ᠪᠣᠭ ᠮᠠᠯ ᠬᠤᠤᠷᠲᠤ ᠡᠪᠡᠰᠦᠨ ᠳᠤ ᠬᠤᠤᠷᠳᠠᠪᠠᠯ ᠶᠠᠭᠠᠬᠢᠬᠤ ᠪᠤᠢ
ᠨᠡᠶᠢᠲᠡᠯᠡᠭᠰᠡᠨ ᠴᠠᠭ᠄
2021/10/29
ᠪᠣᠭ ᠮᠠᠯ ᠬᠤᠤᠷᠲᠤ ᠡᠪᠡᠰᠦᠨ ᠳᠤ ᠬᠤᠤᠷᠳᠠᠪᠠᠯ ᠶᠠᠭᠠᠬᠢᠬᠤ ᠪᠤᠢ         ᠬᠤᠨᠢ ᠢᠮᠠᠭ᠎ᠠ ᠭᠤᠤᠯ ᠤᠨ ᠬᠤᠤᠷ᠂ ᠭᠤᠯᠭᠤᠢ ᠬᠤᠸᠠᠷ᠂ ᠳᠠᠯᠠᠨ ᠲᠦᠷᠦᠭᠦᠦ ᠵᠡᠷᠭᠡ ᠬᠤᠤᠷᠲᠠᠢ ᠡᠪᠡᠰᠦ ᠠᠳᠡᠭᠦᠷᠡᠵᠦ ᠢᠳᠡᠭᠡᠳ ᠠᠮᠠᠷᠬᠠᠨ ᠬᠤᠤᠷᠳᠠᠳᠠᠭ᠃ ᠬᠤᠤᠷᠳᠠᠭᠰᠠᠨ ᠤ ᠳᠠᠷᠠᠭ᠎ᠠ ᠲᠤᠯᠤᠭᠠᠢ ᠤᠨᠵᠢᠢᠯᠭᠠᠬᠤ᠂ ᠰᠢᠳᠦ ᠬᠠᠪᠢᠷᠠᠬᠤ᠂ ᠲᠤᠯᠤᠭᠠᠢ ᠳᠠᠮᠠᠷᠣᠳᠠᠵᠤ ᠡᠷᠭᠢᠯᠳᠦᠬᠦ᠂ ᠠᠮᠠᠨ ᠠᠴᠠ ᠨᠢ ᠴᠢᠰᠤ ᠲᠠᠢ ᠬᠦᠭᠡᠰᠦ ᠴᠤᠪᠤᠷᠠᠬᠤ᠂ ᠰᠠᠯᠢᠰᠤᠲᠤ ᠪᠦᠷᠬᠦᠪᠴᠢ ᠨᠢ ᠴᠢᠰᠤ ᠬᠠᠷᠪᠤᠬᠤ᠂ ᠠᠮᠢᠰᠬᠤᠯ ᠨᠢ ᠲᠦᠷᠭᠡᠰᠬᠦ᠂ ᠴᠡᠴᠡᠬᠡᠢ ᠪᠣᠯᠣᠨ ᠪᠣᠯᠴᠢᠩ ᠮᠢᠬ᠎ᠠ ᠨᠢ ᠮᠢᠨᠴᠦᠷᠡᠵᠦ ᠵᠣᠭᠰᠤᠵᠤ ᠴᠢᠳᠠᠬᠤ ᠦᠭᠡᠢ ᠵᠡᠷᠭᠡ ᠰᠢᠨᠵᠢ ᠲᠡᠮᠳᠡᠭ ᠢᠯᠡᠷᠡᠬᠦ ᠪᠣᠶᠣ ᠬᠡᠪᠲᠡᠭᠡ ᠪᠠᠷ ᠢᠶᠠᠨ ᠦᠬᠦᠳᠡᠭ᠃ ᠵᠠᠰᠠᠬᠤ ᠠᠷᠭ᠎ᠠ᠄ ① ᠬᠦᠩᠭᠡᠨ ᠬᠤᠤᠷᠳᠠᠭᠰᠠᠨ ᠳᠤᠨᠢ ᠳᠠᠪᠤᠰᠤᠲᠠᠢ ᠤᠰᠤ ᠣᠣᠭᠤᠯᠭᠠᠬᠤ ᠪᠣᠶᠣ ᠨᠤᠭᠤᠭᠠᠨ ᠪᠤᠷᠴᠠᠭ ᠤᠨ ᠰᠦᠮᠦᠰᠦ ᠴᠢᠳᠬᠤᠵᠤ ᠦᠭᠭᠦᠨ᠎ᠡ᠃ ᠲᠡᠷᠡᠴᠢᠯᠡᠨ ᠦᠨᠳᠡᠭᠡᠨ ᠴᠠᠭᠠᠨ ᠪᠣᠶᠣ ᠰᠢᠬᠢᠷ ᠡᠪᠡᠰᠦᠨ ᠤ ᠰᠢᠭᠦᠰᠦ ᠶᠢ ᠦᠭᠪᠡᠯ ᠮᠦᠨ ᠬᠤᠤᠷ ᠲᠠᠶᠢᠯᠵᠣ ᠪᠣᠯᠣᠨ᠎ᠠ᠃ ②0.1% ᠶᠢᠨ ᠳᠡᠭᠡᠳᠦ ᠮᠠᠩᠭᠠᠨ ᠬᠦᠴᠢᠯ ᠤᠨ ᠺᠠᠯᠢ ︵高锰酸钾︶ ᠶᠢᠨ ᠠᠭᠤᠰᠤᠮᠠᠯ ᠢᠶᠠᠷ ᠬᠤᠳᠤᠭᠤᠳᠤ ᠶᠢ ᠨᠢ ᠤᠬᠢᠶᠠᠨ᠎ᠠ᠃ ③ ᠬᠦᠨᠳᠦ ᠬᠤᠤᠷᠳᠠᠭᠰᠠᠨ ᠪᠣᠯ 5ml 10% ᠶᠢᠨ ᠦᠵᠦᠮ ᠤᠨ ᠰᠢᠬᠢᠷ ᠤᠨ ᠬᠦᠴᠢᠯ ᠤᠨ ᠺᠠᠯᠢ ᠶᠢ ᠨᠠᠮᠵᠢᠭᠤᠨ ᠰᠤᠳᠠᠯ ᠳᠤᠨᠢ ᠲᠠᠷᠢᠨ᠎ᠠ᠃ ︵ᠢᠷᠡᠯᠲᠡ᠄ ᠰᠠᠨ᠎ᠠ ᠶᠢᠨ ᠨᠠᠶᠢᠷᠠᠭᠤᠯᠤᠭᠰᠠᠨ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ︽ᠮᠠᠯ ᠵᠢᠭᠦᠷᠲᠡᠨ ᠤ ᠡᠪᠡᠳᠴᠢᠨ ᠢ ᠰᠡᠷᠭᠡᠶᠢᠯᠡᠨ ᠵᠠᠰᠠᠬᠤ ᠠᠰᠠᠭᠤᠯᠲᠠ ᠬᠠᠷᠢᠭᠤᠯᠲᠠ︾
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号