12 ᠤᠨ ᠡᠳᠦᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ | ᠴᠠᠭᠠᠵᠠ ᠶᠢᠨ ᠬᠤᠷᠢᠶᠠᠨ ᠤ ᠱᠦᠵᠢ ᠵᠠᠩ ᠸᠧᠶ ᠵᠢᠶᠦ᠋ᠨ ᠤᠷᠢᠳ ᠬᠤᠵᠢᠳ ᠬᠥᠯᠥᠨ ᠪᠤᠶᠢᠷ ᠤᠨ ᠰᠥᠩ ᠯᠦ ᠡᠮ | ᠦᠢᠯᠡᠳᠬᠦ ᠬᠢᠵᠠᠭᠠᠷᠲᠤ ᠺᠣᠮᠫᠠᠨᠢ᠂ ᠬᠥᠯᠥᠨ ᠪᠤᠶᠢᠷ ᠤᠨ ᠵᠢᠶ ᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ᠂ ᠬᠥᠯᠥᠨ ᠪᠤᠶᠢᠷ ᠤᠨ ᠵᠡᠭᠦᠨ ᠬᠤᠶᠢᠲᠤ ᠶᠢᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ | ᠪᠠᠶᠢᠭᠤᠯᠤᠯᠲᠠ ᠥᠭᠡᠷᠡᠴᠢᠯᠡᠯᠲᠡ ᠶᠢ ᠳᠥᠯᠭᠢᠨ ᠠᠬᠢᠭᠤᠯᠤᠭᠰᠠᠨ ᠪᠠᠶᠢᠳᠠᠯ ᠳᠤ ᠲᠤᠬᠠᠶ ᠶᠢᠨ ᠭᠠᠵᠠᠷ ᠤᠨ ᠪᠠᠶᠢᠴᠠᠭᠠᠨ | ᠰᠤᠳᠤᠯᠤᠯᠲᠠ ᠬᠢᠪᠠ᠃ | | 12 ~ 13 ᠤ ᠡᠳᠦᠷ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠠᠶ ᠶᠠᠨ ᠨᠠᠷ | ᠵᠠᠯᠠᠨ ᠠᠶᠢᠯ ᠬᠤᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠬᠤᠲᠠ ᠶᠢᠨ ᠨᠠᠮ ᠤᠨ | ᠬᠤᠷᠢᠶᠠᠨ ᠤ ᠱᠦᠵᠢ ᠶᠤᠸᠠᠢ ᠭᠦᠸᠧ ᠳ᠋ᠦᠩ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠯᠢᠦ ᠬᠤᠩ | ᡁᠢ ᠪᠠᠷ᠎ᠠ ᠪᠣᠯᠪᠠ᠃ | | 13 ᠤ ᠡᠳᠦᠷ ᠵᠠᠯᠠᠨ ᠠᠶᠢᠯ ᠬᠤᠲᠠ ︽ᠲᠠᠯ᠎ᠠ ᠨᠤᠲᠤᠭ ᠤᠨ ᠨᠣᠮ ᠤᠨ ᠥᠷᠥᠭᠡ︾ ᠶᠢᠨ ᠨᠣᠮ ᠬᠦᠷᠭᠡᠬᠦ | ᠶᠣᠰᠣᠯᠠᠯ ᠵᠢᠴᠢ ᠪᠥᠬᠦ ᠠᠷᠠᠳ ᠢᠶᠠᠷ ᠢᠶᠠᠨ ᠨᠣᠮ ᠤᠩᠰᠢᠵᠤ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ ᠲᠣᠰ | ᠠᠵᠢᠯᠯᠠᠭ᠎ᠠ ᠳᠤ 1.1 ᠲᠦᠮᠡᠨ ᠳᠡᠪᠲᠡᠷ ᠨᠣᠮ ᠲᠦᠭᠡᠭᠡᠨ ᠲᠠᠷᠬᠠᠭᠠᠵᠤ᠂ ᠪᠥᠬᠦ ᠥᠷᠲᠡᠭ ᠨᠢ 30 ᠲᠦᠮᠡᠨ | ᠲᠥᠭᠦᠷᠢᠭ ᠲᠤ ᠬᠦᠷᠴᠡᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠯᠢᠦ ᠭᠦᠸᠧ ᠬᠤᠸᠠ ᠠᠵᠢᠯᠯᠠᠭ᠎ᠠ ᠳᠤ ᠣᠷᠣᠯᠴᠠᠪᠠ᠃ | | ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠸᠧᠶ ᠳ᠋ᠦᠩ ᠨᠡᠷ | ᠵᠠᠯᠠᠨ ᠠᠶᠢᠯ ᠬᠤᠲᠠ ᠳᠤ ᠬᠦᠷᠴᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠴᠡᠭᠴᠡᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠵᠢᠶ ᠴᠦᠨ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ | ᠲᠡᠷᠢᠭᠦᠯᠡᠭᠴᠢ ᠯᠢᠦ ᠧᠨ ᠴᠧᠩ ᠪᠠᠷ᠎ᠠ ᠪᠣᠯᠪᠠ᠃ | | 13 ~ 14 ᠤ ᠡᠳᠦᠷ ᠬᠥᠯᠥᠨ ᠪᠤᠶᠢᠷ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠡᠷᠢᠭᠦᠯᠡᠭᠴᠢ ᠶᠤᠸᠠᠢ ᠰᠢᠶᠤᠤ ᠪᠥᠸᠧ ᠨᠡᠷ ᠵᠠᠯᠠᠨ ᠠᠶᠢᠯ | ᠬᠤᠲᠠ ᠳᠤ ᠬᠦᠷᠴᠦ᠂ ᠤᠶᠤᠨᠲᠤ ᠠᠵᠢᠯᠴᠢᠨ ᠤ ᠡᠪᠯᠡᠯ ᠤᠨ ᠲᠣᠮᠣ ᠳ᠋ᠠᠶᠢᠲ᠋ᠠ ᠶᠢᠨ ᠲᠥᠪ᠂ ᠡᠯᠧᠺᠲᠷᠣᠨ | ᠬᠤᠳᠠᠯᠳᠤᠭᠠᠨ ᠤ ᠲᠥᠪ᠂ ᠬᠥᠯᠥᠨ ᠪᠤᠶᠢᠷ ᠤᠨ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯ ᠤᠨ ᠲᠠᠰᠤᠭ᠂ | ᠶᠡᠭᠡ ᠬᠢᠩᠭᠠᠨ ᠳᠠᠪᠠᠭ᠎ᠠ ᠶᠢᠨ ᠴᠠᠭᠠᠰᠤ ᠴᠠᠷᠳᠠᠬᠤ ᠺᠣᠮᠫᠠᠨᠢ᠂ ᠬᠥᠯᠥᠨ ᠪᠤᠶᠢᠷ ᠤᠨ ᠵᠡᠭᠦᠨ ᠬᠤᠶᠢᠲᠤ ᠶᠢᠨ ᠹᠦ᠋ ᠹᠧᠩ | ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠬᠦᠷᠴᠦ᠂ | ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢᠨ | ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠶᠤᠸᠠᠢ ᠭᠦᠸᠧ ᠳ᠋ᠦᠩ᠂ ᠰᠦᠨ ᠰᠢᠤ ᠹᠸᠢ᠂ | ᠵᠠᠩ ᠸᠧᠶ ᠵᠢᠶᠦ᠋ᠨ᠂ ᠯᠢ ᠵᠢᠤᠸᠠᠨ ᠪᠠᠷ᠎ᠠ ᠪᠣᠯᠪᠠ᠃ | | 14 ᠤ ᠡᠳᠦᠷ ᠵᠠᠯᠠᠨ ᠠᠶᠢᠯ ᠬᠤᠲᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠭᠤᠷᠪᠠᠳᠤᠭᠠᠷ ᠬᠢᠨᠠᠨ ᠵᠢᠯᠣᠭᠤᠳᠬᠤ ᠳᠤᠭᠤᠶᠢᠯᠠᠩ ᠤᠨ | ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ | ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠭᠤᠷᠪᠠᠳᠤᠭᠠᠷ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠤᠨ ᠨᠢᠭᠡᠳᠦᠭᠡᠷ ᠳᠣᠷᠣᠭᠰᠢ ᠰᠠᠭᠤᠬᠤ ᠳᠤᠭᠤᠶᠢᠯᠠᠩ ᠤᠨ ᠳᠠᠷᠤᠭ᠎ᠠ ᠶᠤᠸᠠᠢ ᠶᠠᠩ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠵᠠᠯᠠᠨ ᠠᠶᠢᠯ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ | ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠠᠩ ᠸᠧᠢ ᠵᠢᠶᠦ᠋ᠨ ᠬᠤᠷᠠᠯ ᠢ ᠡᠷᠬᠢᠯᠡᠭᠰᠡᠨ ᠪᠥᠭᠡᠳ ᠬᠠᠷᠢᠭᠤ | ᠮᠡᠳᠡᠭᠦᠯᠦᠯᠲᠡ ᠬᠢᠵᠦ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠬᠤᠩ ᡁᠢ᠂ | ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳᠠᠷᠤᠭ᠎ᠠ ᠯᠢ ᠶᠠᠨ ᠯᠢᠩ᠂ ᠬᠤᠯᠪᠣᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ | ᠬᠤᠷᠠᠯ ᠳᠤ ᠣᠷᠣᠯᠴᠠᠪᠠ᠃ | | ᠵᠠᠯᠠᠨ ᠠᠶᠢᠯ ᠬᠤᠲᠠ ᠶᠢᠨ ᠤᠯᠠᠭᠠᠨᠮᠥ᠋ᠴᠢᠷ ᠨᠢ ︽ᠮᠠᠯᠵᠢᠬᠤ ᠲᠠᠷᠢᠶᠠᠯᠠᠬᠤ ᠣᠷᠣᠨ ᠳᠤ ᠣᠷᠳᠣ | ᠬᠤᠭᠤᠴᠠᠭ᠎ᠠ ᠪᠠᠷ ᠲᠣᠭᠯᠠᠯᠲᠠ ᠭᠠᠷᠭᠠᠬᠤ ᠶᠢ ᠪᠠᠷᠢᠮᠲᠠᠯᠠᠭᠰᠠᠨ ᠪᠥᠭᠡᠳ ᠮᠠᠯᠴᠢᠨ ᠲᠠᠷᠢᠶᠠᠴᠢᠨ ᠤ ᠬᠦᠷᠢᠶᠡᠯᠡᠯ ᠢ | ᠶᠡᠬᠡᠳᠡ ᠣᠯᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠰ ᠵᠢᠴᠢ ᠲᠡᠭᠦᠨ ᠠᠴᠠ ᠳᠣᠷᠣᠭᠰᠢᠬᠢ | ᠤᠯᠠᠭᠠᠨᠮᠥ᠋ᠴᠢᠷ᠂ ᠬᠦᠷᠢᠶᠡᠯᠡᠩ ᠪᠦᠯᠬᠦᠮ ᠪᠠ ᠠᠷᠠᠳ ᠠᠴᠠ ᠡᠵᠡᠩᠨᠡᠭᠰᠡᠨ ᠤᠷᠠᠨ ᠰᠠᠶᠢᠬᠠᠨ ᠤ ᠲᠣᠭᠯᠠᠯᠲᠠ ᠶᠢᠨ | ᠪᠦᠯᠬᠦᠮ︾ ᠢᠶᠠᠷ ᠦᠨᠡᠯᠡᠭᠳᠡᠪᠡ᠃ | | ᠵᠠᠯᠠᠨ ᠠᠶᠢᠯ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ︽ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠰᠣᠶᠣᠯ ᠤᠨ ᠵᠠᠬ᠎ᠠ | ᠳᠡᠯᠭᠡᠭᠦᠷ ᠤᠨ ᠬᠠᠤᠯᠢ ᠬᠡᠷᠡᠭᠵᠢᠭᠦᠯᠬᠦ ᠠᠵᠢᠯ ᠤᠨ ᠳᠤᠮᠳᠠ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠬᠤᠰᠢᠭᠤ | ᠰᠢᠶᠠᠨ ︵ᠬᠤᠲᠠ᠂ ᠲᠣᠭᠤᠷᠢᠭ︶ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠡᠩᠨᠡᠭᠡ︾ ᠪᠠᠷ ᠦᠨᠡᠯᠡᠭᠳᠡᠪᠡ᠃ | | 15 ᠤ ᠡᠳᠦᠷ ᠬᠠᠶ ᠡᠯ ᠪᠦᠯᠦᠭᠯᠡᠯ ᠤᠨ ᠬᠠᠶ ᠶᠦᠩ ᠱᠦᠨ ᠣᠷᠴᠢᠨ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠸᠢ ᠺᠦᠩ ᠴᠢᠩ ᠳ᠋ᠤᠤ ᠹᠦ᠋ ᠬᠤᠲᠠ ᠶᠢᠨ ᠣᠷᠴᠢᠨ ᠠᠬᠤᠶ ᠶᠢᠨ | ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠬᠠᠶ ᠯᠦᠸᠧ ᠪᠦᠯᠦᠭᠯᠡᠯ ᠵᠡᠷᠭᠡ ᠠᠵᠤ ᠠᠬᠤᠶᠢᠯᠠᠯ ᠤᠨ ᠲᠥᠯᠥᠭᠡᠯᠡᠭᠴᠢ | ᠵᠠᠯᠠᠨ ᠠᠶᠢᠯ ᠬᠤᠲᠠ ᠳᠤ ᠬᠦᠷᠴᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠬᠤᠲᠠ ᠶᠢᠨ ᠠᠷᠢᠭᠤᠨ | ᠴᠡᠪᠡᠷ ᠤᠨ ᠦᠢᠯᠡᠴᠢᠯᠡᠭᠡ᠂ ᠤᠰᠤ ᠶᠢ ᠰᠢᠢᠳᠪᠦᠷᠢᠯᠡᠬᠦ ᠵᠡᠷᠭᠡ ᠬᠤᠯᠪᠣᠭᠳᠠᠯ ᠪᠥᠬᠦᠶ ᠣᠷᠴᠢᠨ ᠠᠬᠤᠶ ᠶᠢᠨ | ᠬᠠᠮᠠᠭᠠᠯᠠᠯᠲᠠ ᠣᠷᠴᠢᠨ ᠠᠬᠤᠶ ᠶᠢᠨ ᠠᠷᠢᠭᠤᠨ ᠴᠡᠪᠡᠷ ᠤᠨ ᠵᠦᠢᠯᠡᠰ ᠢ ᠵᠣᠯᠭᠠᠭᠤᠯᠤᠨ ᠵᠥᠪᠳᠡᠯᠴᠡᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠪᠥᠸᠧ ᠵᠣᠯᠭᠠᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠦ᠋ ᠴᠧᠨ ᠳ᠋ᠦᠩ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠬᠥᠭᠵᠢᠯᠲᠡ ᠶᠢᠨ ᠰᠤᠳᠤᠯᠭᠠᠨ ᠤ ᠲᠥᠪ ᠵᠡᠷᠭᠡ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠵᠣᠯᠭᠠᠭᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃ | | 16 ~ 17 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠴᠤᠭ ᠨᠠᠷ ᠵᠠᠯᠠᠨ ᠠᠶᠢᠯ ᠬᠤᠲᠠ ᠳᠤ ᠬᠦᠷᠴᠦ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠪᠠ ᠣᠷᠣᠰᠢᠭᠤᠯᠭ᠎ᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠬᠤᠲᠠ ᠶᠢᠨ ᠤᠳᠤᠷᠢᠳᠤᠯᠭ᠎ᠠ ᠸᠠᠩ ᠪᠥᠸᠧ᠂ ᠶᠠᠩ ᠵᠢᠶ ᠴᠦᠨ ᠪᠠᠷ᠎ᠠ ᠪᠣᠯᠪᠠ᠃ | | 18 ᠤ ᠡᠳᠦᠷ ᠵᠠᠯᠠᠨ ᠠᠶᠢᠯ ᠬᠤᠲᠠ ᠳᠤ ︽ᠪᠥᠬᠦ ᠤᠯᠤᠰ ᠤᠨ ᠤᠯᠠᠭᠠᠨ ᠵᠠᠭᠠᠯᠮᠠᠶᠢᠲᠠᠨ ᠤ ᠵᠢᠱᠢᠶᠡᠴᠢ | ᠨᠢᠭᠡᠴᠡ︾ ᠶᠢᠨ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ ᠰᠢᠩ ᠬᠤᠸᠠ ᠵᠡᠭᠡᠯᠢ ᠭᠤᠳᠤᠮᠵᠢ ᠶᠢᠨ ᠴᠢᠩ ᠰᠥᠩ | ᠨᠡᠶᠢᠭᠡᠮ ᠲᠣᠭᠤᠷᠢᠭ ᠲᠤ ︽ᠪᠥᠬᠦ ᠤᠯᠤᠰ ᠤᠨ ᠤᠯᠠᠭᠠᠨ ᠵᠠᠭᠠᠯᠮᠠᠶᠢᠲᠠᠨ ᠤ ᠵᠢᠱᠢᠶᠡᠴᠢ ᠨᠢᠭᠡᠴᠡ︾ ᠶᠢᠨ ᠴᠣᠯᠠ | ᠭᠥᠷᠳᠡᠪᠡ᠃ ᠬᠤᠳᠠ ᠶᠢᠨ ᠤᠳᠤᠷᠢᠳᠤᠯᠭ᠎ᠠ ᠵᠠᠩ ᠸᠧᠢ ᠵᠢᠶᠦ᠋ᠨ᠂ ᠶᠠᠩ ᠵᠢᠢ ᠴᠦᠨ᠂ ᠸᠧᠢ ᠬᠤᠩ ᠴᠦᠨ᠂ ᠪᠦᠦ | ᠶᠢᠩ ᠠᠵᠢᠯᠯᠠᠭ᠎ᠠ ᠳᠤ ᠣᠷᠣᠯᠴᠠᠪᠠ᠃ | | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠵᠠᠩ ᠸᠧᠶ ᠵᠢᠶᠦ᠋ᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠶᠠᠩ ᠵᠢᠶ ᠴᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠳᠡᠳ᠋ ᠡᠷᠬᠢᠯᠡᠭᠴᠢ ᠸᠧᠶ ᠬᠤᠩ ᠴᠦᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠦ | ᠢᠩ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠳᠤ ᠬᠦᠷᠴᠦ᠂ ︽ᠬᠡᠷᠡᠯ ᠭᠡᠭᠡ ᠶᠢᠨ ᠠᠶᠠᠯᠠᠯ︾ | ᠡᠮᠴᠢᠯᠡᠭᠡᠨ ᠤ ᠠᠩᠭᠢ ᠶᠢᠨ ᠡᠮᠨᠡᠯᠭᠡ ᠶᠢᠨ ᠠᠵᠢᠯᠲᠠᠨ᠂ ᠴᠠᠭᠠᠨ ᠬᠠᠷᠠᠩ ᠡᠪᠡᠳᠴᠢᠲᠡᠨ ᠵᠢᠴᠢ ᠤᠯᠠᠭᠠᠨ | ᠵᠠᠭᠠᠯᠮᠠᠶᠢᠲᠠᠨ ᠤ ᠰᠠᠶᠢᠨ ᠳᠤᠷ᠎ᠠ ᠶᠢᠨ ᠠᠵᠢᠯᠯᠠᠭᠴᠢᠳ ᠢ ᠪᠣᠯᠭᠤᠭᠠᠨ ᠲᠣᠬᠤᠨᠢᠭᠤᠯᠪᠠ᠃ ᠪᠥᠬᠦ ᠣᠷᠣᠨ ᠤ ︽ᠬᠡᠷᠡᠯ | ᠭᠡᠭᠡ ᠶᠢᠨ ᠠᠶᠠᠯᠠᠯ︾ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ 7 ᠵᠢᠯ ᠦᠷᠭᠦᠯᠵᠢᠯᠡᠨ ᠥᠷᠨᠢᠭᠦᠯᠵᠦ᠂ | 4956 ᠶᠠᠳᠠᠭᠤ ᠬᠦᠴᠢᠷᠳᠡᠯᠲᠡᠶ ᠴᠠᠭᠠᠨ ᠬᠠᠷᠠᠩ ᠤᠨ ᠡᠪᠡᠳᠴᠢᠲᠡᠨ ᠢ ᠰᠢᠭᠰᠢᠨ ᠪᠠᠶᠢᠴᠠᠭᠠᠵᠤ᠂ 1510 ᠴᠠᠭᠠᠨ | ᠬᠠᠷᠠᠩ ᠤᠨ ᠮᠡᠰᠡ ᠵᠠᠰᠠᠯ ᠢ ᠰᠦᠢᠳᠭᠡᠯ ᠬᠤᠷᠢᠶᠠᠬᠤ ᠥᠬᠡᠶ ᠪᠠᠷ ᠬᠢᠵᠦ᠂ ᠶᠠᠳᠠᠭᠤ ᠬᠦᠴᠢᠷᠳᠡᠯᠲᠡᠶ ᠬᠡᠷ ᠪᠦᠯᠢ ᠶᠢᠨ | ᠠᠵᠤ ᠠᠬᠤᠶ ᠶᠢᠨ ᠳᠠᠷᠤᠭᠠᠰᠤ ᠶᠢ 780 ᠲᠦᠮᠡᠨ ᠲᠥᠭᠦᠷᠢᠭ ᠬᠥᠩᠭᠡᠷᠡᠭᠦᠯᠪᠡ᠃ | |