ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ ᠬᠠᠬᠢᠷ ᠡᠪᠦᠯ ᠳᠤ ᠬᠠᠶᠢᠷ᠎ᠠ ᠬᠠᠯᠠᠮᠵᠢ ᠬᠦᠷᠭᠡᠨ᠎ᠡ — ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ︽ᠪᠠᠶᠠᠷ ᠪᠠᠶᠠᠰᠤᠯ ᠢ ᠬᠦᠷᠭᠡᠬᠦ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/11/24
   11 ᠰᠠᠷ᠎ᠠ ᠶᠢᠨ ᠵᠠᠯᠠᠨ ᠠᠶᠢᠯ ᠴᠠᠰᠤ ᠮᠥᠰᠥᠨ ᠳᠤ ᠬᠤᠴᠢᠭᠳᠠᠭᠰᠠᠨ ᠪᠣᠯᠪᠠᠴᠤ ᠵᠠᠷᠢᠮ ᠬᠦᠴᠢᠷᠳᠡᠯ ᠲᠠᠢ ᠣᠯᠠᠨ ᠲᠦᠮᠡᠨ ᠪᠣᠯᠤᠨ ᠠᠬᠠᠮᠠᠳ ᠨᠠᠮ ᠤᠨ ᠭᠡᠰᠢᠭᠦᠳ ᠤᠨ ᠬᠡᠷ ᠲᠤ ᠬᠠᠷᠢᠨ ᠤᠷᠢᠬᠠᠨ ᠬᠠᠪᠤᠷ ᠰᠢᠭ᠋ ᠳᠤᠯᠠᠭᠠᠬᠠᠨ ᠪᠠᠶᠢᠯ᠎ᠠ᠂ ᠤᠤᠯ ᠨᠢ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠢᠷᠡᠭᠰᠡᠨ ᠪᠠᠶᠢᠯ᠎ᠠ︕ ᠣᠶᠢᠷ᠎ᠠ ᠳᠤ᠂ ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠤᠨ ᠬᠢᠨ ︽ᠪᠠᠶᠠᠷ ᠪᠠᠶᠠᠰᠤᠯ ᠢ ᠬᠦᠷᠭᠡᠬᠦ᠂ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠤ  ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠂ ᠠᠮᠢᠳᠤ ᠴᠣᠪᠣᠭᠤᠯᠢᠭ ᠲᠣᠭᠯᠠᠯᠲᠠ ᠪᠠᠷ ᠣᠯᠠᠨ ᠳᠤ ᠪᠠᠶᠠᠷ ᠪᠠᠶᠠᠰᠤᠯ ᠪᠠ ᠪᠣᠯᠪᠠᠰᠤᠨ ᠢ ᠬᠦᠷᠭᠡᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ  ᠬᠦᠷᠭᠡᠪᠡ᠃     ᠤᠯᠠᠭᠠᠨᠮᠥ᠋ᠴᠢᠷ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠰᠠᠯᠪᠤᠷᠢ ᠪᠠᠭ᠎ᠠ ᠠᠩᠬᠢ ᠶᠢᠨ ᠬᠢᠨ ᠡᠷᠲᠡ ᠠᠴᠠ ᠮᠣᠷᠳᠠᠵᠤ᠂ ᠳᠡᠳᠡ ᠲᠣᠬᠤᠨᠢᠭᠤᠯᠬᠤ ᠪᠣᠳᠠᠰ ᠠᠪᠴᠤ ᠬᠦᠴᠢᠷᠳᠡᠯᠲᠡᠢ ᠤᠯᠠᠨ ᠲᠦᠮᠡᠨ ᠪᠣᠯᠤᠨ ᠠᠬᠠᠮᠠᠳ ᠨᠠᠮ ᠤᠨ ᠭᠡᠰᠢᠭᠦᠨ ᠤ ᠭᠡᠷ ᠲᠤ ᠢᠷᠡᠵᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠪᠠ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠳᠡᠳᠡᠨ ᠲᠠᠢ ᠵᠣᠭᠤᠭᠳᠠᠨ ᠵᠣᠭᠤᠭᠳᠠᠵᠤ᠂ ᠪᠣᠳᠠᠲᠠᠢ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠪᠡ᠃     ᠲᠡᠳᠡ  ᠬᠠᠩᠭᠢᠨᠠᠮ᠎ᠠ ᠬᠤᠭᠤᠯᠠᠶ᠂ ᠢᠷᠠᠭᠤ ᠰᠠᠶᠢᠬᠠᠨ ᠪᠥᠵᠢᠭ ᠤᠨ ᠲᠦᠷᠢ᠂ ᠢᠷᠠᠭᠤ ᠰᠠᠶᠢᠬᠠᠨ ᠮᠤᠷᠢᠨ ᠬᠤᠭᠤᠷ ᠢᠶᠠᠷ ᠢᠶᠠᠨ ᠤᠯᠠᠨ ᠳᠤ ᠪᠠᠶᠠᠷ ᠪᠠᠶᠠᠰᠤᠯ ᠬᠦᠷᠭᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠪᠠᠶᠠᠯᠢᠭ ᠰᠠᠶᠢᠬᠠᠨ ᠰᠣᠶᠣᠯ ᠤᠨ ᠦᠢᠯᠡᠴᠢᠯᠡᠭᠡ ᠶᠢ ᠤᠯᠠᠨ ᠲᠦᠮᠡᠨ ᠤ ᠬᠠᠵᠠᠭᠤ ᠳᠤ ᠬᠦᠷᠭᠡᠪᠡ᠃     ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠠᠴᠠ ᠨᠠᠮ ᠤᠨ ᠳᠠᠭᠤᠨ ᠪᠣᠯᠤᠨ ᠬᠠᠶᠢᠷ᠎ᠠ ᠬᠠᠯᠠᠮᠵᠢ ᠶᠢ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠣᠯᠭᠠᠨ ᠣᠯᠠᠨ ᠤ ᠡᠮᠦᠨ᠎ᠡ ᠳᠡᠯᠭᠡᠨ ᠦᠵᠡᠭᠦᠯᠵᠦ᠂ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠤᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠡᠷᠡᠰ ᠭᠤᠶᠢᠪᠢᠰᠢ ᠥᠬᠡᠶ  ᠭᠦᠢᠴᠡᠳᠭᠡᠵᠦ᠂ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢᠨ ᠤᠯᠠᠮᠵᠢᠯᠠᠭᠴᠢ ᠪᠣᠯᠬᠤ ᠪᠠᠷ ᠴᠢᠷᠮᠠᠶᠢᠵᠤ᠂ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠠᠷᠢᠮᠲᠠᠯᠠᠨ᠂ ᠦᠨᠳᠦᠰᠦᠨ ᠱᠠᠲᠤᠨ ᠳᠤ  ᠦᠢᠯᠡᠴᠢᠯᠡᠵᠦ᠂ ᠠᠷᠠᠳ ᠣᠯᠠᠨ ᠳᠤ  ᠦᠢᠯᠡᠴᠢᠯᠡᠨ᠂ ᠬᠠᠮᠤᠭ ᠤᠨ ᠰᠠᠶᠢᠨ ᠪᠦᠲᠦᠭᠡᠯ ᠢᠶᠠᠨ ᠦᠨᠳᠦᠰᠦᠨ ᠱᠠᠲᠤᠨ ᠤ ᠣᠯᠠᠨ ᠲᠦᠮᠡᠨ ᠳᠤ ᠡᠷᠭᠦᠵᠦ᠂ ᠤᠯᠠᠭᠠᠨᠮᠥ᠋ᠴᠢᠷ ᠤᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠬᠤ ᠬᠡᠷᠡᠭᠲᠡᠶ᠃
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠤᠷᠳᠣᠨ