︵183 ᠳ᠋ᠤᠭᠠᠷ ᠲᠣᠭᠠᠲᠤ︶ ᠵᠠᠯᠠᠨ ᠠᠶᠢᠯ ᠬᠤᠳᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2021/12/19
   ᠣᠳᠣᠬᠠᠨ ᠳᠤ ᠮᠠᠨᠵᠤᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠤ᠂ ᠣᠲᠣ ᠨᠢᠭᠡᠨᠲᠡ ᠰᠥᠨᠥᠭᠡᠬᠦ ᠪᠠᠶᠢᠯᠳᠤᠭᠠᠨ ᠤ ᠱᠠᠲᠤᠨ ᠳᠤ ᠤᠷᠤᠭᠰᠠᠨ ᠪᠠᠶᠢᠨ᠎ᠠ᠃ ᠭᠡᠪᠡᠴᠦ ᠤᠯᠤᠰ ᠤᠨ ᠳᠣᠲᠣᠭᠠᠳᠤ ᠶᠢᠨ ᠣᠯᠠᠨ ᠭᠠᠵᠠᠷ ᠣᠷᠣᠨ ᠳᠤ ᠬᠡᠰᠡᠭ ᠪᠤᠰᠠᠭ ᠢᠶᠠᠷ ᠲᠠᠷᠬᠠᠭᠰᠠᠨ ᠪᠠ ᠪᠥᠭᠡᠮᠨᠡᠷᠡᠬᠦ ᠴᠢᠨᠠᠷᠲᠠᠶ ᠬᠢᠵᠢᠭ ᠤᠨ ᠪᠠᠶᠢᠳᠠᠯ ᠭᠠᠷᠴᠤ᠂ 12 ᠰᠠᠷ᠎ᠠ ᠶᠢᠨ 14      ᠤ ᠡᠳᠦᠷ ᠤᠨ 08 ᠴᠠᠭ ᠪᠣᠯᠲᠠᠯ᠎ᠠ᠂ ᠪᠥᠬᠦ ᠤᠯᠤᠰ ᠲᠤ ᠨᠡᠶᠢᠲᠡ 8 ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ᠂ 44 ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠠᠪᠬᠤᠴᠠᠵᠤ᠂ ︽ᠰᠢᠨ᠎ᠡ ᠵᠢᠯ᠂ ᠴᠠᠭᠠᠨ ᠰᠠᠷ᠎ᠠ︾ ᠶᠢᠨ ᠬᠤᠤᠰ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠤᠳᠠᠯ ᠥᠬᠡᠶ ᠬᠦᠷᠴᠦ ᠢᠷᠡᠬᠦ ᠪᠣᠯᠬᠤᠷ ᠬᠥᠮᠦᠨ ᠬᠠᠷ᠎ᠠ ᠰᠢᠯᠵᠢᠬᠦ ᠴᠢᠨᠠᠷ ᠪᠠ ᠪᠥᠭᠡᠮᠨᠡᠷᠡᠬᠦ ᠴᠢᠨᠠᠷ ᠳᠡᠭᠡᠭᠰᠢᠯᠡᠵᠦ᠂ ᠡᠨᠡ ᠡᠪᠦᠯ ᠢᠷᠡᠬᠦ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠥᠨ ᠬᠦ ᠲᠦᠢᠯ ᠤᠨ ᠬᠦᠨᠳᠦ ᠨᠣᠴᠢᠲᠠᠶ ᠪᠠᠶᠢᠨ᠎ᠠ᠃ ᠮᠠᠨ ᠤ ᠬᠤᠲᠠ ᠶᠢᠨ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ︾ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠯᠠᠪᠳᠠᠭᠤᠨ ᠢᠶᠠᠷ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠬᠦ ᠲᠠᠯ᠎ᠠ ᠶᠢᠨ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠠᠰᠬᠠᠬᠤ ᠶᠢᠨ ᠲᠤᠰᠠᠳᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠤᠳᠤᠯᠤᠨ ᠲᠣᠭᠲᠠᠭᠠᠭᠠᠳ᠂ 171 ᠳ᠋ᠦ᠋ᠭᠡᠷ ᠲᠣᠭᠠᠲᠤ ᠵᠠᠷᠯᠠᠯ ᠢ ᠬᠢᠨᠠᠮᠠᠭᠠᠶ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠮᠠᠨ ᠤ ᠬᠤᠲᠠ ᠶᠢᠨ ᠣᠳᠣᠬᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠳᠣᠤᠷᠠᠬᠢ ᠮᠡᠲᠦ ᠵᠠᠷᠯᠠᠶ᠎ᠠ᠄      ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠲᠣᠰᠬᠤᠨ ︵ᠨᠡᠶᠢᠭᠡᠮ ᠲᠣᠭᠤᠷᠢᠭ︶ ᠨᠢ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠳᠠᠷᠦ᠋ᠢᠬᠠᠨ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠬᠤ ᠬᠡᠷᠡᠭᠲᠡᠶ᠂ ᠨᠢᠭᠡ ᠳᠤ 12 ᠳ᠋ᠤᠭᠠᠷ ᠰᠠᠷ᠎ᠠ ᠶᠢᠨ 1      ᠤ ᠡᠳᠦᠷ ᠠᠴᠠ ᠨᠠᠰᠢ ᠵᠧᠵᠢᠶᠠᠩ ᠮᠤᠵᠢ ᠶᠢᠨ ᠬᠠᠩᠵᠧᠦ ᠬᠤᠲᠠ᠂ ᠨᠢᠩᠪᠦ᠋ᠸᠧ ᠬᠤᠲᠠ᠂ ᠱᠣᠤᠰᠢᠩ ᠬᠤᠲᠠ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ + 5 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠤᠶᠠᠷ ᠲᠤ 12 ᠰᠠᠷ᠎ᠠ ᠶᠢᠨ 1      ᠤ ᠡᠳᠦᠷ ᠠᠴᠠ ᠨᠠᠰᠢ ᠵᠧᠵᠢᠶᠠᠩ ᠮᠤᠵᠢ ︵ᠬᠠᠩᠵᠧᠦ ᠬᠤᠲᠠ᠂ ᠨᠢᠩᠪᠦ᠋ᠸᠧ ᠬᠤᠲᠠ᠂ ᠱᠣᠤᠰᠢᠩ ᠬᠤᠲᠠ ᠶᠢ ᠭᠠᠷᠭᠠᠪᠠᠯ︶᠂ ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ᠂ ᠳ᠋ᠦᠩ ᠭᠤᠸᠠᠨ ᠬᠤᠲᠠ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠤᠨ ᠬᠡᠷ ᠪᠦᠯᠢ ᠶᠢᠨ ᠲᠤᠰᠠᠭᠠᠷᠯᠠᠯ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠭᠤᠷᠪᠠ ᠳᠤ 12 ᠰᠠᠷ᠎ᠠ ᠶᠢᠨ 11       ᠤ ᠡᠳᠦᠷ ᠠᠴᠠ ᠨᠠᠰᠢ ᠲᠢᠶᠠᠨᠵᠢᠨ ᠬᠤᠲᠠ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠲᠤ ᠴᠥᠮ ︽14 ᠡᠳᠦᠷ ᠤᠨ ᠬᠡᠷ ᠪᠦᠯᠢ ᠶᠢᠨ ᠲᠤᠰᠠᠭᠠᠷᠯᠠᠯ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠡᠷ ᠲᠤᠨᠢ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ ᠴᠥᠮ ᠲᠥᠪᠯᠡᠷᠡᠭᠦᠯᠦᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠤᠬᠠᠮᠰᠠᠷ ᠠᠴᠠ ᠪᠠᠨ ᠰᠠᠨᠠᠭᠠᠴᠢᠯᠠᠭ᠎ᠠ ᠠᠴᠠ ᠪᠠᠨ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶ ᠳᠠᠭᠠᠨ ᠮᠡᠳᠡᠭᠦᠯᠵᠦ᠂ ᠠᠶᠠᠨ ᠵᠠᠮ ᠢᠶᠠᠨ ᠨᠢᠭᠤᠨ ᠳᠠᠯᠳᠠᠯᠠᠭᠰᠠᠨ ᠪᠤᠶᠤ ᠮᠡᠳᠡᠭᠦᠯᠵᠦ ᠳᠠᠩᠰᠠᠯᠠᠭᠤᠯᠤᠭᠰᠠᠨ ᠦᠭᠡᠢ ᠬᠥᠮᠦᠰ ᠠᠴᠠ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠨᠤᠲᠤᠭ ᠲᠠᠭᠠᠨ ᠪᠤᠴᠠᠭᠰᠠᠨ ᠪᠣᠶ ᠪᠥᠬᠦᠶ ᠬᠥᠮᠦᠰ ᠬᠠᠮᠤᠭ ᠤᠨ ᠲᠡᠷᠢᠭᠦᠨ ᠳᠤ ᠪᠠᠶᠢᠭ᠎ᠠ ᠲᠣᠰᠬᠤᠨ ︵ᠨᠡᠶᠢᠭᠡᠮ ᠲᠣᠭᠤᠷᠢᠭ︶᠂ ᠨᠢᠭᠡᠴᠡ ᠳᠡᠭᠡᠨ ᠮᠡᠳᠡᠭᠦᠯᠵᠦ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠠᠷᠢᠶ᠎ᠠ ᠭᠠᠵᠠᠷ ᠣᠷᠣᠨ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ᠂ ᠠᠵᠢᠯ ᠦᠶ᠋ᠯᠡᠰ ᠤᠨ ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯᠲᠠᠳ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠵᠠᠪᠠᠯ ᠭᠠᠳᠠᠭᠰᠢ ᠭᠠᠷᠬᠤ ᠥᠬᠡᠶ ᠪᠠᠶᠢᠬᠤ ᠶᠢ ᠪᠠᠷᠢᠮᠲᠠᠯᠠᠵᠤ᠂ ᠳᠤᠮᠳᠠ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠠᠴᠠ ᠡᠷᠡᠰ ᠵᠠᠶᠢᠯᠠᠰᠬᠢᠵᠦ᠂ ᠲᠣᠰ ᠭᠠᠵᠠᠷ ᠲᠠᠭᠠᠨ ᠦᠯᠡᠳᠡᠵᠦ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠨ᠎ᠠ᠃ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠶᠡᠭᠡ ᠬᠡᠪᠴᠢᠶᠡᠨ ᠤ ᠭᠡᠷ ᠪᠦᠯᠢ ᠶᠢᠨ ᠴᠤᠭᠯᠠᠭᠠᠨ ᠪᠠ ᠬᠠᠮᠲᠤ ᠶᠢᠨ ᠳᠠᠶᠢᠯᠠᠯᠭ᠎ᠠ ᠵᠡᠷᠭᠡ ᠠᠵᠢᠯᠯᠠᠭ᠎ᠠ ᠶᠢ ᠲᠦᠷᠦᠭᠦᠯᠡᠨ ᠵᠣᠬᠢᠶᠠᠨ ᠪᠠᠶᠢᠭᠤᠯᠬᠤ ᠦᠭᠡᠢ᠂ ᠲᠡᠭᠦᠨ ᠳᠤ ᠣᠷᠣᠯᠴᠠᠬᠤ ᠦᠭᠡᠢ ᠪᠠᠶᠢᠬᠤ ᠬᠡᠷᠡᠭᠲᠡᠢ᠃ ᠬᠤᠲᠠ ᠶᠢᠨ ᠠᠷᠠᠳ ᠤᠨ ᠲᠤᠬᠠᠶ ᠶᠢᠨ ᠭᠠᠵᠠᠷ ᠲᠠᠭᠠᠨ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠵᠣᠷᠢᠭᠵᠢᠭᠤᠯᠵᠤ᠂ ᠴᠢᠬᠤᠯᠠ ᠪᠤᠰᠤ ᠭᠠᠳᠠᠭᠰᠢ ᠭᠠᠷᠬᠤ ᠶᠢ ᠪᠠᠭᠠᠰᠬᠠᠨ᠂ ᠬᠤᠲᠠ ᠶᠢᠨ ᠬᠡᠪᠴᠢᠶᠡᠨ ᠳᠤ ᠠᠵᠢᠯᠯᠠᠭ᠎ᠠ ᠬᠢᠬᠦ ᠳᠡᠭᠡᠨ ᠠᠯᠢ ᠴᠢᠳᠠᠬᠤ ᠪᠠᠷ ᠬᠥᠮᠦᠨ ᠬᠠᠷ᠎ᠠ ᠨᠢᠭᠲᠠᠷᠠᠭᠰᠠᠨ ᠲᠠᠯᠠᠪᠤᠷ᠂ ᠢᠯᠠᠩᠭᠤᠶ᠎ᠠ ᠪᠢᠲᠡᠭᠦᠮᠵᠢᠯᠡᠭᠰᠡᠨ ᠲᠠᠯᠠᠪᠤᠷ ᠲᠤ ᠣᠴᠢᠬᠤ ᠥᠬᠡᠶ ᠪᠠᠶᠢᠬᠤ ᠬᠡᠷᠡᠭᠲᠡᠶ᠃ ᠭᠠᠳᠠᠭᠰᠢ ᠭᠠᠷᠬᠤ ᠳᠠᠭᠠᠨ ︽ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠴᠥᠭᠡᠨ ᠴᠤᠭᠯᠠᠷᠠᠬᠤ︾ ᠬᠡᠷᠡᠭᠲᠡᠶ᠃ ᠡᠭᠦᠨ ᠤ ᠬᠠᠮᠲᠤ ᠠᠯᠪᠠᠨ ᠤ ᠲᠠᠯ᠎ᠠ ᠶᠢᠨ ᠵᠠᠭᠤᠴᠢᠯᠠᠭᠤᠷ ᠤᠨ ᠨᠡᠶᠢᠲᠡᠯᠡᠭᠰᠡᠨ ᠤᠯᠤᠰ ᠤᠨ ᠳᠣᠲᠣᠭᠠᠳᠤ ᠶᠢᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠬᠥᠳᠡᠯᠦᠩᠭᠦᠶ ᠬᠤᠪᠢᠷᠠᠯᠲᠠ ᠶᠢ ᠨᠢᠭᠲᠠ ᠠᠩᠬᠠᠷᠴᠤ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠵᠠᠷᠯᠠᠨ ᠮᠡᠳᠡᠭᠳᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠠᠵᠢᠯᠯᠠᠭ᠎ᠠ ᠶᠢᠨ ᠵᠠᠮ ᠮᠥᠷ ᠲᠠᠢ ᠳᠠᠪᠬᠤᠴᠠᠭᠰᠠᠨ ᠬᠥᠮᠦᠰ ᠡᠷᠬᠡᠪᠰᠢ ᠲᠡᠷᠡ ᠳᠠᠷᠤᠶ ᠳᠤᠨᠢ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠲᠣᠰᠬᠤᠨ︶ ᠳᠤ ᠮᠡᠳᠡᠭᠦᠯᠬᠦ ᠶᠢᠨ ᠬᠠᠮᠲᠤ ᠬᠤᠯᠪᠣᠭᠳᠠᠯ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ ᠲᠣᠰ ᠬᠥᠮᠦᠨ ᠪᠤᠶᠤ ᠬᠡᠷ ᠤᠨ ᠬᠥᠮᠦᠰ ᠨᠢ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠠᠴᠠ ᠪᠤᠴᠠᠬᠤ ᠪᠠᠷ ᠲᠥᠯᠥᠪᠯᠡᠵᠦ ᠪᠠᠶᠢᠪᠠᠯ᠂ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠡᠶᠢᠭᠡᠮ ᠲᠣᠭᠤᠷᠢᠭ ︵ᠲᠣᠰᠬᠤᠨ︶ ᠲᠠᠭᠠᠨ ᠤᠷᠢᠳᠴᠢᠯᠠᠨ ᠮᠡᠳᠡᠭᠦᠯᠦᠨ ᠳᠠᠩᠰᠠᠯᠠᠭᠤᠯᠵᠤ᠂ ᠨᠡᠶᠢᠭᠡᠮ ᠲᠣᠭᠤᠷᠢᠭ ︵ᠲᠣᠰᠬᠤᠨ︶ ᠲᠤ ᠬᠠᠮᠵᠢᠯᠴᠠᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠮᠡᠳᠡᠭᠦᠯᠦᠨ ᠳᠠᠩᠰᠠᠯᠠᠭᠤᠯᠬᠤ ᠶᠢ ᠲᠡᠪᠴᠢᠭᠰᠡᠨ ᠪᠤᠶᠤ ᠬᠠᠮᠵᠢᠯᠴᠠᠬᠤ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠷᠰᠢᠯᠠᠭᠰᠠᠨ ᠬᠥᠮᠦᠰ ᠢ ᠬᠠᠤᠯᠢ ᠶᠣᠰᠣᠭᠠᠷ ᠴᠢᠩᠭ᠎ᠠ ᠪᠥᠭᠡᠳ ᠲᠦᠷᠭᠡᠨ ᠢᠶᠠᠷ  ᠰᠢᠢᠳᠪᠦᠷᠢᠯᠡᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号