ᠣᠶᠢᠷ᠎ᠠ ᠶᠢᠨ ᠬᠤᠭᠤᠴᠠᠭᠠᠨ ᠳᠤ ᠡᠷᠭᠢᠨ ᠲᠣᠭᠤᠷᠢᠨ ᠤ ᠣᠯᠠᠨ ᠭᠠᠵᠠᠷ ᠣᠷᠣᠨ ᠳᠤ ᠬᠢᠵᠢᠭ ᠤᠨ ᠪᠠᠶᠢᠳᠠᠯ | ᠡᠭᠦᠰᠴᠦ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠡᠳᠦᠷ ᠢᠷᠡᠬᠦᠶ᠎ᠡ | ᠬᠦᠨᠳᠦ ᠪᠣᠯᠵᠠᠢ᠃ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ | ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 163 | ᠳ᠋ᠤᠭᠠᠷ ᠲᠣᠭᠠᠲᠤ ᠵᠠᠷᠯᠠᠯ ᠳᠤ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ᠂ ᠲᠣᠰᠬᠤᠨ ︵ᠨᠡᠶᠢᠭᠡᠮ ᠲᠣᠭᠤᠷᠢᠭ︶ | ᠤ ᠬᠢᠨ ᠳᠠᠷᠦ᠋ᠢᠬᠠᠨ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠂ ᠡᠳᠦᠭᠡ ᠭᠤᠤᠯᠳᠠᠯᠭ᠎ᠠ ᠲᠠᠢ | ᠬᠥᠮᠦᠰ ᠢ ᠵᠢᠭᠰᠠᠭᠠᠨ ᠪᠠᠶᠢᠴᠠᠭᠠᠭᠰᠠᠨ ᠨᠢ ᠬᠦᠴᠦᠨ ᠥᠬᠡᠶ ᠨᠡᠶᠢᠲᠡᠯᠢᠭ ᠬᠡᠷᠡᠭ ᠤᠨ ᠵᠢᠱᠢᠶ᠎ᠡ ᠶᠢ ᠳᠣᠤᠷᠠᠬᠢ ᠮᠡᠲᠦ | ᠨᠡᠶᠢᠲᠡᠯᠡᠶ᠎ᠡ᠄ | | 2021 ᠣᠨ ᠤ 12 ᠰᠠᠷ᠎ᠠ ᠶᠢᠨ 3 ᠤ ᠡᠳᠦᠷ᠂ ᠵᠠᠯᠠᠨ ᠠᠶᠢᠯ ᠬᠤᠲᠠ ᠶᠢᠨ ᠾᠤᠰᠢ ᠵᠡᠭᠡᠯᠢ ᠶᠢᠨ | ᠰᠢᠨ᠎ᠡ ᠬᠤᠲᠠ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠸᠠᠩ ᠮᠢᠩ 11 ᠰᠠᠷ᠎ᠠ ᠶᠢᠨ 17 ᠤ | ᠡᠳᠦᠷ ᠮᠠᠨᠵᠤᠤᠷ ᠲᠤ ᠬᠦᠷᠴᠦ ᠥᠩᠭᠡᠷᠡᠭᠰᠡᠨ ᠪᠥᠭᠡᠳ 11 ᠰᠠᠷ᠎ᠠ ᠶᠢᠨ 26 ᠤ ᠡᠳᠦᠷ ᠬᠠᠶᠢᠯᠠᠷ ᠠᠴᠠ | ᠮᠠᠨ ᠤ ᠬᠤᠲᠠ ᠳᠤ ᠪᠤᠴᠠᠨ ᠢᠷᠡᠵᠦ᠂ 12 ᠰᠠᠷ᠎ᠠ ᠶᠢᠨ 3 ᠤ ᠡᠳᠦᠷ ᠲᠣᠮᠣ ᠳ᠋ᠠᠶᠢᠲ᠋ᠠ ᠶᠢ ᠳᠠᠷᠠᠭᠠᠯᠠᠨ | ᠪᠠᠶᠢᠴᠠᠭᠠᠵᠤ ᠬᠦᠷᠭᠡᠭᠰᠡᠨ ᠤ ᠳᠠᠷᠠᠭ᠎ᠠ ᠰᠠᠶ᠋ᠢ ᠲᠥᠪᠯᠡᠷᠡᠭᠦᠯᠦᠨ ᠲᠤᠰᠠᠭᠠᠷᠯᠠᠵᠠᠶ᠃ ᠲᠣᠰ ᠵᠢᠵᠢᠭ ᠲᠣᠭᠤᠷᠢᠭ ᠤᠨ | ᠰᠦᠯᠵᠢᠶᠡᠨ ᠤ ᠠᠵᠢᠯᠲᠠᠨ ᠬᠥᠩ ᠱᠢ ᠰᠢᠤᠸᠠᠢ ᠲᠣᠰ ᠵᠢᠵᠢᠭ ᠲᠣᠭᠤᠷᠢᠭ ᠤᠨ ᠭᠤᠤᠯᠳᠠᠯᠭ᠎ᠠ ᠲᠠᠢ ᠬᠥᠮᠦᠰ ᠢ | ᠪᠠᠶᠢᠴᠠᠭᠠᠵᠤ ᠭᠠᠷᠭᠠᠭᠰᠠᠨ ᠥᠬᠡᠶ ᠃ ᠰᠢᠨ᠎ᠡ ᠬᠤᠲᠠ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠤᠨ | ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠠᠩ ᠸᠧᠶ ᠰᠦᠯᠵᠢᠶᠡᠨ ᠤ ᠠᠵᠢᠯᠲᠠᠨ ᠤ ᠵᠢᠭᠰᠠᠭᠠᠨ | ᠪᠠᠶᠢᠴᠠᠭᠠᠭᠰᠠᠨ ᠪᠠᠶᠢᠳᠠᠯ ᠢ ᠴᠠᠭ ᠲᠤᠬᠠᠶ ᠳᠤᠨᠢ ᠮᠥᠷᠳᠡᠨ ᠬᠢᠨᠠᠨ ᠵᠢᠯᠣᠭᠤᠳᠤᠭᠰᠠᠨ ᠥᠬᠡᠶ ᠃ ᠾᠤᠰᠢ ᠵᠡᠭᠡᠯᠢ ᠶᠢᠨ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠰᠦᠨ ᠳ᠋ᠧ ᠸᠧᠶ ᠴᠠᠭ ᠲᠤᠬᠠᠶ ᠳᠤᠨᠢ ᠱᠦᠶ ᠠᠨ ᠤ ᠰᠢᠨ᠎ᠡ | ᠬᠤᠲᠠ ᠲᠣᠭᠤᠷᠢᠭ ᠤᠨ ᠬᠡᠰᠡᠭ ᠳᠠᠭᠠᠭᠠᠭᠰᠠᠨ ᠤᠳᠤᠷᠢᠳᠤᠯᠭ᠎ᠠ ᠶᠢ ᠲᠣᠬᠢᠷᠠᠭᠤᠯᠤᠭᠰᠠᠨ ᠥᠬᠡᠶ ᠠᠴᠠ ᠪᠣᠯᠵᠣ᠂ ᠨᠢᠭᠡ | ᠭᠠᠷᠠᠭ ᠤᠨ ᠳᠠᠷᠠᠭ᠎ᠠ ᠰᠠᠶ᠋ᠢ ᠲᠣᠰ ᠮᠠᠨᠵᠤᠤᠷ ᠲᠤ ᠰᠠᠭᠤᠭ᠎ᠠ ᠲᠡᠤᠬᠡ ᠲᠠᠢ ᠬᠥᠮᠦᠰ ᠢ ᠢᠯᠡᠷᠡᠭᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠶᠢᠨ ᠳᠠᠯᠳᠠ ᠬᠡᠮ ᠢ ᠪᠣᠶ ᠪᠣᠯᠭᠠᠭᠰᠠᠨ ᠪᠠᠶᠢᠨ᠎ᠠ᠃ ᠵᠠᠯᠠᠨ | ᠠᠶᠢᠯ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠬᠢᠨᠠᠨ ᠪᠠᠶᠢᠴᠠᠭᠠᠬᠤ ᠵᠥᠪᠯᠡᠯ ᠤᠨ ᠰᠤᠳᠤᠯᠤᠨ | ᠲᠣᠭᠲᠠᠭᠠᠭᠰᠠᠨ ᠢᠶᠠᠷ᠂ ᠬᠥᠩ ᠱᠢ ᠰᠢᠤᠸᠠᠶ ᠶᠢ ᠬᠡᠷᠡᠭ ᠪᠣᠯᠭᠠᠨ ᠳᠡᠩᠰᠡᠯᠡᠵᠦ ᠬᠢᠨᠠᠨ ᠪᠠᠶᠢᠴᠠᠭᠠᠵᠤ᠂ ᠵᠠᠩ ᠸᠧᠶ᠂ | ᠰᠦᠨ ᠳ᠋ᠧ ᠸᠧᠶ ᠲᠠᠢ ᠰᠡᠷᠡᠮᠵᠢᠯᠡᠭᠦᠯᠦᠨ ᠢᠳᠬᠠᠬᠤ ᠶᠠᠷᠢᠯᠴᠠᠭ᠎ᠠ ᠬᠢᠭᠰᠡᠨ ᠪᠠᠶᠢᠨ᠎ᠠ᠃ | | ᠪᠥᠬᠦ ᠬᠤᠲᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠴᠢᠮ ᠲᠦᠷᠭᠡᠨ ᠬᠥᠳᠡᠯᠦᠯᠴᠡᠵᠦ᠂ ᠪᠥᠬᠦ ᠬᠦᠴᠦᠨ ᠢᠶᠠᠷ ᠢᠶᠠᠨ | ᠡᠷᠡᠯᠬᠡᠭᠯᠡᠨ ᠲᠡᠮᠡᠴᠡᠵᠦ ᠪᠠᠶᠢᠭ᠎ᠠ ᠵᠠᠩᠭᠢᠯᠠᠭ᠎ᠠ ᠶᠢᠨ ᠬᠤᠭᠤᠴᠠᠭᠠᠨ ᠳᠤ᠂ ᠣᠨᠴᠠ ᠵᠠᠷᠢᠮ ᠺᠠᠳ᠋ᠷ ᠤᠨ ᠤᠯᠤᠰ ᠲᠥᠷᠥ | ᠶᠢᠨ ᠵᠣᠭᠰᠣᠯᠲᠠ ᠨᠢ ᠥᠨᠳᠥᠷ ᠪᠢᠰᠢ᠂ ᠬᠠᠷᠢᠭᠤᠴᠠᠯᠭ᠎ᠠ ᠶᠢᠨ ᠤᠬᠠᠮᠰᠠᠷ ᠨᠢ ᠪᠠᠭᠤᠷᠠᠶ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠴᠦᠨ ᠥᠬᠡᠶ ᠪᠠᠶᠢᠭᠰᠠᠭᠠᠷ᠃ ᠪᠦᠬᠦ | ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠺᠠᠳ᠋ᠷ ᠡᠭᠦᠨ ᠢᠶᠠᠷ ᠲᠤᠯᠢ | ᠪᠣᠯᠭᠠᠵᠤ᠂ ᠰᠤᠷᠭᠠᠮᠵᠢ ᠠᠪᠴᠤ᠂ ᠬᠠᠷᠢᠭᠤᠴᠠᠵᠤ ᠪᠠᠶᠢᠭ᠎ᠠ ᠬᠠᠷᠢᠶ᠎ᠠ ᠣᠷᠣᠨ᠂ ᠵᠠᠯᠭᠠᠯᠳᠤᠭᠰᠠᠨ ᠣᠷᠣᠨ ᠢ | ᠳᠠᠭᠠᠭᠠᠴᠢᠯᠠᠨ ᠬᠤᠯᠪᠣᠭᠰᠠᠨ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠤᠯᠤᠰ ᠲᠦᠷᠦ | ᠶᠢᠨ ᠰᠠᠬᠢᠯᠭ᠎ᠠ ᠪᠠᠲᠤ ᠪᠣᠯᠤᠨ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠱᠠᠭᠠᠷᠳᠠᠯᠭ᠎ᠠ ᠶᠢ ᠪᠦᠬᠦ | ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠷᠢᠨ ᠪᠥᠭᠡᠳ ᠨᠠᠷᠢᠯᠢᠭ᠂ ᠪᠣᠳᠠᠲᠠᠢ ᠪᠥᠭᠡᠳ ᠪᠣᠳᠠᠲᠠᠢ | ᠣᠪᠣᠷ ᠢᠶᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠳᠠᠶᠢᠯᠠᠯᠳᠤᠭᠠᠨ | ᠶᠡᠭᠡ ᠳᠠᠶᠢᠯᠠᠯᠳᠤᠭᠠᠨ ᠤ ᠢᠯᠠᠯᠲᠠ ᠶᠢ ᠬᠦᠴᠦ ᠪᠠᠨ ᠬᠠᠮᠲᠤᠳᠬᠠᠨ ᠤᠯᠬᠤ ᠬᠡᠷᠡᠭᠲᠡᠢ᠃ | ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠰᠠᠨ | ᠠᠭᠤᠰᠬᠢᠨ ᠦᠷᠪᠢᠰᠦᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | | 2 021 ᠣᠨ ᠤ 12 ᠰᠠᠷ᠎ᠠ ᠶᠢᠨ 5 ᠤ ᠡᠳᠤᠷ |