1 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ | ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ | ᠳᠠᠷᠤᠭ᠎ᠠ ᠶᠠᠩ ᠵᠢᠶ ᠴᠦᠨ᠂ ᠬᠤᠲᠠ ᠶᠢᠨ ᠳᠡᠳ᠋ ᠳᠠᠷᠤᠭ᠎ᠠ ᠯᠦ ᠶᠠ ᠭᠤᠸᠠᠩ ᠪᠠᠷ᠎ᠠ ᠪᠣᠯᠪᠠ᠃ | | 3 ᠤ ᠡᠳᠦᠷ ᠵᠠᠯᠠᠨ ᠠᠶᠢᠯ ᠬᠤᠲᠠ ᠶᠢᠨ ᠬᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠡᠷᠭᠢᠯᠡᠵᠦ᠂ | ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠵᠤ᠂ ᠳᠠᠬᠢᠨ ᠨᠠᠷᠢᠯᠢᠬᠵᠢᠭᠤᠯᠵᠤ᠂ ᠳᠠᠬᠢᠨ | ᠪᠣᠳᠠᠲᠠᠶᠢᠵᠢᠭᠤᠯᠪᠠ᠃ | | 8 ᠤ ᠡᠳᠦᠷ ᠵᠠᠯᠠᠨ ᠠᠶᠢᠯ ᠬᠤᠳᠠ ᠶᠢᠨ ᠬᠢᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠵᠢᠴᠢ ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠶᠡᠭᠡ ᠬᠤᠷᠠᠯ ᠬᠤᠷᠠᠯᠳᠤᠭᠤᠯᠵᠤ᠂ ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ᠃ ᠬᠤᠲᠠ ᠶᠢᠨ | ᠨᠠᠮ ᠤᠨ ᠬᠤᠷᠢᠶᠠᠨ ᠤ ᠱᠦᠵᠢ ᠶᠤᠸᠠᠢ ᠭᠦᠸᠧ ᠳ᠋ᠦᠩ ᠬᠤᠷᠠᠯ ᠡᠷᠭᠢᠯᠡᠵᠦ᠂ ᠬᠤᠲᠠ ᠶᠢᠨ ᠳᠥᠷᠪᠡᠨ ᠶᠡᠭᠡ ᠪᠠᠭ ᠤᠨ | ᠤᠳᠤᠷᠢᠳᠤᠯᠭ᠎ᠠ ᠸᠠᠩ ᠪᠥᠸᠧ᠂ ᠯᠢ ᠱᠦ ᠶᠠᠨ᠂ ᠢᠦᠶ ᠫᠢᠩ᠂ ᠰᠦᠨ ᠰᠢᠤ ᠹᠸᠢ᠂ ᠵᠠᠩ ᠸᠧᠶ ᠵᠢᠶᠦ᠋ᠨ᠂ ᠵᠢᠶᠠᠩ | ᠬᠤ᠋᠂ ᠯᠢᠦ ᠬᠤᠩ ᡁᠢ᠂ ᠡᠤ ᠴᠧᠨ ᠳ᠋ᠦᠩ᠂ ᠯᠢᠦ ᠭᠦᠸᠧ ᠬᠤᠸᠠ᠂ ᠶᠠᠨ ᡁᠢ ᠭᠠᠩ᠂ ᠯᠢ ᠳ᠋ᠦᠩ ᠹᠠᠩ᠂ ᠵᠢᠶᠠᠩ | ᠵᠢᠶᠦ᠋ᠨ ᠶᠦᠩ᠂ ᠯᠢ ᠶᠠᠨ ᠯᠢᠩ᠂ ᠮᠧᠩ ᠭᠠᠩ᠂ ᠯᠦ ᠶᠠ ᠭᠤᠸᠠᠩ᠂ ᠯᠢ ᠵᠢᠤᠸᠠᠨ᠂ ᠵᠥᠩ ᠯᠢ᠂ ᠵᠠᠩ ᠴᠤᠸᠠᠨ | ᠹᠦ᠋᠂ ᠯᠢᠦ ᠱᠢ ᠶᠦᠩ᠂ ᠯᠢᠦ ᠧᠨ ᠴᠧᠩ᠂ ᠱᠧᠨ ᠶᠢᠩ ᠴᠦᠨ᠂ ᠰᠢᠶᠠᠩ ᠪᠠᠯᠭᠠᠰᠤ ᠵᠡᠭᠡᠯᠢ ᠭᠤᠳᠤᠮᠵᠢ᠂ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ | ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠵᠢᠶᠠᠩ | ᠵᠢᠶᠦ᠋ᠨ ᠶᠦᠩ ᠪᠥᠬᠦ ᠺᠠᠳ᠋ᠷ ᠠᠵᠢᠯᠲᠠᠨ ᠠᠵᠢᠯᠴᠢᠨ ᠤ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠥᠯᠥᠨ ᠪᠤᠶᠢᠷ ᠬᠤᠲᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ | ᠶᠡᠭᠡ ᠬᠤᠷᠠᠯ ᠤᠨ ᠵᠣᠷᠢᠭ ᠰᠠᠨᠠᠭ᠎ᠠ ᠪᠠ ᠶᠢᠰᠦᠳᠦᠭᠡᠷ ᠬᠤᠭᠤᠴᠠᠭᠠᠨ ᠤ ᠵᠠᠯᠠᠨ ᠠᠶᠢᠯ ᠬᠤᠲᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ | ᠠᠯᠪᠠᠨ ᠬᠡᠷ᠂ ᠤᠯᠤᠰ ᠲᠥᠷᠥ ᠶᠢᠨ ᠰᠤᠳᠤᠯᠭᠠᠨ ᠤ ᠲᠠᠰᠤᠭ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ | ᠶᠠᠪᠤᠳᠠᠯ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ᠂ ᠬᠠᠮᠲᠤᠷᠠᠨ ᠰᠣᠯᠢᠯᠴᠠᠬᠤ ᠲᠥᠪ ᠤᠨ ᠺᠠᠳ᠋ᠷ ᠠᠵᠢᠯᠲᠠᠨ | ᠠᠵᠢᠯᠴᠢᠨ ᠨᠠᠷ ᠬᠤᠷᠠᠯ ᠳᠤ ᠣᠷᠣᠯᠴᠠᠵᠠᠶ᠃ | | 9 ᠤ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ | ᠪᠥᠸᠧ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠳᠤ ᠲᠤᠬᠠᠶ ᠶᠢᠨ ᠭᠠᠵᠠᠷ ᠲᠤᠨᠢ ᠬᠢᠨᠠᠨ | ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ ᠳᠡᠳ᠋ ᠳᠠᠷᠤᠭ᠎ᠠ ᠯᠦ ᠶᠠ | ᠭᠤᠸᠠᠩ ᠪᠠᠷ᠎ᠠ ᠪᠣᠯᠪᠠ᠃ | | 11 ᠤ ᠡᠳᠦᠷ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ 2021 ᠣᠨ ᠤ ᠪᠥᠬᠦᠳᠡ ᠬᠤᠷᠠᠯ | ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ | ᠬᠤᠷᠠᠯ ᠵᠢᠴᠢ 10 ᠳ᠋ᠤᠭᠠᠷ ᠰᠠᠷ᠎ᠠ ᠶᠢᠨ 8 ᠤ ᠡᠳᠦᠷ ᠤᠨ ᠬᠥᠯᠥᠨ ᠪᠤᠶᠢᠷ ᠬᠤᠲᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠸᠠᠩ | ᠪᠥᠸᠧ᠂ ᠦ᠋ ᠴᠧᠨ ᠳ᠋ᠦᠩ᠂ ᠶᠠᠩ ᠵᠢᠶ ᠴᠦᠨ᠂ ᠮᠧᠩ ᠭᠠᠩ᠂ ᠯᠦ ᠶᠠ ᠭᠤᠸᠠᠩ ᠬᠤᠷᠠᠯ ᠳᠤ ᠣᠷᠣᠯᠴᠠᠵᠤ᠂ | ᠬᠤᠲᠠ ᠶᠢᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠬᠤᠲᠠ ᠶᠢᠨ ᠵᠠᠰᠠᠭ ᠤᠨ ᠣᠷᠳᠣᠨ ᠤ | ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ ᠵᠡᠭᠡᠯᠢ | ᠭᠤᠳᠤᠮᠵᠢ ᠶᠢᠨ ᠭᠤᠤᠯ ᠬᠠᠷᠢᠭᠤᠴᠠᠯᠭᠠᠲᠠᠨ ᠵᠢᠴᠢ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | | 11 — 12 ᠤᠨ ᠡᠳᠦᠷ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠬᠤ ᠬᠥᠮᠦᠨ | ᠬᠤᠸᠠᠩ ᠹᠧᠩ ᠵᠠᠯᠠᠨ ᠠᠶᠢᠯ ᠬᠤᠲᠠ ᠳᠤ ᠬᠦᠷᠴᠦ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ | ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ᠂ ᠴᠡᠷᠢᠭ ᠠᠴᠠ | ᠬᠠᠯᠠᠭᠳᠠᠭᠰᠠᠳ ᠤᠨ ᠶᠠᠪᠤᠳᠠᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ ᠶᠤᠸᠠᠢ ᠭᠦᠸᠧ ᠳ᠋ᠦᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶ ᠴᠦᠨ ᠪᠠᠷ᠎ᠠ ᠪᠣᠯᠪᠠ᠃ | |