ᠰᠢ ᠶᠢᠨ ᠫᠢᠩ 2021 ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠸᠢᠳᠢᠣ᠋ ᠪᠠᠷ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2021/10/9
   
    ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 24       ᠤ ᠴᠠᠬᠢᠯᠭᠠᠨ ᠮᠡᠳᠡᠭᠡ   9 ᠰᠠᠷ᠎ᠠ ᠶᠢᠨ 24       ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2021 ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠸᠢᠳᠢᠣ᠋ ᠪᠠᠷ ᠪᠠᠶᠠᠷ ᠬᠦᠷᠭᠡᠪᠡ᠃      ᠰᠢ ᠶᠢᠨ ᠫᠢᠩ᠂ ᠣᠳᠣᠬᠠᠨ ᠳᠤ ᠳᠡᠯᠡᠬᠡᠶ ᠶᠢᠷᠳᠢᠨᠴᠤ ᠶᠢᠨ ᠵᠠᠭᠤᠨ ᠵᠢᠯ ᠳᠤ ᠲᠣᠬᠢᠶᠠᠯᠳᠤᠭ᠎ᠠ ᠥᠬᠡᠶ ᠶᠡᠭᠡ ᠬᠤᠪᠢᠰᠤᠯᠲᠠ ᠲᠦᠷᠭᠡᠳᠤᠨ ᠬᠥᠭᠵᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠥᠷᠭᠡᠨ ᠳᠡᠯᠭᠡᠷ ᠠᠯᠤᠰ ᠬᠡᠲᠦ ᠶᠢᠨ ᠪᠠᠶᠢᠵᠤ᠂ ᠳᠡᠯᠡᠬᠡᠶ ᠶᠢᠨ ᠠᠵᠤ ᠠᠬᠤᠶ ᠶᠢᠨ ᠰᠡᠷᠭᠦᠯᠲᠡ ᠬᠦᠨᠳᠦ ᠨᠣᠴᠢᠲᠠᠶ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠳᠡᠯᠡᠬᠡᠶ ᠶᠢᠨ ᠡᠯ᠎ᠡ ᠤᠯᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡ ᠬᠠᠮᠲᠤᠷᠠᠯᠴᠠᠭ᠎ᠠ ᠶᠢ ᠨᠠᠩ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠡᠮᠵᠢᠨ ᠪᠥᠬᠦ ᠪᠥᠮᠪᠥᠷᠴᠡᠭ ᠤᠨ ᠴᠢᠨᠠᠷᠲᠠᠶ ᠴᠢᠬᠤᠯᠠ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠬᠠᠮᠲᠤ ᠪᠠᠷ ᠰᠦᠪᠡᠭᠴᠢᠯᠡᠵᠦ᠂ ᠴᠠᠭ ᠦᠶ᠎ᠡ ᠶᠢᠨ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠵᠤ᠂ ᠬᠥᠮᠦᠨ ᠲᠥᠷᠥᠯᠬᠢᠲᠡᠨ ᠤ ᠡᠩᠬᠡ ᠲᠠᠶᠢᠪᠤᠩ ᠪᠣᠯᠤᠨ ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠬᠠᠮᠲᠤ ᠪᠠᠷ ᠠᠬᠢᠭᠤᠯᠬᠤ ᠴᠢᠬᠤᠯᠠᠳᠠᠢ ᠪᠠᠶᠢᠨ᠎ᠠ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠥᠭᠵᠢᠭᠦᠯᠬᠦ ᠳᠤ ᠡᠷᠬᠡᠪᠰᠢ ᠪᠦᠬᠦ ᠪᠥᠮᠪᠥᠷᠴᠡᠭ ᠤᠨ ᠬᠠᠷᠠᠭᠠᠰᠤ ᠠᠴᠠ ᠴᠠᠭ ᠦᠶ᠎ᠡ ᠶᠢᠨ ᠬᠠᠨᠳᠤᠰᠢ ᠶᠢ ᠡᠵᠡᠮᠳᠡᠵᠦ᠂ ᠬᠥᠮᠦᠨ ᠲᠥᠷᠥᠯᠬᠢᠲᠡᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠰᠡᠬᠦ ᠰᠢᠨ᠎ᠡ ᠱᠠᠭᠠᠷᠳᠠᠯᠭ᠎ᠠ ᠶᠢ ᠴᠢᠩᠭ᠎ᠠ ᠡᠵᠡᠮᠳᠡᠬᠦ ᠬᠡᠷᠡᠭᠲᠡᠢ᠃ ᠳᠤᠮᠳᠠᠳᠤ ᠤᠯᠤᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠶᠢ ᠠᠬᠢᠭᠤᠯᠬᠤ ᠪᠠᠷ ᠴᠢᠷᠮᠠᠶᠢᠵᠤ᠂ ᠨᠡᠩ ᠨᠡᠭᠡᠭᠡᠯᠲᠡᠲᠦ ᠣᠪᠣᠷ ᠢᠶᠠᠷ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠰᠦᠯᠵᠢᠶ᠎ᠡ ᠳᠤ ᠢᠳᠡᠪᠬᠢᠲᠡᠢ ᠣᠷᠣᠯᠴᠠᠵᠤ᠂ ᠰᠠᠭᠤᠷᠢ ᠰᠤᠳᠤᠯᠭᠠᠨ ᠢ ᠬᠠᠮᠲᠤ ᠪᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠴᠢᠳᠠᠪᠤᠷᠢ ᠶᠢ ᠪᠤᠶᠢᠵᠢᠭᠤᠯᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠠᠶᠢᠨ ᠶᠠᠪᠤᠳᠠᠯ ᠳᠤ ᠦᠢᠯᠡᠴᠢᠯᠡᠭᠦᠯᠬᠦ ᠣᠶᠢᠯᠠᠭᠠᠭᠳᠠᠬᠤᠨ ᠢ ᠪᠤᠢ ᠪᠣᠯᠭᠠᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠶᠢ ᠲᠡᠭᠦᠯᠳᠡᠷᠵᠢᠭᠦᠯᠵᠦ᠂ ᠬᠦᠮᠦᠨ ᠲᠦᠷᠦᠯᠬᠢᠳᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠵᠦᠩ ᠭᠤᠸᠠᠨ ᠼᠦᠨ ᠪᠣᠯ ᠳᠤᠮᠳᠠᠳᠤ ᠤᠯᠤᠰ ᠤᠨ ᠠᠩᠬᠠᠳᠠᠭᠴᠢ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠣᠯᠤᠨ᠎ᠠ᠂ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠪᠣᠯ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠳᠤ ᠬᠠᠨᠳᠤᠭᠤᠯᠤᠭᠰᠠᠨ ᠤᠯᠤᠰ ᠤᠨ ᠲᠡᠰ ᠤᠨ ᠲᠠᠪᠴᠠᠩ ᠪᠣᠯᠤᠨ᠎ᠠ᠃ ᠳᠤᠮᠳᠠᠳᠤ ᠤᠯᠤᠰ ᠵᠦᠩ ᠭᠤᠸᠠᠨ ᠼᠦᠨ ᠤ ᠰᠢᠨ᠎ᠡ ᠨᠢᠭᠡᠨ ᠡᠭᠡᠯᠵᠢ ᠶᠢᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠥᠭᠡᠷᠡᠴᠢᠯᠡᠯᠲᠡ ᠬᠢᠵᠤ᠂ ᠳᠡᠯᠡᠬᠡᠢ ᠶᠢᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠳᠡᠮᠵᠢᠨ᠎ᠠ ᠭᠡᠵᠤ ᠴᠢᠬᠤᠯᠠᠴᠢᠯᠠᠵᠠᠢ᠃      2021 ᠵᠦᠩ ᠭᠤᠸᠠᠨ ᠼᠦᠨ ᠤ ᠶᠠᠷᠢᠶᠠᠨ ᠤ ᠲᠠᠪᠴᠠᠩ ᠲᠤᠰ ᠡᠳᠦᠷ ᠪᠡᠭᠡᠵᠢᠩ ᠳᠤ ᠡᠬᠢᠯᠡᠵᠦ᠂ ︽ᠤᠶᠤᠨ ᠤᠬᠠᠭᠠᠨ · ᠡᠷᠡᠭᠦᠯ ᠮᠠᠨᠳᠤ · ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠪᠠᠷ ᠭᠤᠣᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠬᠢᠯᠡᠪᠡ᠃
 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号