬᠦ ᠵᠢᠵᠢᠭ ᠲᠣᠭᠤᠷᠢᠭ ᠤᠨ ᠭᠠᠳᠠᠨ᠎ᠠ ᠤᠰᠤ ᠵᠠᠯᠠᠬᠤ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠶ ᠶᠢᠨ ᠲᠣᠤᠷ ᠵᠢᠴᠢ ᠪᠣᠬᠢᠷ ᠰᠢᠪᠠᠷ ᠢ  ᠰᠢᠢᠳᠪᠦᠷᠢᠯᠡᠬᠦ ᠵᠡᠷᠭᠡ ᠢᠨᠵᠧᠨᠧᠷᠢᠩ ᠢ ᠪᠡᠶᠡᠯᠡᠭᠦᠯᠵᠦ᠂ 5 ᠵᠤᠷᠪᠤᠰ ᠬᠠᠭᠤᠴᠢᠨ ᠬᠤᠲᠠ ᠶᠢᠨ ᠲᠣᠭᠤᠷᠢᠭ ᠤᠨ ᠵᠠᠮ ᠢ ᠥᠭᠡᠷᠡᠴᠢᠯᠡᠨ ᠰᠢᠨᠡᠳᠬᠡᠵᠦ᠂ ᠬᠤᠲᠠ ᠶᠢᠨ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ 5G ᠶᠢᠨ ᠰᠦᠯᠵᠢᠶᠡᠨ ᠤ ᠬᠥᠭᠵᠢᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ 5G ᠶᠢᠨ ᠰᠠᠭᠤᠷᠢ ᠦᠷᠳᠡᠭᠡ ᠶᠢ 30 ᠪᠠᠶᠢᠭᠤᠯᠵᠤ  ᠨᠡᠪᠲᠡᠷᠡᠭᠦᠯᠦᠨ᠎ᠡ᠃ ᠬᠤᠶᠠᠷ ᠲᠤ ᠲᠡᠤᠬᠡ ᠰᠣᠶᠣᠯ ᠤᠨ ᠨᠠᠷᠠᠲᠤ ᠬᠤᠲᠠ ᠶᠢ ᠡᠭᠦᠳᠦᠨ ᠪᠠᠶᠢᠭᠤᠯᠤᠨ᠎ᠠ᠃ ᠬᠤᠶᠠᠷ ᠵᠤᠷᠪᠤᠰ ᠲᠡᠦᠬᠡ ᠰᠣᠶᠣᠯ  ᠤᠨ ᠵᠡᠭᠡᠯᠢ ᠲᠣᠭᠤᠷᠢᠭ ᠢᠶᠠᠷ ᠭᠤᠣᠯ ᠪᠣᠯᠭᠠᠨ᠂ ᠵᠡᠭᠡᠯᠢ ᠲᠣᠭᠤᠷᠢᠭ ᠬᠢᠭᠡᠳ ᠡᠷᠬᠢᠨ ᠲᠣᠭᠤᠷᠢᠨ ᠤ  ᠭᠤᠣᠯᠳᠠᠯᠭ᠎ᠠ ᠲᠠᠢ ᠬᠡᠰᠡᠭ ᠲᠣᠭᠤᠷᠢᠭ  ᠤᠨ ᠬᠤᠳᠠ ᠶᠢᠨ ᠵᠢᠷᠤᠭ ᠲᠥᠯᠥᠪᠯᠡᠭᠡ᠂ ᠲᠡᠦᠬᠡ ᠰᠣᠶᠣᠯ ᠟  ᠤᠨ ᠨᠡᠷᠡᠳᠦ ᠬᠤᠳᠠ ᠶᠢᠨ ᠪᠥᠳᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠷᠭᠡᠳᠬᠡᠨ ᠪᠡᠶᠡᠯᠡᠭᠦᠯᠵᠦ᠂ ᠵᠡᠭᠡᠯᠢ ᠲᠣᠭᠤᠷᠢᠭ ᠲᠠᠬᠢ ᠭᠤᠣᠯᠳᠠᠯᠭ᠎ᠠ ᠲᠠᠢ ᠲᠡᠦᠬᠡ ᠶᠢᠨ ᠪᠠᠷᠢᠯᠭ᠎ᠠ ᠶᠢ ᠰᠡᠯᠪᠢᠨ ᠵᠠᠰᠠᠵᠤ᠂ ᠵᠡᠭᠡᠯᠢ ᠲᠣᠭᠤᠷᠢᠭ ᠲᠠᠬᠢ ᠵᠠᠮ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ ᠵᠡᠷᠭᠡ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠠᠷᠢᠯᠭ᠎ᠠ ᠶᠢ ᠡᠬᠢᠯᠡᠭᠦᠯᠵᠦ᠂ ᠤᠯᠤᠰ  ᠤᠨ ᠲᠡᠦᠬᠡ ᠰᠣᠶᠣᠯ  ᠤᠨ ᠨᠡᠷᠡᠳᠦ ᠬᠤᠳᠠ ᠶᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠬᠤᠳᠠ ᠶᠢᠨ ᠭᠠᠵᠠᠷ  ᠤᠨ ᠲᠡᠮᠳᠡᠭᠲᠦ ᠪᠠᠷᠢᠯᠭ᠎ᠠ ᠶᠢᠨ ᠣᠷᠣᠨ ᠪᠦᠰᠡ ᠶᠢ ᠪᠠᠶᠢᠭᠤᠯᠤᠨ᠎ᠠ᠃ ᠭᠤᠷᠪᠠ ᠳᠤ ᠬᠤᠳᠠ ᠶᠢᠨ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠪᠣᠯᠪᠠᠰᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠬᠤᠳᠠ ᠶᠢᠨ ᠬᠠᠮᠢᠶᠠᠷᠤᠯᠲᠠ ᠶᠢᠨ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠤ᠂ ᠬᠤᠳᠠ ᠶᠢᠨ ᠦᠵᠡᠮᠵᠢ ᠶᠢᠨ ᠣᠷᠴᠢᠨ ᠠᠬᠤᠶ ᠶᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠴᠤᠭᠯᠠᠭᠤᠯᠬᠤ᠂ ᠠᠷᠢᠭᠤᠨ ᠴᠡᠪᠡᠷ ᠢᠶᠠᠷ ᠰᠢᠭᠤᠳ ᠲᠡᠭᠡᠭᠡᠪᠦᠷᠢᠯᠡᠬᠦ ᠪᠠ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠶᠤᠨᠲᠤ ᠲᠠᠪᠴᠠᠩ ᠢ ᠰᠦᠯᠵᠢᠶᠡᠵᠢᠭᠦᠯᠦᠨ ᠬᠤᠯᠪᠣᠭᠠᠯᠠᠨ ᠡᠵᠡᠮᠳᠡᠬᠦ ᠶᠢ ᠠᠬᠢᠭᠤᠯᠤᠨ᠂ ᠨᠡᠶᠢᠭᠡᠮ ᠤᠨ ᠵᠠᠰᠠᠯᠲᠠ ᠪᠠ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠦᠷᠪᠡ ᠳᠤ ᠬᠤᠳᠠ ᠬᠥᠳᠡᠭᠡ ᠶᠢᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠤᠨ᠎ᠠ᠃ G232 ᠱᠤᠭᠤᠮ ᠤᠨ ᠽᠢ ᠭᠧᠦ ᠠᠴᠠ ᠳ᠋ᠡ ᠰᠢᠩ ᠬᠥᠷᠬᠦ ᠨᠢᠭᠡᠳᠦᠭᠡᠷ ᠳᠡᠰ ᠤᠨ ᠵᠠᠰᠠᠮᠠᠯ ᠵᠠᠮ᠂  ᠳᠠᠪᠠᠭᠠᠨ ᠣᠮᠠᠷᠠᠳᠠᠬᠢ ᠳᠥᠷᠪᠡᠳᠦᠭᠡᠷ ᠠᠩᠭᠢ ᠶᠢᠨ ᠬᠠᠷᠢᠯᠴᠠᠨ ᠨᠡᠪᠲᠡᠷᠡᠯᠴᠡᠬᠦ ᠲᠥᠷᠥᠯ  ᠵᠦᠢᠯ ᠢ ᠡᠬᠢᠯᠡᠭᠦᠯᠬᠦ ᠪᠠᠷ ᠴᠢᠷᠮᠠᠶᠢᠵᠤ᠂  ᠵᠠᠯᠠᠨ ᠠᠷᠣᠨ ᠲᠦᠷᠭᠡᠨ ᠳᠠᠪᠬᠢᠬᠤ ᠵᠠᠰᠠᠮᠠᠯ ᠵᠠᠮ ᠤᠨ ᠹᠦ᠋ ᠹᠧᠩ ᠬᠡᠰᠡᠭ ᠤᠨ ᠨᠥᠬᠦᠪᠥᠷᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ S308 ᠱᠤᠭᠤᠮ ᠤᠨ  ᠮᠦᠭᠦᠴᠢ ᠠᠴᠠ ᠴᠠᠢ ᠾᠧ ᠬᠥᠷᠬᠦ ᠵᠠᠰᠠᠮᠠᠯ ᠵᠠᠮ ᠤᠨ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ  ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠎ᠡ᠃ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠴᠢᠷᠮᠠᠶᠢᠨ ᠪᠣᠶ ᠪᠣᠯᠭᠠᠨ᠎ᠠ᠃ ︽ ᠴᠢᠴᠢᠬᠠᠷ ᠬᠠᠶᠢᠯᠠᠷ ᠮᠠᠨᠵᠣᠣᠷ︾   ᠤᠨ ᠠᠶᠠᠨᠴᠢᠳ  ᠤᠨ ᠲᠡᠭᠡᠭᠡᠪᠦᠷᠢ  ᠶᠢᠨ ᠲᠤᠰᠬᠠᠶ ᠱᠤᠭᠤᠮ  ᠤᠨ ᠪᠦᠳᠦᠬᠡᠨ ᠪᠠᠶᠢᠭᠤᠯᠤᠯᠲᠠ  ᠳᠤ  ᠪᠦᠬᠦ ᠬᠦᠴᠦᠨ  ᠢᠶᠠᠷ ᠢᠶᠠᠨ ᠬᠠᠮᠵᠢᠯᠴᠠᠨ᠂ ᠴᠠᠢ ᠾᠧ ᠵᠢᠨ‌ᠨᠡᠶᠢᠳᠡᠮ ᠬᠡᠷᠡᠭᠯᠡᠭᠡᠨ  ᠤ ᠨᠢᠰᠬᠡᠯ  ᠤᠨ ᠪᠠᠭᠤᠳᠠᠯ  ᠤᠨ ᠡᠮᠦᠨᠡᠬᠢ ᠬᠤᠭᠤᠴᠠᠭᠠᠨ  ᠤ ᠠᠵᠢᠯ  ᠢ ᠲᠦᠷᠭᠡᠳᠬᠡᠨ ᠠᠬᠢᠭᠤᠯᠵᠤ᠂ ᠰᠤᠳᠤᠯᠵᠤ ᠪᠣᠯᠬᠤ᠂ ᠠᠩᠬ᠎ᠠ ᠪᠠᠶᠢᠭᠤᠯᠬᠤ ᠣᠷᠣᠨ ᠲᠤᠭ᠎ᠠ ᠬᠢᠭᠡᠳ ᠭᠠᠵᠠᠷ ᠲᠠᠲᠠᠪᠤᠷᠢᠯᠠᠬᠤ ᠠᠵᠢᠯ  ᠢ ᠴᠢᠷᠮᠠᠶᠢᠨ ᠪᠡᠶᠡᠯᠡᠭᠦᠯᠦᠨ᠎ᠡ᠃     ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠎ᠠ᠃ ᠨᠢᠭᠡ ᠳᠤ ᠠᠷᠠᠳ ᠤᠨ ᠠᠮᠢᠳᠤᠷᠠᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠠᠷᠠᠳ ᠤᠨ ᠠᠮᠢᠳᠤᠷᠠᠯ ᠤᠨ ᠦᠨᠳᠦᠰᠦ ᠪᠣᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠦᠢᠯᠡᠰ ᠪᠤᠰᠬᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠯᠠᠭᠤᠴᠤᠳ ᠤᠨ ᠦᠢᠯᠡᠰ ᠪᠤᠰᠬᠠᠬᠤ ᠨᠡᠪᠴᠢᠭᠦᠯᠬᠦ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠳᠡᠮᠵᠢᠵᠦ᠂ ᠤᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠤ ᠲᠦᠷᠦᠯ ᠵᠦᠢᠯ ᠢ ᠪᠡᠶᠡᠯᠡᠭᠦᠯᠵᠦ᠂ ᠬᠤᠳᠠ ᠪᠠᠯᠭᠠᠰᠤᠨ ᠤ 4000 ᠬᠥᠮᠦᠨ ᠳᠤ ᠰᠢᠨ᠎ᠡ ᠪᠠᠷ ᠠᠵᠢᠯ ᠣᠯᠭᠤᠪᠠ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠡᠮᠴᠢᠯᠡᠭᠡ ᠪᠠᠷ ᠠᠪᠤᠷᠠᠨ ᠲᠤᠰᠠᠯᠠᠬᠤ᠂ ᠬᠠᠷᠠᠭᠠᠯᠵᠠᠨ ᠲᠥᠪᠬᠢᠨᠡᠭᠦᠯᠬᠦ᠂ ᠭᠠᠮᠰᠢᠭ ᠠᠴᠠ ᠠᠪᠤᠷᠠᠨ ᠲᠤᠰᠠᠯᠠᠬᠤ ᠵᠡᠷᠭᠡ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠵᠢᠴᠢ ᠵᠠᠰᠠᠭ ᠤᠨ ᠣᠷᠳᠣᠨ ᠨᠡᠶᠢᠭᠡᠮ ᠤᠨ ᠠᠪᠤᠷᠠᠨ ᠲᠤᠰᠠᠯᠠᠯᠲᠠ ᠶᠢ ᠬᠤᠳᠠᠯᠳᠤᠨ ᠠᠪᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠦᠨᠳᠦᠰᠦᠨ ᠱᠠᠲᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ᠂ ᠡᠮᠴᠢᠯᠡᠭᠡ ᠶᠢᠨ ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠤᠨ᠎ᠠ᠃ ︽ᠨᠢᠭᠡ ᠨᠠᠰᠤᠲᠠᠨ ᠨᠢᠭᠡ ᠪᠠᠭᠠᠴᠤᠳ︾ ᠤᠨ ᠠᠵᠢᠯ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠠ ᠲᠥᠬᠦᠭᠡᠷᠦᠮᠵᠢ ᠶᠢ ᠪᠦᠷᠢᠨᠰᠢᠬᠦᠯᠦᠨ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠲᠡᠮᠵᠢᠵᠤ᠂ ᠴᠡᠷᠢᠭ ᠠᠴᠠ ᠬᠠᠯᠠᠭᠳᠠᠭᠰᠠᠳ ᠤᠨ ᠪᠠᠷᠢᠮᠵᠢᠶᠠᠵᠢᠭᠰᠠᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠪᠠ ᠴᠡᠷᠢᠭ ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠬᠤᠶᠠᠷ ᠲᠤ ᠰᠤᠷᠭᠠᠨ ᠬᠥᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠰᠤᠷᠭᠠᠨ ᠬᠥᠮᠦᠵᠢᠯ ᠤᠨ ᠪᠠᠶᠢᠷᠢᠰᠢᠯ ᠤᠨ ᠲᠣᠬᠢᠷᠠᠭᠤᠯᠤᠯᠲᠠ ᠶᠢ ᠲᠦᠷᠭᠡᠳᠬᠡᠵᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠰᠢᠨ᠎ᠡ ᠲᠣᠭᠤᠷᠢᠭ ᠤᠨ ᠬᠡᠦᠬᠡᠳ ᠤᠨ ᠴᠡᠴᠡᠷᠯᠢᠭ᠂ ᠰᠢᠨ᠎ᠡ ᠲᠣᠭᠤᠷᠢᠭ ᠤᠨ ᠪᠠᠭ᠎ᠠ ᠰᠤᠷᠭᠠᠭᠤᠯᠢ᠂ ᠳ᠋ᠤᠤ ᠳ᠋ᠦᠩ ᠪᠠᠭ᠎ᠠ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠠ ᠣᠨᠴᠠᠭᠠᠢ ᠰᠤᠷᠭᠠᠨ ᠬᠥᠮᠦᠵᠢᠯ ᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠣᠯᠠᠨ ᠶᠠᠩᠵᠤᠴᠢᠯᠠᠭᠰᠠᠨ ᠣᠨᠴᠠᠯᠢᠭ ᠲᠠᠢ ᠬᠥᠭᠵᠢᠯᠲᠡ ᠶᠢ ᠠᠬᠢᠭᠤᠯᠤᠨ᠂ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠡᠶᠡᠯᠡᠭᠦᠯᠵᠦ᠂ ᠵᠠᠯᠠᠨ ᠠᠶᠢᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠳᠡᠭᠡᠳᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠳᠤᠮᠳᠠᠳᠤ ᠶᠢᠨ ᠰᠢᠯᠢᠳᠡᠭ ᠦᠭᠡ ᠬᠡᠯᠡᠨ ᠤ ᠰᠣᠶᠣᠯ ᠢ ᠤᠯᠠᠮᠵᠢᠯᠠᠨ ᠪᠠᠳᠠᠷᠠᠭᠤᠯᠤᠨ᠎ᠠ᠃ ᠭᠤᠷᠪᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠦᠢᠯᠡᠰ ᠢ ᠬᠦᠴᠦᠯᠡᠨ ᠬᠥᠭᠵᠢᠭᠦᠯᠦᠨ᠎ᠡ᠃ ︽ᠡᠷᠡᠭᠦᠯ ᠮᠡᠨᠳᠦ ᠵᠠᠯᠠᠨ ᠠᠶᠢᠯ︾ ᠤᠨ ᠠᠵᠢᠯᠯᠠᠭ᠎ᠠ ᠶᠢ ᠬᠡᠷᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠳᠣᠬᠢᠴᠢᠯᠠᠭᠰᠠᠨ ᠬᠠᠮᠢᠶᠠᠷᠤᠯᠲᠠ ᠶᠢ ᠠᠬᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠨᠠᠶᠢᠳᠠᠪᠤᠷᠢᠵᠢᠭᠤᠯᠵᠤ᠂ ᠨᠢᠭᠲᠠ ᠬᠡᠯᠪᠡᠷᠢ ᠶᠢᠨ ︽ᠡᠮᠴᠢᠯᠡᠭᠡᠨ ᠤ ᠬᠠᠮᠲᠤ ᠶᠢᠨ ᠴᠣᠭᠴᠠ︾ ᠶᠢᠨ ᠪᠠᠶᠢᠭᠤᠯᠤᠯᠲᠠ ᠶᠢ ᠴᠢᠩᠭᠠᠳᠬᠠᠨ᠂ ᠠᠨᠠᠭᠠᠬᠤ ᠤᠬᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠦᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠣᠩᠭᠤᠯ ᠬᠢᠲᠠᠳ ᠡᠮᠨᠡᠯᠭᠡ ᠶᠢᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ  ᠦᠢᠯᠡᠴᠢᠯᠡᠭᠡᠨ ᠤ  ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠴᠠᠭ ᠦᠶ᠎ᠡ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠥᠷᠢᠯᠡᠵᠦ᠂ ᠤᠷᠢᠳᠴᠢᠯᠠᠨ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠬᠥᠮᠦᠨ ᠠᠮᠠ ᠶᠢ ᠲᠡᠩᠴᠡᠭᠦᠷᠢᠲᠡᠶ ᠪᠠᠶᠢᠯᠭᠠᠬᠤ ᠪᠠ ᠨᠠᠰᠤᠲᠠᠶᠢᠴᠤᠳ ᠤᠨ ᠡᠷᠡᠭᠦᠯ ᠮᠡᠨᠳᠤ ᠶᠢᠨ ᠠᠵᠢᠯ ᠢ ᠰᠠᠶᠢᠲᠤᠷ ᠠᠳᠬᠤᠵᠤ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠲᠦᠷᠪᠡ ᠳᠤ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠭᠠᠨᠮᠥ᠋ᠴᠢᠷ ᠤᠨ ᠣᠷᠳᠣᠨ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ  ᠦᠢᠯᠡᠴᠢᠯᠡᠭᠡᠨ ᠤ ᠲᠥᠪ ᠵᠡᠷᠭᠡ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂  ᠾᠧ ᠰᠢ ᠰᠢᠨ᠎ᠡ ᠲᠣᠭᠤᠷᠢᠭ ᠤᠨ ᠰᠣᠶᠣᠯ ᠤᠨ ᠣᠷᠳᠣᠨ᠂ ᠨᠣᠮ ᠤᠨ ᠰᠠᠩ ᠤᠨ ᠲᠥᠷᠥᠯ  ᠵᠦᠢᠯ ᠢ ᠰᠦᠪᠡᠭᠴᠢᠯᠡᠨ ᠡᠬᠢᠯᠡᠭᠦᠯᠦᠨ᠎ᠡ᠃ ᠰᠣᠶᠣᠯ ᠤᠨ ᠥᠪ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠢᠨ ᠵᠢᠶᠧ ᠬᠤᠤ ᠶᠢᠨ ᠪᠠᠭᠤᠷᠢ ᠶᠢᠨ ᠤᠯᠤᠰ ᠤᠨ ᠰᠣᠶᠣᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠶᠢᠨ ᠨᠡᠶᠢᠭᠡᠮ ᠲᠣᠭᠤᠷᠢᠭ᠂ ᠬᠢᠲᠠᠳ ᠡᠪᠡᠰᠦᠨ ᠡᠮ᠂ ᠰᠤᠷᠭᠠᠨ ᠬᠥᠮᠦᠵᠢᠯ ᠵᠡᠷᠭᠡ ᠮᠦᠽᠧᠶ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠲᠡᠦᠬᠡ ᠶᠢᠨ ᠮᠦᠽᠧᠶ ᠶᠢ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ᠃ ᠤᠯᠠᠭᠠᠨᠮᠥ᠋ᠴᠢᠷ ᠤᠨ ᠠᠵᠢᠯ  ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠬᠥᠭᠵᠢᠮ ᠪᠥᠵᠢᠭᠲᠦ ᠰᠢᠯᠦᠭ ︽ᠬᠤᠪᠢᠰᠬᠠᠯ ᠤᠨ ᠳᠤᠷᠠᠰᠤᠮᠵᠢ︾ ᠶᠢ ᠵᠣᠬᠢᠶᠠᠨ ᠪᠦᠲᠦᠭᠡᠵᠦ᠂ ᠥᠪᠡᠷᠮᠢᠴᠡ ᠣᠨᠴᠠᠯᠢᠭ ᠲᠠᠢ ᠰᠣᠶᠣᠯ ᠤᠨ ᠨᠡᠷ᠎ᠡ ᠶᠢᠨ ᠬᠠᠭᠤᠳᠠᠰᠤ ᠶᠢ ᠪᠣᠶ ᠪᠣᠯᠭᠠᠨ᠎ᠠ᠃ ᠤᠷᠠᠨ ᠪᠢᠴᠢᠯᠭᠡ᠂ ᠤᠷᠠᠨ ᠵᠢᠷᠤᠭ᠂ ᠴᠠᠭᠠᠰᠤᠨ ᠬᠠᠶᠢᠴᠢᠯᠠᠮᠠᠯ᠂ ᠦᠨᠳᠦᠰᠦᠨ ᠤ ᠤᠷᠠᠯᠢᠭ ᠵᠡᠷᠭᠡ ᠰᠢᠯᠢᠳᠡᠭ ᠤᠯᠠᠮᠵᠢᠯᠠᠯᠲᠤ ᠰᠣᠶᠣᠯ ᠢ ᠬᠥᠭᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠲᠠᠪᠤ ᠳᠤ᠂ ᠪᠡᠶ᠎ᠡ ᠶᠢᠨ ᠲᠠᠮᠢᠷ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠦᠨ᠎ᠡ᠃ ᠪᠡᠶ᠎ᠡ ᠶᠢᠨ ᠲᠠᠮᠢᠷ ᠢᠶᠠᠷ ᠠᠷᠠᠳ ᠤᠨ ᠲᠥᠯᠥᠭᠡ ᠵᠢᠳᠬᠦᠬᠦ᠂ ᠪᠡᠶ᠎ᠡ ᠶᠢᠨ ᠲᠠᠮᠢᠷ ᠢᠶᠠᠷ ᠠᠷᠠᠳ ᠲᠤ ᠠᠰᠢᠭ ᠬᠦᠷᠲᠡᠭᠡᠬᠦ ᠶᠢ ᠪᠠᠷᠢᠮᠲᠠᠯᠠᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ  ᠲᠠᠢ ᠠᠭᠤᠰᠣᠯᠴᠠᠭᠤᠯᠬᠤ ᠶᠢ ᠠᠬᠢᠭᠤᠯᠣᠨ᠎ᠠ᠃  ᠶᠢᠨ ᠯᠦᠩ ᠱᠠᠨ ᠤ ᠴᠠᠰᠤᠨ ᠳᠤ ᠭᠤᠯᠭᠤᠬᠤ ᠲᠠᠯᠠᠪᠠᠶ ᠶᠢᠨ ᠤᠯᠤᠰ ᠤᠨ ᠲᠠᠰ ᠤᠨ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠤᠰ ᠤᠨ ᠲᠠᠰ ᠤᠨ ᠥᠨᠳᠥᠷ ᠬᠢᠷᠢ ᠲᠦᠪᠰᠢᠨ ᠪᠥᠬᠦᠶ ᠮᠥᠰᠥ ᠴᠠᠰᠤᠨ ᠤ ᠪᠡᠶ᠎ᠡ ᠶᠢᠨ ᠲᠠᠮᠢᠷ ᠤᠨ ᠪᠡᠯᠡᠳᠬᠡᠯ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ ᠤᠨ ᠪᠡᠯᠡᠳᠬᠡᠮᠵᠢ ᠶᠢ ᠲᠡᠭᠦᠯᠳᠡᠷᠵᠢᠭᠦᠯᠵᠦ᠂   ᠾᠧ ᠰᠢ ᠪᠡᠶ᠎ᠡ ᠶᠢᠨ ᠲᠠᠮᠢᠷ ᠤᠨ ᠴᠡᠴᠡᠷᠯᠢᠭ ᠢ ᠲᠥᠯᠥᠪᠵᠢᠭᠦᠯᠦᠨ ᠪᠥᠲᠥᠭᠡᠨ ᠪᠠᠶᠢᠭᠤᠯᠤᠨ᠎ᠠ᠃ ᠪᠥᠬᠦ ᠬᠤᠲᠠ ᠶᠢᠨ ᠮᠥᠰᠥ ᠴᠠᠰᠤᠨ ᠤ ᠤᠷᠤᠯᠳᠤᠭᠠᠨ ᠤ ᠶᠠᠪᠤᠳᠠᠯ ᠢ ᠴᠠᠭ ᠲᠤᠨᠢ ᠳᠣᠭᠢᠷᠠᠭᠤᠯᠤᠨ ᠡᠷᠭᠢᠯᠡᠵᠦ᠂ ᠤᠯᠤᠰ ᠤᠨ ᠤᠷᠤᠯᠳᠤᠭᠠᠨ ᠤ ᠶᠠᠪᠤᠳᠠᠯ ᠢ ᠢᠳᠡᠪᠬᠢᠲᠡᠶ ᠪᠠᠷ ᠳᠠᠭᠠᠭᠠᠨ ᠡᠷᠭᠢᠯᠡᠵᠦ᠂ ᠪᠥᠮᠪᠥᠭᠡᠨ ᠲᠥᠷᠥᠯ᠂ ᠳᠤᠭᠤᠶ ᠲᠡᠷᠭᠡ᠂ ᠲᠠᠯᠠᠪᠠᠶ ᠶᠢᠨ ᠪᠥᠵᠢᠭ᠂ ᠠᠭᠤᠯᠠ ᠠᠪᠠᠷᠢᠬᠤ᠂ ᠡᠪᠦᠯ ᠤᠨ ᠤᠮᠪᠠᠯᠲᠠ᠂ ᠴᠠᠰᠤᠨ ᠳᠤ ᠭᠤᠯᠭᠤᠬᠤ ᠵᠡᠷᠭᠡ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠠᠶᠢᠲᠤᠷ ᠡᠷᠭᠢᠯᠡᠵᠦ᠂ ᠪᠥᠬᠦ ᠤᠯᠤᠰ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠵᠢᠱᠢᠶᠡᠴᠢ ᠬᠤᠲᠠ ᠶᠢ ᠡᠭᠦᠳᠦᠨ ᠪᠠᠶᠢᠭᠤᠯᠤᠨ᠎ᠠ᠃     ︵ᠳᠣᠯᠤᠭ᠎ᠠ︶ ᠨᠡᠶᠢᠭᠡᠮ ᠤᠨ ᠵᠠᠰᠠᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠡᠶ᠎ᠡ ᠵᠣᠬᠢᠴᠠᠯ ᠲᠠᠢ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃ ᠨᠡᠶᠢᠭᠡᠮ ᠤᠨ ᠵᠠᠰᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠠᠰᠠᠯᠲᠠ ᠶᠢᠨ ᠴᠢᠳᠠᠪᠤᠷᠢ ᠪᠣᠯᠤᠨ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠤᠨ᠎ᠠ᠃ ᠨᠢᠭᠡ ᠳᠤ᠂ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡᠪᠡᠷ ᠰᠡᠷᠭᠡᠶᠢᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠬᠠᠤ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ  ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂  ᠠᠶᠣᠯᠬᠦᠢ ᠦᠢᠯᠡᠳᠪᠦᠷᠢᠯᠡᠯ ᠤᠨ ᠭᠤᠷᠪᠠᠨ ᠵᠢᠯ ᠤᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ ︽ᠳᠥᠷᠪᠡᠨ ᠬᠠᠮᠤᠭ ᠤᠨ ᠴᠢᠩᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ  ᠵᠦᠢᠯ  ᠡᠮ ᠤᠨ  ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠯᠠᠨ ᠲᠦᠮᠡᠨ ᠤ ᠢᠳᠡᠭᠡᠨ ᠤᠮᠳᠠᠭᠠᠨ ᠡᠮ ᠤᠨ  ᠵᠦᠢᠯ ᠤᠨ ᠠᠮᠤᠷ ᠲᠦᠪᠰᠢᠨ ᠢ ᠪᠠᠲᠤᠯᠠᠨ᠎ᠠ᠃ ᠬᠤᠶᠠᠷ ᠲᠤ ᠨᠡᠶᠢᠭᠡᠮ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠤᠯᠤᠰ ᠤᠨ ᠪᠦᠬᠦᠯᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠠᠬᠢᠭᠤᠯᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠤᠷᠤᠯᠴᠠᠨ ᠬᠡᠷᠡᠭᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠦᠢ ᠶᠣᠰᠣᠨ ᠤ ᠬᠠᠤᠯᠢ ᠶᠣᠰᠣᠨ ᠤ ᠬᠦᠰᠡᠯ ᠱᠠᠭᠠᠷᠳᠠᠯᠭ᠎ᠠ ᠶᠢ ᠵᠣᠬᠢᠰᠲᠠᠢ ᠰᠢᠢᠳᠪᠦᠷᠢᠯᠡᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠠ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ ᠢ ᠴᠢᠩᠭᠠᠳᠬᠠᠵᠤ᠂ ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠡᠯ᠎ᠡ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠭᠤᠷᠪᠠ ᠳᠤ᠂ ᠦᠨᠳᠦᠰᠦᠨ ᠱᠠᠲᠤᠨ ᠤ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠭᠠᠵᠠᠷ ᠬᠥᠳᠡᠯᠦᠯᠲᠡ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠰᠤᠲᠠᠶᠢᠴᠤᠳ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠢᠨ ᠤ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠠᠵᠢᠯ ᠢ ᠶᠡᠬᠡᠪᠡᠷ ᠲᠡᠮᠵᠢᠵᠤ᠂ ᠡᠯ᠎ᠡ ᠵᠦᠢᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃     ︵ ᠨᠠᠢᠮᠠ︶ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠠᠷᠠᠳ ᠲᠦᠮᠡᠨ ᠳᠤ ᠬᠠᠨᠤᠮᠵᠢᠲᠠᠶ ᠦᠢᠯᠡᠴᠢᠯᠡᠭᠡᠨ ᠤ ᠵᠠᠰᠠᠭ ᠤᠨ ᠣᠷᠳᠣᠨ ᠢ ᠪᠠᠶᠢᠭᠤᠯᠤᠨ᠎ᠠ᠃ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠬᠡᠷᠡᠭᠲᠡᠢ᠃ ᠨᠢᠭᠡ ᠳᠤ ᠤᠯᠤᠰ ᠲᠦᠷᠦ ᠶᠢ ᠡᠷᠬᠢᠮᠯᠡᠬᠦ ᠶᠠᠪᠤᠳᠠᠯ ᠢ ᠨᠢᠭᠡᠳᠦᠭᠡᠷ ᠬᠠᠷᠢᠭᠤᠴᠠᠯᠭ᠎ᠠ ᠪᠠᠨ ᠪᠣᠯᠭᠠᠬᠤ ᠬᠡᠷᠡᠭᠲᠡᠶ᠃ ᠪᠢᠳᠡ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠠᠬᠢᠷᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠪᠣᠯᠤᠨ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ  ᠬᠤᠷᠢᠶ᠎ᠠ ᠪᠣᠯᠤᠨ ᠳᠡᠭᠡᠳᠦ ᠱᠠᠲᠤᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠨᠢᠭᠡᠳᠦᠭᠡᠷ ᠡᠭᠦᠷᠭᠡ ᠪᠠᠨ ᠪᠣᠯᠭᠠᠨ᠎ᠠ᠃ ᠪᠢᠳᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠨ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠬᠠᠯᠠᠭᠤᠨ ᠴᠡᠭ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠬᠦᠰᠡᠵᠦ ᠪᠠᠶᠢᠭ᠎ᠠ ᠪᠠ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠷᠢᠴᠡᠯ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠪᠠᠨ ᠲᠦᠯᠬᠢᠬᠦ ᠦᠭᠡᠢ ᠪᠠᠶᠢᠵᠤ᠂ ᠡᠭᠦᠷᠭᠡ ᠪᠠᠨ ᠨᠠᠷᠢᠯᠢᠬᠵᠢᠭᠤᠯᠤᠨ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠨ᠎ᠠ᠃ ᠭᠤᠷᠪᠠ ᠳᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠨᠢᠭᠡᠳᠦᠭᠡᠷ ᠪᠠᠷᠢᠮᠵᠢᠶ᠎ᠠ  ᠪᠣᠯᠭᠠᠨ᠎ᠠ᠃ ᠪᠢᠳᠡ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠲᠦ ᠪᠤᠳᠤᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ ᠬᠢᠨᠠᠮᠠᠭᠠᠶ ᠭᠦᠢᠴᠡᠳᠬᠡᠵᠦ᠂ ᠰᠢᠨᠵᠢᠯᠡᠬᠦ ᠤᠬᠠᠭᠠᠨᠴᠢ ᠠᠷᠠᠳᠴᠢᠯᠠᠯ ᠢᠶᠠᠷ  ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠰᠠᠶᠢᠲᠤᠷ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠦᠨ᠎ᠡ᠃ ᠲᠦᠷᠪᠡ ᠳᠤ ᠠᠷᠢᠭᠤᠨ ᠴᠢᠬᠡᠴᠢ ᠪᠠᠶᠢᠬᠤ ᠶᠢ ᠨᠢᠭᠡᠳᠦᠭᠡᠷ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠪᠣᠯᠭᠠᠨ᠎ᠠ᠃ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠵᠢᠷᠤᠮᠯᠠᠵᠤ᠂ ᠰᠠᠶᠢᠲᠤᠷ ᠠᠷᠪᠢᠯᠠᠨ ᠭᠠᠮᠨᠠᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠯᠳᠠ ᠶᠢᠨ ᠬᠢᠨᠠᠯᠲᠠ ᠪᠠ ᠵᠠᠰᠠᠭ ᠵᠠᠬᠢᠷᠭᠠᠨ ᠤ ᠬᠢᠨᠠᠯᠲᠠ ᠶᠢ  ᠴᠢᠩᠭᠠᠳᠬᠠᠨ᠎ᠠ᠃ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠠᠭᠠᠰᠬᠠᠨ᠂ ᠡᠳ᠋ ᠤᠨ ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠬᠢᠵᠠᠭᠠᠷᠲᠠᠶ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠵᠤ ᠠᠬᠤᠶ ᠶᠢ ᠬᠥᠭᠵᠢᠭᠦᠯᠬᠦ ᠳᠡᠭᠡᠷ᠎ᠡ ᠬᠡᠷᠡᠭᠯᠡᠬᠦ ᠶᠢ ᠦᠨᠡᠨ ᠬᠦ ᠪᠠᠲᠤᠯᠠᠨ᠎ᠠ᠃   ᠲᠥᠯᠥᠭᠡᠯᠡᠭᠴᠢᠳ ᠡ︕ ᠰᠢᠨ᠎ᠡ ᠠᠶᠠᠨ ᠳᠤ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠬᠦ ᠳᠤ᠂ ᠡᠷᠡᠮᠡᠬᠡᠶᠢᠯᠡᠨ ᠲᠠᠪᠰᠢᠬᠤ ᠠᠴᠠ ᠥᠭᠡᠷ᠎ᠡ ᠠᠷᠭ᠎ᠠ ᠦᠬᠡᠢ  ᠃ ᠰᠢᠨ᠎ᠡ ᠡᠭᠦᠷᠭᠡ  ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠨᠡᠩ ᠴᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠪᠣᠯᠤᠨ ᠵᠠᠯᠠᠨ ᠠᠶᠢᠯ ᠬᠤᠳᠠ ᠶᠢᠨ ᠨᠠᠮ ᠤᠨ  ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ  ᠲᠠᠢ ᠲᠡᠮᠡᠴᠡᠨ ᠦᠷᠭᠦᠯᠵᠢᠯᠡᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠳᠡᠭᠡᠷ᠎ᠡ ᠵᠠᠯᠠᠨ ᠠᠶᠢᠯ ᠤᠨ ᠪᠣᠬᠢᠷᠲᠤᠯ ᠦᠭᠡᠢ ᠰᠡᠷᠭᠦᠨ ᠮᠠᠨᠳᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠶ᠎ᠡ︕  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ