— ᠶᠠᠭᠰᠢ ᠬᠤᠲᠠ ᠶᠢᠨ ᠬᠦᠳᠦᠷ ᠪᠠᠯᠭᠠᠰᠤ ᠶᠢᠨ ᠴᠢᠴᠠᠷᠭᠠᠨ᠎ᠠ ᠶᠢᠨ ᠠᠵᠤ ᠦᠢᠯᠡᠰ ᠢ ᠶᠡᠭᠡ ᠪᠠᠷ | ᠬᠦᠭᠵᠢᠬᠦᠯᠵᠦ ᠪᠠᠶᠢᠨ᠎ᠠ | | 10 ᠰᠠᠷ᠎ᠠ ᠶᠢᠨ ᠳᠤᠮᠳᠠᠴᠢ ᠪᠠᠷ᠂ ᠶᠠᠭᠰᠢ ᠬᠤᠲᠠ ᠶᠢᠨ ᠬᠦᠳᠦᠷ ᠪᠠᠯᠭᠠᠰᠤ ᠶᠢᠨ ᠺᠦ᠋ ᠶᠤᠸᠠᠨ ᠨᠡᠶᠢᠭᠡᠮ | ᠲᠣᠭᠤᠷᠢᠭ ᠤᠨ ᠵᠠᠭᠤᠨ ᠮᠥ ᠴᠢᠴᠠᠷᠭᠠᠨ᠎ᠠ ᠶᠢᠨ ᠣᠶ ᠳᠤ ᠣᠷᠣᠬᠤ ᠳᠤ᠂ ᠵᠢᠭᠳᠡᠷᠡᠭᠰᠡᠨ ᠴᠢᠴᠠᠷᠭᠠᠨ᠎ᠠ ᠶᠢᠨ ᠮᠣᠳᠣ | ᠰᠠᠯᠬᠢᠨ ᠤ ᠠᠶ᠎ᠠ ᠪᠠᠷ ᠨᠠᠶᠢᠭᠤᠵᠤ᠂ ᠰᠠᠯᠠᠭ᠎ᠠ ᠨᠠᠮᠠᠭ᠎ᠠ ᠪᠠᠷ ᠳᠦᠭᠦᠷᠡᠩ ᠴᠢᠴᠠᠷᠭᠠᠨ᠎ᠠ ᠶᠢᠨ ᠵᠢᠮᠢᠰ ᠤᠳ ᠨᠠᠮᠤᠷ ᠤᠨ | ᠳᠤᠯᠠᠭᠠᠨ ᠨᠠᠷᠠᠨ ᠳᠤ᠂ ᠬᠦᠮᠦᠰ ᠢ ᠰᠤᠭᠲᠤᠭᠤᠷᠠᠭᠤᠯᠤᠮᠠ ᠨᠠᠮᠤᠷ ᠤᠨ ᠤᠯᠠᠷᠢᠯ ᠤᠨ ᠦᠵᠡᠮᠵᠢ ᠪᠤᠯᠪᠡ᠃ ᠤᠮᠠᠷᠠᠲᠤ | ᠥᠷᠭᠡᠷᠢᠭ ᠤᠨ 50 ᠭᠷᠠᠳᠦ᠋ᠰ ᠤᠨ ︽ᠰᠢᠵᠢᠷ ᠠᠯᠳᠠᠨ︾ ᠥᠷᠭᠡᠷᠢᠭ ᠲᠤ ᠪᠠᠶᠢᠷᠢᠰᠢᠭ᠎ᠠ ᠶᠠᠭᠰᠢ ᠬᠤᠳᠠ ᠶᠢᠨ | ᠬᠦᠳᠦᠷ ᠪᠠᠯᠭᠠᠰᠤ ᠴᠢᠴᠠᠷᠭᠠᠨ᠎ᠠ ᠶᠢᠨ ᠠᠵᠤ ᠦᠢᠯᠡᠰ ᠢ ᠬᠥᠭᠵᠢᠭᠦᠯᠬᠦ ᠳᠤ ᠪᠠᠶᠢᠭᠠᠯᠢ ᠶᠢᠨ ᠨᠦᠬᠦᠴᠡᠯ ᠲᠠᠢ ᠪᠠᠶᠢᠵᠤ᠂ | ᠲᠤᠰ ᠠᠵᠤ ᠦᠢᠯᠡᠰ ᠢ ᠠᠮᠢ ᠠᠬᠤᠢ ᠶᠢᠨ ᠡᠬᠢ ᠪᠠᠶᠠᠯᠢᠭ ᠲᠤ ᠲᠥᠰᠢᠭᠯᠡᠬᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠭᠤᠣᠯᠯᠠᠬᠤ ᠠᠵᠤ ᠦᠢᠯᠡᠰ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ | ᠳᠠᠪᠠᠭᠤᠯᠢᠭ ᠪᠣᠯᠭᠠᠨ ᠬᠤᠪᠢᠷᠠᠭᠤᠯᠬᠤ ᠶᠢ ᠪᠡᠶᠡᠯᠡᠭᠦᠯᠵᠦ᠂ ᠮᠦᠨ ᠴᠤ ᠲᠤᠬᠠᠢ ᠶᠢᠨ ᠭᠠᠵᠠᠷ ᠤᠨ ᠤᠯᠠᠨ ᠲᠦᠮᠡᠨ ᠤ | ᠣᠷᠣᠯᠭ᠎ᠠ ᠪᠠᠨ ᠨᠡᠮᠡᠭᠳᠡᠭᠦᠯᠵᠦ ᠪᠠᠶᠠᠵᠢᠨ ᠴᠢᠨᠡᠭᠡᠯᠢᠭᠵᠢᠬᠦ ᠰᠢᠨ᠎ᠡ ᠠᠵᠤ ᠦᠢᠯᠡᠰ ᠪᠣᠯᠭᠠᠪᠠ᠃ | | ᠨᠠᠮᠤᠷ ᠤᠨ ᠨᠡᠷᠡᠨ ᠳᠤ ᠲᠣᠰᠬᠤᠨ ᠤ ᠠᠷᠠᠳ ᠲᠠᠪᠤ ᠭᠤᠷᠪᠠ ᠪᠠᠷ ᠶᠢᠨ ᠴᠢᠴᠠᠷᠭᠠᠨ᠎ᠠ ᠶᠢᠨ ᠤᠢ ᠪᠠᠷ | ᠰᠦᠯᠵᠢᠯᠳᠦᠵᠦ᠂ ᠰᠠᠯᠠᠭ᠎ᠠ ᠬᠠᠶᠢᠴᠢᠯᠠᠵᠤ᠂ ᠵᠢᠮᠢᠰ ᠲᠡᠭᠦᠵᠦ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠣᠯᠠᠨ ᠤ | ᠨᠢᠭᠤᠷ ᠴᠢᠷᠠᠢ ᠳᠤ ᠲᠤᠳᠤᠷᠠᠨ᠎ᠠ᠃ ᠴᠢᠴᠠᠷᠭᠠᠨ᠎ᠠ ᠲᠦᠷᠪᠡᠳᠦᠭᠡᠷ ᠵᠢᠯ ᠠᠴᠠ ᠵᠢᠮᠢᠰᠯᠠᠵᠦ᠂ 5 — 7 ᠵᠢᠯ | ᠵᠠᠯᠭᠠᠭᠠᠳ ᠵᠢᠮᠢᠰᠯᠡᠳᠡᠭ᠃ ᠡᠨᠡ ᠵᠢᠯ ᠪᠣᠯ ᠬᠦᠳᠦᠷ ᠪᠠᠯᠭᠠᠰᠤᠨ ᠤ ᠴᠢᠴᠠᠷᠭᠠᠨ᠎ᠠ ᠵᠠᠶᠢᠯᠠᠭᠰᠠᠨ ᠲᠠᠪᠤᠳᠤᠭᠠᠷ ᠵᠢᠯ | ᠪᠣᠯᠤᠨ᠎ᠠ᠂ ᠣᠯᠠᠨ ᠵᠢᠯ ᠤᠨ ᠨᠠᠷᠢᠨ ᠨᠢᠮᠪᠠᠶ ᠪᠤᠶᠢᠵᠢᠭᠤᠯᠤᠯᠲᠠ ᠪᠠ ᠠᠷᠠᠴᠢᠯᠠᠯᠲᠠ ᠪᠠᠷ ᠴᠢᠴᠠᠷᠭᠠᠨ᠎ᠠ ᠨᠢ ᠵᠢᠮᠢᠰᠯᠡᠬᠦ | ᠬᠤᠭᠤᠴᠠᠭᠠᠨ ᠳᠤ ᠣᠷᠣᠪᠠ᠃ ᠡᠨᠡ ᠵᠢᠯ 70 ᠨᠠᠰᠤᠲᠠᠶ ᠬᠦᠳᠦᠷ ᠪᠠᠯᠭᠠᠰᠤᠨ ᠤ ᠰᠠᠭᠤᠭᠠᠯᠢ ᠠᠷᠠᠳ ᠫᠦ᠋ ᠵᠢᠦ ᠸᠧᠨ | ᠄ ︽ᠴᠢᠴᠠᠷᠭᠠᠨ᠎ᠠ ᠶᠢᠨ ᠮᠣᠳᠣ ᠲᠠᠷᠢᠭᠠᠳ ᠨᠢᠭᠡᠨᠲᠡ ᠲᠠᠪᠤᠳᠤᠭᠠᠷ ᠵᠢᠯ ᠪᠣᠯᠪᠠ᠂ ᠡᠨᠡ ᠵᠢᠯ ᠤᠨ ᠬᠤᠷᠢᠶᠠᠯᠲᠠ | ᠨᠡᠯᠢᠶᠡᠳ ᠰᠠᠶᠢᠨ᠂ ᠪᠢᠳᠡᠨ ᠤ ᠰᠠᠶᠢᠨ ᠠᠵᠤ ᠠᠬᠤᠢ ᠶᠢᠨ ᠦᠷ᠎ᠡ ᠠᠰᠢᠭ ᠨᠠᠯᠢᠶᠡᠳ ᠰᠠᠶᠢᠨ︾ ᠭᠡᠵᠦ ᠪᠠᠶᠠᠷᠳᠠᠢ | ᠶᠠᠷᠢᠨ᠎ᠠ᠃ | | ᠬᠦᠳᠦᠷ ᠪᠠᠯᠭᠠᠰᠤ ᠭᠠᠵᠠᠷ ᠵᠦᠢ ᠶᠢᠨ ᠪᠠᠶᠢᠷᠢᠰᠢᠯ ᠪᠠ ᠠᠭᠤᠷ ᠠᠮᠢᠰᠬᠤᠯ ᠤᠨ ᠳᠠᠪᠠᠭᠤᠯᠢᠭ ᠲᠠᠢ ᠪᠠᠶᠢᠭᠰᠠᠨ | ᠴᠤ 20 ᠲᠦᠮᠡᠨ ᠲᠥᠭᠦᠷᠢᠭ ᠤᠨ ᠪᠠᠯᠠ ᠣᠷᠣᠭᠤᠯᠵᠤ ︽ᠨᠠᠮ ᠤᠨ ᠬᠤᠷᠢᠶ᠎ᠠ ᠵᠠᠰᠠᠭ ᠤᠨ ᠣᠷᠳᠣᠨ + ᠠᠵᠤ | ᠠᠬᠤᠶᠢᠯᠠᠯ + ᠨᠡᠶᠢᠭᠡᠮ ᠲᠣᠭᠤᠷᠢᠭ + ᠲᠣᠰᠬᠤᠨ ᠳᠤ ᠰᠠᠭᠤᠭ᠎ᠠ ᠠᠵᠢᠯᠯᠠᠬᠤ ᠠᠩᠭᠢ + ᠲᠠᠷᠢᠶᠠᠴᠢᠨ ᠡᠷᠦᠬᠡ︾ | ᠶᠢᠨ ᠠᠬᠢᠭᠤᠯᠬᠤ ᠵᠠᠭᠪᠤᠷ ᠢ ᠭᠡᠷᠡᠭᠵᠢᠬᠦᠯᠵᠤ᠂ ᠤᠤᠯ ᠤᠨ ᠰᠢᠭᠤᠶᠢᠲᠤ ᠣᠷᠣᠨ ᠤ 100 ᠮᠥ ᠭᠠᠵᠠᠷ ᠰᠢᠷᠣᠶ ᠶᠢ | ᠲᠥᠪᠯᠡᠷᠡᠭᠦᠯᠦᠨ ᠡᠮᠬᠢᠯᠡᠨ ᠨᠡᠶᠢᠯᠡᠭᠦᠯᠵᠦ᠂ ᠴᠢᠴᠠᠷᠭᠠᠨ᠎ᠠ ᠶᠢᠨ ᠮᠤᠳᠤ ᠵᠠᠶᠢᠯᠠᠵᠤ ᠤᠢᠢᠵᠢᠭᠤᠯᠤᠨ᠂ ᠲᠠᠷᠢᠶᠠᠴᠢᠨ | ᠡᠷᠦᠬᠡ ᠳᠤ ᠬᠤᠪᠢᠶᠠᠨ ᠥᠭᠴᠦ ᠬᠠᠮᠢᠶᠠᠷᠤᠭᠤᠯᠪᠠ᠃ ᠲᠤᠬᠠᠶ ᠶᠢᠨ ᠭᠠᠵᠠᠷ ᠤᠨ ᠤᠮᠳᠠᠭᠠᠨ ᠤ ᠠᠵᠤ ᠠᠬᠤᠶᠢᠯᠠᠯ | ᠶᠤᠸᠠᠨ ᠲᠢᠶᠠᠨ ᠢᠦᠶ ᠤᠮᠳᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠴᠢᠬᠢ ᠮᠣᠳᠣ ᠲᠠᠷᠢᠬᠤ᠂ ᠡᠪᠡᠰᠦ | ᠠᠷᠢᠯᠭᠠᠵᠤ ᠬᠤᠷᠣᠬᠠᠶ ᠤᠰᠠᠳᠬᠠᠬᠤ᠂ ᠤᠰᠤᠯᠠᠬᠤ ᠪᠡ ᠪᠣᠷᠳᠣᠭᠤᠷ ᠣᠷᠣᠭᠤᠯᠬᠤ ᠵᠡᠷᠭᠡ ᠮᠡᠷᠭᠡᠵᠢᠯ ᠤᠨ | ᠳᠡᠮᠵᠢᠯᠭᠡ ᠶᠢ ᠬᠠᠷᠢᠭᠤᠴᠠᠵᠤ᠂ ᠰᠡᠭᠦᠯᠴᠢ ᠶᠢᠨ ᠬᠤᠭᠤᠴᠠᠭᠠᠨ ᠤ ᠦᠷ᠎ᠡ ᠵᠢᠮᠢᠰ ᠢ ᠪᠦᠬᠦᠨ ᠢ ᠵᠠᠬ᠎ᠠ ᠳᠡᠯᠭᠡᠭᠦᠷ ᠤᠨ | ᠦᠨ᠎ᠡ ᠬᠠᠩᠰᠢ ᠪᠠᠷ ᠡᠭᠡᠭᠦᠯᠦᠨ ᠬᠤᠷᠢᠶᠠᠨ᠎ᠠ᠃ ᠨᠡᠶᠢᠭᠡᠮ ᠲᠣᠭᠤᠷᠢᠭ ᠠᠴᠠ ᠴᠢᠴᠠᠷᠭᠠᠨ᠎ᠠ ᠲᠠᠷᠢᠬᠤ ᠭᠠᠵᠠᠷ ᠰᠢᠷᠣᠶ ᠶᠢ | ᠬᠤᠪᠢᠶᠠᠷᠢᠯᠠᠬᠤ᠂ ᠬᠥᠳᠡᠯᠮᠦᠷᠢ ᠶᠢ ᠵᠣᠬᠢᠶᠠᠨ ᠪᠠᠶᠢᠭᠤᠯᠬᠤ᠂ ᠠᠵᠤ ᠦᠢᠯᠡᠰ ᠤᠨ ᠠᠰᠢᠭ ᠣᠷᠣᠯᠭ᠎ᠠ ᠵᠡᠷᠭᠡ ᠶᠢ | ᠬᠠᠮᠢᠶᠠᠷᠤᠨ᠎ᠠ᠃ | | ᠬᠦᠳᠦᠷ ᠪᠠᠯᠭᠠᠰᠤᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ | ᠰᠦᠨ ᠭᠦᠸᠧ ᠪᠢᠨ ᠬᠡᠯᠡᠬᠦ ᠳᠡᠭᠡᠨ᠄ ︽ᠬᠦᠳᠦᠷ ᠣᠶ ᠰᠢᠭᠤᠶ ᠶᠢᠨ ᠲᠣᠪᠴᠢᠶ᠎ᠠ ᠲᠠᠢ ᠬᠠᠮᠲᠤᠷᠠᠨ ᠠᠵᠢᠯᠯᠠᠬᠤ ᠪᠠᠷ | ᠳᠡᠮᠵᠢᠨ᠂ ᠣᠶᠢᠷ᠎ᠠ ᠶᠢᠨ ᠬᠡᠳᠦᠨ ᠵᠢᠯ ᠳᠤ ᠴᠢᠴᠠᠷᠭᠠᠨ᠎ᠠ ᠶᠢᠨ ᠠᠵᠤ ᠦᠶ᠋ᠯᠡᠰ ᠤᠨ ᠳᠠᠷᠢᠬᠤ ᠲᠠᠯᠠᠪᠠᠶ ᠲᠠᠰᠤᠷᠠᠯᠲᠠ | ᠥᠬᠡᠶ ᠥᠷᠭᠡᠳᠴᠦ᠂ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠴᠢᠴᠠᠷᠭᠠᠨ᠎ᠠ ᠶᠢᠨ ᠲᠠᠷᠢᠮᠠᠯ ᠤᠨ ᠠᠵᠤ | ᠦᠶ᠋ᠯᠡᠰ ᠢ ᠲᠡᠳᠬᠦᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠴᠠᠷᠭᠠᠨ᠎ᠠ ᠳᠠᠷᠢᠬᠤ ᠪᠠᠷ | ᠳᠠᠮᠵᠢᠭᠤᠯᠤᠨ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠎ᠡ︾ ᠭᠡᠵᠡᠶ᠃ | | ᠴᠢᠴᠠᠷᠭᠠᠨ᠎ᠠ ᠭᠠᠩ ᠬᠠᠭᠰᠠᠷᠠᠭᠠᠨ ᠳᠤ ᠲᠦᠢᠯ ᠤᠨ ᠲᠡᠰᠪᠦᠷᠢᠲᠡᠶ᠂ ᠬᠥᠷᠥᠰᠥᠨ ᠳᠤ ᠵᠣᠬᠢᠴᠠᠬᠤ ᠴᠢᠨᠠᠷ ᠢᠶᠠᠷ | ᠰᠠᠶᠢᠨ᠂ ᠦᠨᠳᠦᠰᠦ᠂ ᠡᠰᠢ᠂ ᠨᠠᠪᠴᠢ᠂ ᠴᠡᠴᠡᠭ᠂ ᠵᠢᠮᠢᠰ ᠨᠢ ᠪᠦᠷ ᠢᠳᠡᠭᠡᠨ ᠤ ᠦᠨ᠎ᠡ ᠥᠷᠲᠡᠭ ᠲᠠᠢ᠂ | ᠢᠯᠠᠩᠭᠤᠶ᠎ᠠ ᠴᠢᠴᠠᠷᠭᠠᠨ᠎ᠠ ᠶᠢᠨ ᠵᠢᠮᠢᠰ ᠲᠤ ᠡᠯᠪᠡᠭ ᠪᠠᠶᠠᠯᠢᠭ ᠰᠢᠮ᠎ᠡ ᠲᠡᠵᠢᠭᠡᠯᠲᠦ ᠪᠣᠳᠠᠰ ᠪᠠ ᠠᠮᠢᠳᠤ ᠪᠣᠳᠠᠰ ᠤᠨ | ᠢᠳᠡᠪᠬᠢ ᠪᠣᠳᠠᠰ ᠠᠭᠤᠯᠵᠤ᠂ ᠶᠡᠷᠦ ᠠᠴᠠ ︽VC ᠶᠢᠨ ᠸᠠᠩ︾ ᠭᠡᠰᠡᠨ ᠰᠠᠶᠢᠬᠠᠨ ᠠᠯᠳᠠᠷᠲᠠᠶ ᠶᠤᠮ᠃ | ᠣᠳᠣᠬᠠᠨ ᠳᠤ᠂ ᠬᠦᠳᠦᠷ ᠪᠠᠯᠭᠠᠰᠤᠨ ᠳᠤ ᠨᠢᠭᠡᠨᠲᠡ 8000 ᠭᠠᠷᠤᠶ ᠮᠥ ᠴᠢᠴᠠᠷᠭᠠᠨ᠎ᠠ ᠳᠠᠷᠢᠵᠤ᠂ ᠮᠥ ᠪᠦᠷᠢ ᠠᠴᠠ | 150 ᠭᠠᠷᠤᠶ ᠺᠢᠯᠣᠭ᠍ᠷᠠᠮ ᠴᠢᠴᠠᠷᠭᠠᠨ᠎ᠠ ᠭᠠᠷᠴᠠᠭ᠂ ᠴᠢᠴᠠᠷᠭᠠᠨ᠎ᠠ ᠶᠢᠨ ᠮᠣᠳᠣ ᠶᠢ ᠲᠤᠬᠠᠶ ᠶᠢᠨ ᠭᠠᠵᠠᠷ ᠤᠨ ᠣᠯᠠᠨ | ᠲᠦᠮᠡᠨ ᠤ ︽ᠡᠳ᠋ ᠤᠨ ᠬᠡᠰᠢᠭᠲᠡᠨ︾ ᠭᠡᠳᠡᠭ᠃ | |