ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠬᠢᠨᠠᠨ ᠵᠢᠯᠣᠭᠤᠳᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2021/11/24
    ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠳᠠᠷᠤᠶ ᠬᠠᠷᠢᠭᠤᠴᠠᠯᠭ᠎ᠠ ᠮᠥᠨ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠳᠡᠭᠡᠳᠦ ᠬᠡᠮᠵᠢᠶᠡᠨ ᠤ ᠰᠡᠷᠭᠡᠶᠢᠯᠡᠯᠲᠡ ᠶᠢᠨ ᠪᠠᠶᠢᠳᠠᠯ ᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠡᠷᠡᠰ ᠲᠡᠮᠡᠴᠡᠨ ᠤᠯᠪᠠ᠃    ᠣᠶᠢᠷ᠎ᠠ ᠳᠤ᠂ ᠰᠤᠷᠭᠠᠨ ᠬᠥᠮᠦᠵᠢᠯ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠬᠢᠨᠠᠨ ᠵᠢᠯᠣᠭᠤᠳᠬᠤ ᠠᠵᠢᠯ ᠤᠨ ᠬᠤᠷᠠᠯ ᠵᠢᠴᠢ ᠪᠥᠬᠦ ᠬᠤᠲᠠ ᠶᠢᠨ ᠰᠤᠷᠭᠠᠭᠤᠯᠢ ᠶᠢᠨ ᠵᠠᠬᠢᠷᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠠᠭᠠᠨ ᠣᠳᠣᠬᠠᠨ ᠤ ᠪᠦᠬᠦ ᠤᠯᠤᠰ ᠤᠨ ᠡᠯ᠎ᠡ ᠭᠠᠵᠠᠷ ᠲᠤ ᠤᠯᠠᠨ ᠭᠠᠵᠠᠷ ᠲᠤ ᠣᠯᠠᠨᠲᠠ ᠡᠭᠦᠰᠴᠦ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠳᠤ ᠴᠢᠭᠯᠡᠭᠦᠯᠦᠨ ᠲᠠᠬᠢᠨ ᠲᠤᠬᠢᠷᠠᠭᠤᠯᠤᠯᠲᠠ ᠲᠠᠬᠢᠨ ᠪᠠᠶᠢᠷᠢᠯᠠᠭᠤᠯᠤᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠦᠨᠳᠦ ᠬᠡᠴᠡᠭᠦᠦ ᠪᠠᠶᠢᠳᠠᠯ ᠢ ᠲᠣᠳᠣᠷᠬᠠᠢ ᠲᠠᠶᠢᠯᠪᠤᠷᠢᠯᠠᠵᠤ᠂ ᠮᠢᠨᠴᠦᠭᠦᠷᠡᠨ ᠲᠠᠶᠢᠪᠤᠰᠢᠷᠠᠬᠤ ᠰᠡᠳᠬᠢᠴᠡ ᠶᠢ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠬᠢᠵᠢᠭ ᠤᠨ ᠪᠠᠶᠢᠳᠠᠯ ᠢ ᠬᠢᠨᠠᠨ ᠵᠢᠯᠣᠭᠤᠳᠬᠤ ᠭᠤᠣᠯᠳᠠᠯᠭ᠎ᠠ ᠲᠠᠢ ᠠᠭᠤᠯᠭ᠎ᠠ ᠶᠢ ᠪᠠᠶᠢᠷᠢᠯᠠᠭᠤᠯᠵᠤ᠂ ᠳᠡᠭᠡᠳᠦ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠷ ᠪᠣᠳᠠᠲᠠᠢ ᠳᠤ  ᠨᠠᠶᠢᠳᠠᠪᠣᠷᠢᠵᠢᠭᠤᠯᠣᠨ᠎ᠠ᠃    ᠰᠤᠷᠭᠠᠨ ᠬᠥᠮᠦᠵᠢᠯ ᠤᠨ ᠲᠣᠪᠴᠢᠶ᠎ᠠ ᠨᠢ ᠲᠣᠪᠴᠢᠶ᠎ᠠ ᠶᠢᠨ ᠤᠳᠤᠷᠢᠳᠤᠯᠭ᠎ᠠ ᠶᠢᠨ ᠰᠤᠷᠭᠠᠭᠤᠯᠢ ᠶᠢ ᠳᠠᠭᠠᠭᠠᠴᠢᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ ᠶᠢ ᠳᠠᠭᠠᠭᠠᠴᠢᠯᠠᠨ ᠬᠢᠨᠠᠨ ᠵᠢᠯᠣᠭᠤᠳᠬᠤ ᠳᠤᠭᠤᠶᠢᠯᠠᠩ ᠪᠠᠶᠢᠭᠤᠯᠵᠤ᠂ ᠡᠯ᠎ᠡ ᠰᠤᠷᠭᠠᠭᠤᠯᠢ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠨ ᠬᠢᠨᠠᠨ ᠵᠢᠯᠣᠭᠤᠳᠴᠤ ᠪᠠᠶᠢᠴᠠᠭᠠᠨ᠎ᠠ᠃ ᠬᠢᠨᠠᠨ ᠵᠢᠯᠣᠭᠤᠳᠬᠤ ᠶᠠᠪᠤᠴᠠ ᠳᠤ᠂ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠠᠴᠠ ᠠᠪᠤᠭᠠᠳ ᠬᠢᠵᠢᠭ ᠤᠨ ᠪᠠᠶᠢᠳᠠᠯ ᠢ ᠪᠠᠴᠢᠮ ᠠᠷᠭᠠᠴᠠᠬᠤ ᠪᠠᠶᠢᠳᠠᠯ ᠳᠣᠤᠷᠠᠬᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠬᠦᠷᠲᠡᠯ᠎ᠡ᠂ ᠳᠠᠬᠢᠭᠠᠳ ᠠᠵᠢᠯᠲᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠬᠦᠷᠲᠡᠯ᠎ᠡ ᠴᠥᠮ ᠨᠠᠷᠢᠨ ᠨᠢᠮᠪᠠᠶ ᠪᠠᠶᠢᠴᠠᠭᠠᠯᠲᠠ ᠬᠢᠵᠦ᠂ ᠠᠯᠳᠠᠰᠢ ᠭᠠᠷᠬᠤ ᠶᠢ ᠡᠷᠡᠰ ᠬᠤᠷᠢᠭᠯᠠᠨ᠂ ᠠᠰᠠᠭᠤᠳᠠᠯ ᠡᠭᠦᠰᠬᠦ ᠶᠢ ᠲᠠᠰᠤ ᠬᠤᠷᠢᠭᠯᠠᠵᠤ᠂ ᠪᠠᠭᠰᠢ ᠠᠵᠢᠯᠲᠠᠨ ᠠᠵᠢᠯᠴᠢᠨ ᠵᠢᠴᠢ ᠰᠤᠷᠤᠭᠴᠢᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠷᠡᠭᠦᠯ ᠮᠡᠨᠳᠦ ᠶᠢᠨ ᠠᠮᠤᠷ ᠲᠦᠪᠰᠢᠨ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃  
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ