ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ︾ ᠪᠣᠯᠤᠶ᠎ᠠ — ᠤᠯᠠᠭᠠᠨᠮᠥ᠋ᠴᠢᠷ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠨ᠎ᠠ
ᠨᠡᠶᠢᠲᠡᠯᠡᠭᠰᠡᠨ ᠴᠠᠭ᠄
2021/11/24
     ᠡᠪᠦᠯ ᠤᠨ ᠡᠬᠢᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠦᠸᠧᠽᠢ ᠰᠢᠶᠠᠨ ᠤ ᠯᠦᠸᠧ ᠵᠢᠶᠠ ᠶᠢᠩ ᠲᠣᠰᠬᠤᠨ ᠳᠤ᠂ ᠠᠭᠠᠷ ᠤᠨ ᠳᠤᠯᠠᠭᠠᠨ ᠲᠡᠭ ᠠᠴᠠ ᠳᠣᠷᠣᠭᠰᠢ ᠠᠷᠪᠠᠨ ᠬᠡᠳᠦᠨ ᠭᠷᠠᠳᠦ᠋ᠰ ᠲᠤ ᠬᠦᠷᠴᠡᠶ᠃ ᠤᠯᠠᠭᠠᠨᠮᠥ᠋ᠴᠢᠷ ᠲᠣᠭᠯᠠᠯᠲᠠ ᠭᠠᠷᠭᠠᠬᠤ ᠪᠠᠷ ᠢᠷᠡᠭᠰᠡᠨ ᠢ ᠰᠣᠨᠣᠰᠤᠭᠠᠳ᠂ 76 ᠨᠠᠰᠤᠲᠠᠢ ᠴᠢ ᠸᠧᠨ ᠶᠤᠸᠠᠨ ᠠᠯᠢ ᠡᠷᠲᠡ ᠬᠦᠷᠦᠯᠴᠡᠨ ᠢᠷᠡᠵᠠᠢ᠃  ᠲᠡᠷᠡ ᠰᠠᠨᠠᠭᠠᠴᠢᠯᠠᠭ᠎ᠠ ᠠᠴᠠ ᠪᠠᠨ ᠲᠠᠶᠢᠰᠠᠨ ᠳᠤ ᠭᠠᠷᠴᠤ᠂ ᠲᠣᠭᠯᠠᠭᠴᠢᠳ ᠲᠠᠢ ᠪᠠᠨ ᠬᠤᠣᠰᠯᠠᠨ ᠳᠠᠭᠤᠯᠠᠪᠠ᠃ ᠬᠡᠳᠦ᠋ᠢᠪᠡᠷ ᠲᠩᠷᠢ ᠬᠦᠢᠲᠡᠷᠡᠭᠰᠡᠨ ᠪᠣᠯᠪᠠᠴᠤ ᠲᠠᠶᠢᠰᠠᠨ ᠳᠡᠭᠡᠷ᠎ᠡ ᠬᠠᠩᠭᠢᠨᠠᠲᠠᠯ᠎ᠠ ᠳᠠᠭᠤᠯᠠᠵᠤ᠂ ᠲᠠᠶᠢᠰᠠᠨ ᠳᠣᠣᠷ᠎ᠠ ᠢᠳᠡᠪᠬᠢᠲᠡᠶ ᠪᠠᠷ  ᠬᠥᠳᠡᠯᠦᠯᠴᠡᠵᠦ᠂ ᠶᠡᠷᠦ ᠪᠤᠰᠤ ᠶᠢᠨ ᠬᠦᠷ ᠨᠠᠷᠭᠢᠶᠠᠨ ᠢᠶᠠᠷ ᠪᠢᠯᠬᠠᠨ᠎ᠠ᠃      ᠤᠯᠠᠭᠠᠨᠮᠥ᠋ᠴᠢᠷ ᠤᠨ ᠤᠤᠯ ᠤᠳᠬ᠎ᠠ ᠨᠢ ︽ᠤᠯᠠᠭᠠᠨ  ᠨᠠᠬᠢᠶ᠎ᠠ︾ ᠭᠡᠰᠡᠨ ᠤᠳᠬ᠎ᠠ ᠲᠠᠢ᠂ ᠬᠤᠵᠢᠮ ᠨᠢ ︽ᠬᠤᠪᠢᠰᠬᠠᠯᠲᠤ ᠤᠳᠬ᠎ᠠ ᠤᠷᠠᠯᠢᠭ ᠤᠨ ᠬᠦᠩᠬᠡᠨ ᠮᠣᠷᠢᠲᠤ ᠴᠡᠷᠢᠭ︾ ᠢᠶᠠᠷ ᠰᠢᠯᠵᠢᠭᠳᠡᠵᠦ᠂ ᠮᠠᠯᠵᠢᠬᠤ ᠣᠷᠣᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠨᠴᠠᠯᠢᠭ ᠲᠤ ᠵᠣᠬᠢᠴᠠᠭᠤᠯᠤᠨ ᠮᠡᠨᠳᠦᠯᠡᠭᠰᠡᠨ ᠦᠨᠳᠦᠰᠦᠨ ᠱᠠᠲᠤᠨ ᠤ ᠰᠣᠶᠣᠯ ᠤᠨ ᠠᠵᠢᠯᠯᠠᠬᠤ ᠠᠩᠬᠢ ᠪᠣᠯᠵᠠᠢ᠃ ᠡᠨᠡ ᠪᠣᠯ ᠮᠠᠯᠵᠢᠬᠤ ᠣᠷᠣᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠣᠨᠴᠠᠯᠢᠭ ᠲᠤ ᠲᠤᠬᠢᠷᠠᠵᠤ ᠮᠡᠨᠳᠦᠯᠡᠭᠰᠡᠨ ᠦᠨᠳᠦᠰᠦᠨ ᠱᠠᠲᠤᠨ ᠤ ᠰᠣᠶᠣᠯ ᠤᠨ ᠠᠵᠢᠯᠯᠠᠬᠤ ᠠᠩᠬᠢ ᠪᠣᠯᠤᠨ᠎ᠠ᠃ 1957 ᠣᠨ ᠳᠤ ᠠᠩᠬᠠᠳᠠᠭᠴᠢ ᠤᠯᠠᠭᠠᠨᠮᠥ᠋ᠴᠢᠷ ᠰᠥᠨᠢᠳ ᠪᠠᠷᠠᠭᠤᠨ ᠬᠤᠰᠢᠭᠤᠨ ᠳᠤ ᠪᠠᠶᠢᠭᠤᠯᠤᠭᠳᠠᠭᠰᠠᠨ ᠠᠴᠠ ᠨᠠᠰᠢ᠂ ᠦᠶ᠎ᠡ ᠦᠶ᠎ᠡ ᠶᠢᠨ ᠤᠯᠠᠭᠠᠨᠮᠥ᠋ᠴᠢᠷ ᠤᠨ ᠭᠡᠰᠢᠭᠦᠳ ᠰᠠᠯᠬᠢ ᠰᠢᠭᠤᠷᠭᠠᠨ ᠢ ᠰᠥᠷᠥᠨ᠂ ᠬᠦᠢᠲᠡᠨ ᠬᠠᠯᠠᠭᠤᠨ ᠢ ᠬᠠᠶᠢᠬᠤᠷᠤᠯ ᠥᠬᠡᠶ ᠪᠠᠷ ᠭᠤᠪᠢ᠂ ᠲᠠᠯ᠎ᠠ ᠨᠤᠲᠤᠭ ᠢᠶᠠᠷ ᠣᠷᠳᠣ ᠬᠤᠭᠤᠴᠠᠭ᠎ᠠ ᠪᠠᠷ ᠠᠶᠠᠯᠠᠨ ᠶᠠᠪᠤᠵᠤ᠂ ᠲᠩᠷᠢ ᠪᠠᠷ ᠬᠥᠰᠢᠭᠡ ᠪᠠᠨ ᠪᠣᠯᠭᠠᠨ᠂ ᠭᠠᠵᠠᠷ ᠢᠶᠠᠷ ᠲᠠᠶᠢᠰᠠᠨ ᠤ ᠲᠠᠪᠴᠠᠩ ᠪᠣᠯᠭᠠᠵᠤ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠨ ᠥᠭᠴᠦ᠂ ᠨᠠᠮ ᠤᠨ ᠲᠠᠭᠤᠨ ᠪᠠ ᠬᠠᠶᠢᠷ᠎ᠠ ᠬᠠᠯᠠᠮᠵᠢ ᠶᠢ ᠳᠠᠮᠵᠢᠭᠤᠯᠤᠭᠰᠠᠨ ᠪᠠᠶᠢᠨ᠎ᠠ᠃     2017 ᠣᠨ ᠤ 11 ᠰᠠᠷ᠎ᠠ ᠶᠢᠨ 21     ᠤ ᠡᠳᠦᠷ ᠰᠢ ᠶᠢᠨ ᠫᠢᠩ ᠶᠡᠷᠦᠩᠬᠡᠶ ᠱᠦᠵᠢ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠳᠠᠭᠠᠨ ᠵᠢᠭᠠᠵᠤ ᠭᠠᠷᠭᠠᠭᠰᠠᠨ ᠨᠢ᠄ ︽ᠰᠢᠨ᠎ᠡ ᠴᠠᠭ ᠦᠶ᠎ᠡ ᠳᠤ᠂ ᠲᠠᠨᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠠᠮᠢᠳᠤᠷᠠᠯ ᠤᠨ ᠦᠩ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ ᠲᠦᠮᠡᠨ ᠳᠤ ᠦᠢᠯᠡᠴᠢᠯᠡᠵᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠳᠤᠮᠳᠠ ᠥᠷᠭᠡᠵᠢᠭᠰᠡᠨ᠂ ᠤᠯᠠᠨ ᠲᠦᠮᠡᠨ ᠤ ᠳᠤᠮᠳᠠ ᠤᠯᠠᠮᠵᠢᠯᠠᠭᠳᠠᠭᠰᠠᠨ ᠰᠢᠯᠢᠳᠡᠭ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠥᠨᠢ ᠡᠭᠦᠷᠢᠳᠡ ᠲᠠᠯ᠎ᠠ ᠨᠤᠲᠤᠭ ᠤᠨ ︿ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ﹀ ᠪᠣᠯᠬᠤ ᠶᠢ ᠬᠦᠰᠡᠵᠦ ᠪᠠᠶᠢᠨ᠎ᠠ︾᠃     ︽ᠶᠡᠷᠦᠩᠬᠡᠢ ᠱᠦᠵᠢ ᠰᠢ ᠶᠢᠨ ᠫᠢᠩ ᠤ ᠬᠠᠷᠢᠭᠤ ᠵᠠᠬᠢᠳᠠᠯ ᠪᠢᠳᠡᠨ ᠳᠤ ᠲᠦᠢᠯ ᠤᠨ ᠶᠡᠭᠡ ᠵᠣᠷᠢᠭᠵᠢᠭᠤᠯᠤᠯ ᠪᠤᠯᠵᠤ᠂ ᠪᠢᠳᠡ ᠰᠢᠯᠢᠳᠡᠭ ᠤᠯᠠᠮᠵᠢᠯᠠᠯ ᠢᠶᠠᠨ ᠶᠡᠬᠡᠪᠡᠷ ᠪᠠᠳᠠᠷᠠᠭᠤᠯᠵᠤ᠂ ᠨᠠᠮ ᠤᠨ ᠲᠠᠭᠤᠨ ᠪᠣᠯᠤᠨ ᠬᠠᠯᠠᠮᠵᠢᠯᠠᠯ ᠢ ᠮᠠᠯᠴᠢᠨ ᠲᠠᠷᠢᠶᠠᠴᠢᠨ ᠤ ᠰᠡᠳᠬᠢᠯ ᠳᠤ ᠳᠠᠮᠵᠢᠭᠤᠯᠪᠠ︾᠃ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ ᠵᠠᠨᠠ᠂ ︽ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠢᠳᠡ 12 ᠮᠤᠵᠢ ᠣᠷᠣᠨ ᠳᠤ ︿ᠨᠠᠮ ᠳᠤ ᠪᠡᠯᠡᠭ ᠬᠦᠷᠭᠡᠶ᠎ᠡ · ᠠᠷᠠᠳ ᠲᠦᠮᠡᠨ ᠳᠤ ᠬᠠᠷᠢᠭᠤ ᠮᠡᠳᠡᠭᠦᠯᠦᠶ᠎ᠡ﹀ ᠭᠡᠬᠦ ᠭᠤᠣᠯ ᠰᠡᠳᠦᠪᠲᠦ 22 ᠲᠠᠯᠠᠪᠤᠷ ᠲᠣᠭᠤᠷᠢᠨ ᠲᠣᠭᠯᠠᠯᠲᠠ ᠥᠷᠨᠢᠭᠦᠯᠵᠦ᠂ ᠪᠠᠰᠠ ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠳᠤ 11 ᠲᠠᠯᠠᠪᠤᠷ ᠦᠵᠡᠭᠦᠯᠦᠯᠭᠡ ᠶᠢᠨ ᠲᠣᠭᠯᠠᠯᠲᠠ ᠭᠠᠷᠭᠠᠵᠠᠢ︾ ᠭᠡᠵᠦ ᠬᠡᠯᠡᠪᠡ᠃    ᠠᠮᠢᠳᠤᠷᠠᠯ ᠤᠨ ᠦᠩ ᠰᠢᠮᠡᠯᠢᠭ ᠬᠥᠷᠥᠰᠥᠨ ᠳᠤ ᠦᠨᠳᠦᠰᠦᠯᠡᠵᠦ᠂ ᠮᠠᠯᠴᠢᠨ ᠲᠠᠷᠢᠶᠠᠴᠢᠨ ᠳᠤ ᠦᠢᠯᠡᠴᠢᠯᠡᠬᠦ ᠳᠤ ᠤᠯᠠᠭᠠᠨᠮᠥ᠋ᠴᠢᠷ ᠤᠨ ᠠᠯᠬᠤᠭ᠎ᠠ ᠵᠣᠭᠰᠣᠯ ᠦᠭᠡᠢ ᠦᠷᠭᠦᠯᠵᠢᠯᠡᠵᠦ᠂ ᠤᠯᠠᠮᠵᠢᠯᠠᠯ ᠢᠶᠠᠨ ᠤᠷᠬᠢᠬᠤ ᠶᠢᠨ ᠬᠠᠮᠲᠤ ᠫᠷᠤᠭ᠍ᠷᠠᠮ ᠤᠨ ᠶᠠᠰᠤ ᠴᠢᠨᠠᠷ᠂ ᠤᠷᠠᠯᠢᠭ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢ ᠠᠬᠢᠭᠤᠯᠪᠠ᠃ ᠣᠳᠣᠬᠠᠨ ᠳᠤ᠂ ᠥᠪᠥᠷ ᠮᠣᠩᠭᠤᠯ ᠤᠨ ᠪᠦᠬᠦ ᠣᠷᠣᠨ ᠤ 75 ᠤᠯᠠᠭᠠᠨᠮᠥ᠋ᠴᠢᠷ᠂ 3500 ᠭᠠᠷᠤᠢ ᠭᠡᠰᠢᠭᠦᠳ ᠥᠷᠭᠡᠨ ᠠᠭᠤᠳᠠᠮ ᠲᠠᠯ᠎ᠠ ᠨᠤᠲᠤᠭ ᠲᠤ ᠢᠳᠡᠪᠬᠢᠲᠡᠢ ᠠᠵᠢᠯᠯᠠᠵᠤ᠂ ᠵᠢᠯ ᠪᠦᠷᠢ ᠮᠠᠯᠴᠢᠨ ᠲᠠᠷᠢᠶᠠᠴᠢᠨ ᠳᠤ ᠬᠡᠳᠦᠨ ᠮᠢᠩᠭᠠᠨ ᠲᠠᠯᠠᠪᠠᠢ ᠲᠣᠭᠯᠠᠯᠲᠠ ᠭᠠᠷᠭᠠᠬᠤ ᠶᠢᠨ ᠬᠠᠮᠲᠤ ᠤᠯᠠᠨ ᠲᠦᠷᠦᠯ ᠤᠨ ᠰᠣᠶᠣᠯ ᠤᠨ ᠦᠢᠯᠡᠴᠢᠯᠡᠭᠡ ᠶᠢ ᠥᠷᠨᠢᠭᠦᠯᠵᠦ ᠪᠤᠢ᠃     ︽ᠨᠡᠷᠡᠨ ᠠᠭᠤᠯᠠ ᠶᠢ ᠤᠨᠤᠵᠤ᠂ ᠡᠬᠡ ᠭᠠᠵᠠᠷ ᠤᠨ ᠨᠠᠭᠤᠷ ᠴᠥᠭᠦᠷᠥᠮ ᠢ ᠤᠮᠳᠠᠯᠠᠨ᠎ᠠ᠂ ᠠᠮᠤᠷ ᠠᠮᠤᠭᠤᠯᠠᠩ ᠴᠠᠭ ᠦᠶ᠎ᠡ ᠳᠤ ᠵᠣᠯ ᠵᠢᠷᠭᠠᠯᠲᠤ ᠠᠮᠢᠳᠤᠷᠠᠯ ᠢ ᠤᠭᠲᠤᠨ ᠠᠪᠴᠢᠷᠠᠯ᠎ᠠ ᠁︾ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤᠨ ᠤ ᠬᠠᠲᠤᠪᠴᠢ ᠭᠠᠴᠠᠭᠠᠨ ᠤ ᠰᠣᠶᠣᠯ ᠤᠨ ᠠᠵᠢᠯᠯᠠᠭ᠎ᠠ ᠶᠢᠨ ᠥᠷᠥᠭᠡᠨ ᠳᠤ ᠬᠥᠭᠵᠢᠮ ᠤᠨ ᠲᠠᠭᠤᠨ ᠬᠠᠩᠭᠢᠨᠠᠲᠠᠯ᠎ᠠ ᠳᠠᠭᠤᠷᠢᠰᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤᠨ ᠤ ᠬᠠᠲᠤᠪᠴᠢ ᠭᠠᠴᠠᠭᠠᠨ ᠤ ᠰᠣᠶᠣᠯ ᠤᠨ ᠠᠵᠢᠯᠯᠠᠭ᠎ᠠ ᠶᠢᠨ ᠥᠷᠥᠭᠡᠨ ᠳᠤ ᠶᠠᠲᠤᠭ᠎ᠠ ᠶᠢᠨ ᠲᠠᠭᠤᠨ ᠬᠠᠩᠭᠢᠨᠠᠲᠠᠯ᠎ᠠ ᠳᠠᠭᠤᠷᠢᠰᠤᠨ᠎ᠠ᠂ ︽ᠠᠮᠣᠭᠤᠯᠠᠩ︾ ᠨᠢ ᠲᠤᠬᠠᠶ ᠶᠢᠨ ᠲᠠᠯᠠᠪᠠᠶ ᠶᠢᠨ ᠦᠵᠡᠭᠴᠢᠳ ᠤᠨ ᠰᠡᠳᠬᠢᠯ ᠢ ᠰᠣᠭᠲᠣᠭᠤᠷᠠᠭᠤᠯᠤᠮ᠎ᠠ ᠰᠣᠨᠣᠰᠳᠠᠵᠤ ᠪᠠᠶᠢᠯ᠎ᠠ᠃ ᠲᠣᠭᠯᠠᠯᠲᠠ ᠶᠢᠨ ᠸᠢᠳᠢᠣ᠋ ᠪᠠᠰᠠ ᠰᠦᠯᠵᠢᠶᠡᠨ ᠳᠡᠭᠡᠷ᠎ᠡ ᠨᠡᠷ᠎ᠡ ᠮᠠᠨᠳᠤᠵᠤ᠂ ᠰᠠᠶᠢᠨ ᠦᠨᠡᠯᠡᠯᠲᠡ ᠶᠢ ᠥᠷᠭᠡᠨ ᠢᠶᠠᠷ ᠣᠯᠵᠠᠢ᠃     ︽ᠡᠨᠡ ᠳᠠᠭᠤᠤ ᠶᠢᠨ ᠠᠶ᠎ᠠ ᠵᠣᠬᠢᠶᠠᠬᠤ ᠠᠶ᠎ᠠ ᠨᠠᠶᠢᠷᠠᠭᠤᠯᠬᠤ ᠶᠢ ᠴᠥᠮ ᠵᠠᠯᠠᠭᠤ ᠭᠡᠰᠢᠭᠦᠳ ᠪᠡᠶᠡᠯᠡᠭᠦᠯᠵᠦ᠂ ᠴᠠᠭ ᠦᠶ᠎ᠡ ᠶᠢᠨ ᠭᠤᠣᠯ ᠰᠡᠳᠦᠪ ᠢ ᠲᠤᠰᠬᠠᠵᠤ᠂ ᠦᠨᠳᠦᠰᠦᠲᠡᠨ ᠤ ᠣᠨᠴᠠᠯᠢᠭ ᠢ ᠢᠯᠡᠷᠡᠭᠦᠯᠦᠭᠰᠡᠨ ᠢᠶᠠᠷ ᠪᠠᠷᠠᠬᠤ ᠦᠭᠡᠶ ᠪᠠᠰᠠ ᠮᠠᠰᠢ ᠣᠯᠠᠨ ᠵᠠᠯᠠᠭᠤᠴᠤᠳ ᠤᠨ ᠪᠠᠭ᠋ᠠᠷᠬᠠᠳᠠᠭ ᠳᠡᠯᠭᠡᠷᠡᠮᠡᠯ ᠡᠯᠧᠮᠧᠨ᠋ᠲ ᠢ ᠠᠭᠤᠰᠬᠠᠭᠰᠠᠨ ᠪᠠᠶᠢᠨ᠎ᠠ︾᠃ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠤᠨ ᠬᠠᠷᠢᠭᠤᠴᠠᠯᠭᠠᠲᠠᠨ ᠵᠠᠩ ᠰᠢᠤᠸᠠᠢ ᡁᠢ ᠬᠡᠯᠡᠪᠡ᠃     ᠤᠢᠢᠷ᠎ᠠ ᠶᠢᠨ ᠵᠢᠯ ᠤᠨ ᠲᠤᠷᠰᠢ᠂ ᠪᠦᠬᠦ ᠣᠷᠣᠨ ᠤ ᠤᠯᠠᠭᠠᠨᠮᠥ᠋ᠴᠢᠷ ᠤᠨ ᠵᠢᠯ ᠪᠦᠷᠢ ᠶᠢᠨ ᠰᠢᠨ᠎ᠡ ᠪᠠᠷ ᠵᠣᠬᠢᠶᠠᠨ ᠪᠦᠲᠦᠭᠡᠭᠰᠡᠨ ᠪᠦᠲᠦᠭᠡᠯ 300 ᠭᠠᠷᠤᠢ ᠪᠠᠶᠢᠵᠤ᠂ ᠤᠯᠠᠨ ᠲᠦᠮᠡᠨ ᠤ ᠳᠤᠮᠳᠠ ᠤᠢᠢᠷᠠᠳᠤᠭᠰᠠᠨ᠂ ᠤᠯᠠᠨ ᠲᠦᠮᠡᠨ ᠤ ᠳᠤᠮᠳᠠ ᠤᠯᠠᠮᠵᠢᠯᠠᠭᠳᠠᠭᠰᠠᠨ᠂ ᠦᠯᠡᠳᠡᠵᠦ ᠬᠤᠴᠣᠷᠤᠭᠰᠠᠨ ᠨᠢᠭᠡ ᠪᠦᠯᠦᠭ ᠰᠢᠯᠢᠳᠡᠭ ᠪᠦᠲᠦᠭᠡᠯ ᠴᠣᠯᠭᠤᠷᠠᠨ ᠭᠠᠷᠴᠠᠢ᠃        ᠳᠦᠷᠢᠮᠵᠢᠭᠦᠯᠬᠦ ᠪᠠᠶᠢᠭᠤᠯᠤᠯᠲᠠ ᠪᠠᠷ ᠠᠷᠠᠳ ᠲᠤ ᠦᠢᠯᠡᠴᠢᠯᠡᠬᠦ ᠠᠵᠢᠯ ᠤᠨ ᠲᠦᠪᠰᠢᠨ ᠢ ᠳᠡᠭᠡᠭᠰᠢᠯᠡᠭᠦᠯᠬᠦ ᠪᠣᠯ ᠥᠪᠥᠷ ᠮᠣᠩᠭᠤᠯ ᠤᠨ ᠤᠯᠠᠭᠠᠨᠮᠥ᠋ᠴᠢᠷ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠬᠤ ᠶᠢᠨ ᠪᠠᠰᠠ ᠨᠢᠭᠡᠨ ᠴᠢᠬᠤᠯᠠ ᠬᠦᠴᠦᠯᠡᠬᠦ ᠴᠡᠭ ᠪᠣᠯᠤᠨ᠎ᠠ᠃     ︽ᠦᠨᠳᠦᠰᠦᠨ ᠱᠠᠲᠤᠨ ᠤ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂  ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠪᠢᠳᠡ ᠦᠨᠳᠦᠰᠦᠨ ᠱᠠᠲᠤᠨ ᠤ  ᠦᠢᠯᠡᠴᠢᠯᠡᠭᠡᠨ ᠤ ᠲᠥᠷᠥᠯ  ᠵᠦᠢᠯᠴᠢᠯᠡᠯᠲᠡ ᠰᠢᠰᠲ᠋ᠧᠮᠵᠢᠯᠲᠡ ᠵᠣᠬᠢᠶᠠᠨ ᠪᠠᠶᠢᠭᠤᠯᠤᠯᠲᠠᠵᠢᠯᠲᠠ ᠶᠢ ᠳᠥᠯᠭᠢᠨ ᠠᠬᠢᠭᠤᠯᠵᠤ᠂ ᠡᠯ᠎ᠡ ᠵᠦᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠯᠠᠭᠠᠨᠮᠥ᠋ᠴᠢᠷ ᠤᠨ  ᠦᠢᠯᠡᠴᠢᠯᠡᠭᠡ ᠥᠷᠨᠢᠭᠦᠯᠬᠦ ᠶᠢ ᠲᠥᠯᠥᠪᠵᠢᠭᠦᠯᠭᠡ ᠲᠠᠢ᠂ ᠵᠣᠬᠢᠶᠠᠨ ᠪᠠᠶᠢᠭᠤᠯᠤᠯᠲᠠ ᠲᠠᠢ᠂ ᠬᠠᠨᠳᠤᠯᠭᠠᠲᠤ ᠴᠢᠨᠠᠷᠲᠠᠶ ᠪᠠᠷ ᠳᠥᠯᠭᠢᠨ ᠠᠬᠢᠭᠤᠯᠪᠠ︾᠃ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠤᠬᠠᠭᠤᠯᠬᠤ ᠬᠡᠯᠲᠡᠰ ᠤᠨ ᠤᠳᠬ᠎ᠠ ᠤᠷᠠᠯᠢᠭ ᠤᠨ ᠭᠠᠵᠠᠷ ᠤᠨ ᠳᠠᠷᠤᠭ᠎ᠠ ᠤᠶᠤᠨᠭᠡᠷᠡᠯ ᠬᠡᠯᠡᠪᠡ᠃     ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠬᠦᠴᠦᠨ ᠢ ᠳᠠᠶᠢᠴᠢᠯᠠᠨ᠂ ᠥᠪᠥᠷ ᠮᠣᠩᠭᠤᠯ 300 ᠰᠢᠬᠠᠮ ᠤᠯᠠᠭᠠᠨᠮᠥ᠋ᠴᠢᠷ ᠤᠨ  ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ ᠮᠠᠯᠵᠢᠬᠤ ᠲᠠᠷᠢᠶᠠᠯᠠᠬᠤ ᠣᠷᠣᠨ᠂ ᠪᠤᠶᠢᠳᠠ ᠪᠥᠭᠯᠡᠭᠦᠤ ᠭᠠᠵᠠᠷ ᠣᠷᠣᠨ᠂ ᠣᠯᠠᠨ ᠨᠡᠶᠢᠲᠡ ᠶᠢᠨ ᠰᠣᠶᠣᠯ ᠤᠨ  ᠦᠢᠯᠡᠴᠢᠯᠡᠭᠡ ᠪᠠᠷ ᠪᠠᠭᠤᠷᠠᠶ ᠭᠠᠵᠠᠷ ᠣᠷᠣᠨ ᠤ ᠲᠣᠰᠬᠤᠨ ︵ᠭᠠᠴᠠᠭ᠎ᠠ︶ ᠳᠤ ᠭᠦᠨᠵᠡᠭᠡᠶᠢᠷᠡᠭᠦᠯᠦᠨ᠂ ︽ᠤᠯᠠᠭᠠᠨᠮᠥ᠋ᠴᠢᠷ +︾ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠨᠢᠭᠤᠷᠲᠠᠨ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ ᠬᠠᠪᠰᠤᠷᠤᠨ ᠵᠢᠯᠣᠭᠤᠳᠣᠯᠭ᠎ᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠬᠥᠳᠡᠭᠡ ᠶᠢᠨ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠵᠡᠷᠭᠡ  ᠦᠢᠯᠡᠴᠢᠯᠡᠭᠡ ᠶᠢ ᠥᠷᠨᠢᠭᠦᠯᠵᠦ᠂ ᠵᠢᠯ ᠪᠦᠷᠢ 3000 ᠭᠠᠷᠤᠶ ᠲᠠᠯᠠᠪᠤᠷ ᠤᠳᠠᠭ᠎ᠠ ᠳᠤ ᠬᠦᠷᠭᠡᠵᠦ ᠪᠠᠶᠢᠨ᠎ᠠ᠃     ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠰᠠᠨᠠᠯ ᠢ ᠨᠡᠶᠢᠲᠡᠯᠡᠭᠰᠡᠨ ᠠᠴᠠ ᠤᠯᠠᠭᠠᠨᠮᠥ᠋ᠴᠢᠷ ᠤᠨ ᠲᠦᠷᠢᠮ ᠢ ᠲᠣᠭᠲᠠᠭᠠᠬᠤ ᠬᠦᠷᠲᠡᠯ᠎ᠡ᠂ ᠥᠪᠥᠷ ᠮᠣᠩᠭᠤᠯ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠤᠯᠠᠭᠠᠨᠮᠥ᠋ᠴᠢᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃     ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠲᠤᠰᠬᠠᠢ ᠵᠠᠷᠤᠳᠠᠯ ᠢ ᠲᠤᠬᠢᠷᠠᠭᠤᠯᠵᠤ᠂ ᠤᠯᠠᠭᠠᠨᠮᠥ᠋ᠴᠢᠷ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠪᠠᠷᠢᠮᠵᠢᠶᠠᠵᠢᠭᠤᠯᠬᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠪᠠᠷᠢᠮᠵᠢᠶ᠎ᠠ ᠳᠤ ᠬᠦᠷᠭᠡᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯᠳᠠᠨ ᠤ ᠶᠠᠪᠤᠳᠠᠯ ᠤᠨ ᠴᠠᠯᠢᠩ ᠬᠥᠯᠥᠰᠥ ᠶᠢᠨ ᠬᠠᠮᠢᠶᠠᠷᠤᠯᠲᠠ ᠶᠢ ᠰᠠᠶᠢᠵᠢᠷᠠᠭᠤᠯᠪᠠ ᠁ ᠠᠯᠢ ᠤᠯᠠᠨ ᠠᠷᠭ᠎ᠠ ᠬᠡᠮᠵᠢᠶ᠎ᠡ ᠨᠢ ᠤᠯᠠᠭᠠᠨᠮᠥ᠋ᠴᠢᠷ ᠤᠨ ᠡᠭᠦᠷᠭᠡ ᠴᠢᠳᠠᠪᠬᠢ ᠪᠠᠨ ᠭᠦᠢᠴᠡᠳ ᠭᠦᠢᠴᠡᠳᠬᠡᠬᠦ ᠳᠤ ᠬᠦᠴᠦᠨ ᠨᠡᠮᠡᠷᠢᠯᠡᠵᠡᠢ᠃ ᠡᠨᠡ ᠵᠢᠯ ᠤᠨ 10 ᠰᠠᠷ᠎ᠠ ᠪᠣᠯᠲᠠᠯ᠎ᠠ᠂ ᠪᠥᠬᠦ ᠣᠷᠣᠨ ᠨᠡᠶᠢᠲᠡ 3.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠳᠤ ᠬᠥᠷᠬᠦ ᠪᠥᠲᠥᠭᠡᠨ ᠪᠠᠶᠢᠭᠤᠯᠤᠯᠲᠠ ᠳᠤ ᠬᠡᠷᠡᠭᠯᠡᠪᠡ᠃     ᠨᠢᠳᠤᠨᠤᠨ᠂ ᠬᠤᠷᠢᠨ ᠲᠠᠪᠤᠲᠠᠢ ︽ᠭᠠᠳᠠᠭᠠᠳᠤ ᠠᠴᠠ ᠪᠤᠴᠠᠵᠤ ᠢᠷᠡᠭᠰᠡᠨ︾ ᠥᠬᠢᠨ ᠮᠧᠢ ᠯᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠲᠤ ᠰᠢᠯᠭᠠᠨ ᠣᠷᠣᠪᠠ᠃  ︽ᠣᠳᠣᠬᠠᠨ ᠤ ᠲᠣᠭᠯᠠᠯᠲᠠ ᠶᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ᠂ ᠡᠯ᠎ᠡ ᠲᠠᠯ᠎ᠠ ᠶᠢᠨ ᠪᠠᠲᠤᠯᠠᠭ᠎ᠠ ᠴᠤ ᠤᠯᠠᠮ ᠠᠴᠠ ᠤᠯᠠᠮ ᠨᠠᠶᠢᠳᠠᠪᠤᠷᠢᠵᠢᠵᠤ ᠪᠠᠶᠢᠨ᠎ᠠ︾᠃ ᠲᠡᠷᠡ᠄ ︽ᠢᠷᠡᠭᠡᠳᠦᠢ ᠶᠢᠨ ᠬᠥᠭᠵᠢᠯᠲᠡ ᠳᠤ ᠪᠢ ᠢᠲᠡᠭᠡᠯ ᠲᠡᠭᠦᠯᠳᠡᠷ ᠪᠠᠶᠢᠨ᠎ᠠ︾ ᠭᠡᠵᠦ ᠬᠡᠯᠡᠪᠡ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ