ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠨᠠᠶᠢᠮᠠᠳᠣᠭᠠᠷ ᠬᠤᠭᠤᠴᠠᠭᠠᠨ ᠤ ᠬᠤᠷᠢᠶᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2021/2/1
    ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ  ᠶᠢᠨ ᠨᠠᠶᠢᠮᠠᠳᠣᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ 2021 ᠣᠨ  1 ᠰᠠᠷ᠎ᠠ  ᠶᠢᠨ  31      ᠤ ᠡᠳᠦᠷ ᠬᠤᠷᠠᠯᠳᠤᠪᠠ᠃     ᠡᠨᠡ ᠤᠳᠠᠭᠠᠨ ᠤ ᠪᠦᠬᠦᠳᠠ ᠬᠤᠷᠠᠯ ᠳᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 32 ᠬᠥᠮᠦᠨ᠂ ᠣᠷᠣᠯᠠᠭᠴᠢ ᠭᠡᠰᠢᠭᠦᠨ 4 ᠬᠥᠮᠦᠨ ᠣᠷᠣᠯᠴᠠᠪᠠ᠃ ᠬᠤᠲᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃   ᠡᠨᠡ ᠤᠳᠠᠭ᠎ᠠ ᠶᠢᠨ ᠪᠥᠬᠦᠳᠡ ᠬᠤᠷᠠᠯ ᠪᠣᠯ ᠵᠠᠯᠠᠨ ᠠᠶᠢᠯ ᠬᠤᠲᠠ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠴᠢᠬᠤᠯᠠ ᠴᠠᠭ ᠮᠥᠴᠡ ᠪᠣᠯᠤᠨ᠎ᠠ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠴᠢᠨᠠᠷᠲᠠᠶ ᠠᠮᠵᠢᠯᠲᠠ ᠣᠯᠵᠤ᠂ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠢᠶᠠᠨ ᠡᠬᠢᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ  ᠣᠳᠠᠭᠠᠨ ᠤ ᠴᠢᠬᠤᠯᠠ ᠬᠤᠷᠠᠯ ᠪᠣᠯᠤᠨ᠎ᠠ᠃ ᠪᠥᠬᠦᠳᠡ ᠬᠤᠷᠠᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠣᠯᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠣᠭᠤᠰᠢᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠳᠥᠷᠪᠡᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠨᠠᠶᠢᠳᠠᠪᠣᠷᠢᠵᠢᠭᠤᠯᠵᠣ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠪᠠ᠂ ︽ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠳᠠ ᠶᠢᠨ  ᠬᠤᠷᠢᠶ᠎ᠠ ᠶᠢᠨ ᠰᠠᠨᠠᠭᠤᠯᠭ᠎ᠠ︾ ᠶᠢ ᠬᠢᠨᠠᠨ ᠵᠥᠪᠯᠡᠪᠡ᠂ 2020 ᠣᠨ ᠤ ᠠᠵᠢᠯ ᠢᠶᠠᠨ  ᠳ᠋ᠦᠩᠨᠡᠵᠦ᠂ 2021 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ  ᠡᠬᠢᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ  ᠪᠢᠴᠢᠭᠯᠡᠵᠦ᠂ ᠵᠠᠯᠠᠨ ᠠᠢᠯ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠠᠬᠤᠶ ᠪᠠᠶᠢᠳᠠᠯ ᠢ ᠨᠡᠬᠡᠬᠡᠶ᠎ᠡ ᠭᠡᠵᠡᠢ᠃     ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠢᠶᠤᠤ ᠭᠠᠩ ᠸᠧᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠢ ᠴᠢᠩᠭ᠎ᠠ ᠡᠵᠡᠮᠳᠡᠵᠦ᠂ ᠰᠢᠨ᠎ᠡ ᠠᠶᠠᠨ ᠳᠠᠭᠠᠨ ᠪᠣᠬᠢᠷᠲᠤᠯ ᠥᠬᠡᠶ ᠬᠥᠭᠵᠢᠯᠲᠡ ᠶᠢᠨ ᠰᠢᠨ᠎ᠡ ᠠᠬᠤᠶ ᠪᠠᠶᠢᠳᠠᠯ ᠢ ᠨᠡᠭᠡᠭᠡᠶ᠎ᠡ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠣᠸᠠᠢ ᠭᠦᠸᠧ ᠳ᠋ᠦᠩ ᠪᠦᠬᠦ ᠬᠤᠲᠠ ᠶᠢᠨ ᠠᠵᠤ ᠠᠬᠤᠢ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃     ᠪᠦᠬᠦᠳᠡ ᠬᠤᠷᠠᠯ ᠠᠴᠠ ᠵᠢᠶᠤᠤ ᠭᠠᠩ ᠸᠧᠢ  ᠶᠢᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ 2020 ᠣᠨ ᠤ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ︽ᠵᠠᠯᠠᠨ ᠠᠶᠢᠯ ᠬᠤᠳᠠ ᠶᠢᠨ ᠨᠠᠮ ᠤᠨ ᠬᠤᠷᠢᠶᠠᠨ ᠤ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠰᠠᠨᠠᠭᠤᠯᠭ᠎ᠠ︾ ᠶᠢ ᠬᠢᠨᠠᠨ ᠵᠥᠪᠯᠡᠵᠦ ᠪᠠᠲᠤᠯᠠᠨ᠂ ᠵᠢᠶᠤᠤ ᠭᠠᠩ ᠸᠧᠢ ︽ᠰᠠᠨᠠᠭᠤᠯᠭ᠎ᠠ ︵ᠶᠠᠷᠢᠯᠴᠠᠬᠤ ᠨᠤᠤᠷᠠᠭ︶︾ ᠶᠢᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃    ᠪᠦᠬᠦᠳᠡ ᠬᠤᠷᠠᠯ ᠠᠴᠠ 2020 ᠣᠨ ᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ ᠬᠦᠨᠳᠦ ᠨᠣᠴᠢᠲᠠᠶ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠂ ᠥᠭᠡᠷᠡᠴᠢᠯᠡᠯᠲᠡ ᠬᠥᠭᠵᠢᠯᠲᠡ ᠶᠢᠨ  ᠲᠣᠭᠲᠠᠭᠤᠨ  ᠢᠶᠠᠷ  ᠶᠠᠪᠣᠭᠳᠠᠭᠤᠯᠬᠤ ᠬᠠᠲᠠᠭᠤ ᠪᠡᠷᠬᠡ ᠡᠭᠦᠷᠭᠡ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠳᠠ  ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠦᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ  ᠢᠶᠠᠨ  ᠪᠦᠯᠬᠦᠮᠳᠡᠨ  ᠳᠠᠭᠠᠭᠤᠯᠵᠣ᠂ ᠢᠲᠡᠭᠡᠯ ᠵᠣᠷᠢᠭ ᠢᠶᠠᠨ ᠪᠠᠲᠣᠳᠬᠠᠵᠣ᠂ ᠬᠦᠴᠢᠷ ᠢ ᠰᠦᠷᠦᠨ  ᠣᠷᠣᠭᠰᠢᠯᠠᠨ᠂ ᠬᠦᠴᠦᠯᠡᠨ ᠪᠣᠭᠤᠮᠲᠠ  ᠰᠢᠪᠲᠣᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠬᠦᠨᠳᠦ ᠴᠢᠬᠤᠯᠠ ᠱᠠᠳᠤᠴᠢ ᠴᠢᠨᠠᠷᠲᠠᠢ ᠠᠮᠵᠢᠯᠲᠠ ᠤᠯᠪᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠢᠯᠠᠯᠲᠠ ᠤᠯᠪᠠ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠵᠡᠷᠭᠡᠪᠡᠷ ᠳᠡᠭᠡᠭᠰᠢᠯᠡᠪᠡ᠂ ᠨᠠᠮ ᠤᠨ ᠪᠠᠶᠢᠭᠤᠯᠤᠯᠲᠠ ᠪᠦᠬᠦ ᠲᠠᠯ᠎ᠠ ᠪᠠᠷ  ᠴᠢᠩᠭᠠᠷᠠᠵᠤ᠂ ᠡᠯ᠎ᠡ ᠲᠠᠯ᠎ᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠪᠠ᠂ ᠠᠵᠤ ᠠᠬᠤᠶ ᠨᠡᠶᠢᠭᠡᠮ ᠳᠤ ᠲᠣᠭᠲᠠᠭᠤᠨ ᠤ ᠳᠤᠮᠳᠠ  ᠰᠠᠶᠢᠵᠢᠷᠠᠵᠤ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢᠯᠡᠷᠡᠪᠡ᠂ ︽ᠠᠷᠪᠠᠨ ᠭᠤᠷᠪᠠᠳᠤᠭᠠᠷ ᠲᠠᠪᠤᠨ ᠵᠢᠯ︾ ᠠᠮᠵᠢᠯᠲᠠ ᠲᠠᠢ ᠲᠡᠭᠦᠰᠴᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠤᠷᠤᠭᠰᠢᠲᠠᠶ ᠡᠬᠢᠯᠡᠪᠡ᠂ ᠵᠠᠯᠠᠨ ᠠᠶᠢᠯ ᠤᠨ ᠪᠣᠬᠢᠷᠲᠤᠯ ᠦᠭᠡᠢ ᠬᠦᠭᠵᠢᠯᠲᠡ ᠰᠢᠨ᠎ᠡ ᠱᠠᠲᠤᠨ ᠳᠤ ᠣᠷᠣᠪᠠ᠃     ᠪᠦᠬᠦᠳᠡ ᠬᠤᠷᠠᠯ ᠠᠴᠠ ᠵᠠᠯᠠᠨ ᠠᠶᠢᠯ ᠬᠤᠳᠠ ᠶᠢᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ  ᠳᠤ ᠣᠯᠤᠭᠰᠠᠨ ᠰᠢᠢᠳᠪᠦᠷᠢᠲᠦ ᠴᠢᠨᠠᠷᠲᠠᠢ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠪᠣᠯ ᠵᠠᠯᠠᠨ ᠠᠶᠢᠯ ᠤᠨ ᠬᠥᠭᠵᠢᠯᠲᠡ ᠶᠢᠨ ᠶᠠᠪᠤᠴᠠ ᠳᠠᠬᠢ ᠴᠢᠬᠤᠯᠠ ᠪᠡᠯᠭᠡ ᠲᠡᠮᠳᠡᠭ ᠤᠨ ᠴᠢᠨᠠᠷᠲᠠᠢ  ᠲᠠᠢ ᠲᠠᠪᠤᠨ ᠵᠢᠯ ᠮᠥᠨ᠃ ᠲᠠᠪᠤᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ ᠵᠥᠪ ᠣᠨᠣᠪᠴᠢᠲᠠᠶ ᠬᠥᠭᠵᠢᠯᠲᠡ ᠶᠢᠨ ᠦᠵᠡᠯᠲᠡ  ᠪᠠ ᠠᠵᠢᠯ ᠤᠨ ᠪᠦᠲᠦᠮᠵᠢ ᠶᠢᠨ ᠦᠵᠡᠯᠲᠡ ᠶᠢ  ᠪᠠᠬᠢᠵᠢᠭᠦᠯᠦᠨ᠂ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠶᠢ ᠡᠷᠡᠰ  ᠡᠭᠦᠷᠭᠡᠯᠡᠵᠦ᠂ ᠪᠦᠬᠦ ᠬᠤᠲᠠ ᠪᠠᠨ ᠳᠠᠭᠠᠭᠤᠯᠤᠨ ᠪᠦᠯᠬᠦᠮᠳᠡᠨ  ᠣᠷᠣᠭᠰᠢᠯᠠᠨ᠂ ᠰᠢᠷᠭᠠᠭᠤ  ᠠᠵᠢᠯᠯᠠᠨ ᠡᠷᠡᠮᠡᠬᠡᠶᠢᠯᠡᠨ ᠣᠷᠣᠭᠰᠢᠯᠠᠵᠣ᠂ ᠳᠠᠷᠤᠯᠲᠠ ᠶᠢ ᠲᠤᠯᠵᠤ ᠪᠥᠬᠦ᠋ᠢᠬᠦ ᠦᠭᠡᠢ   ᠪᠠᠷ᠂ ︽ᠪᠣᠬᠢᠷᠲᠤᠯ ᠦᠭᠡᠢ  ᠪᠠᠷ ᠬᠥᠭᠵᠢᠨ ᠮᠠᠨᠳᠤᠬᠤ ᠂ ᠠᠷᠠᠳ ᠢ ᠪᠠᠶᠠᠵᠢᠭᠤᠯᠤᠨ ᠬᠤᠲᠠ ᠶᠢ ᠬᠦᠴᠦᠷᠬᠡᠭᠵᠢᠭᠦᠯᠬᠦ︾ ᠬᠥᠭᠵᠢᠯᠲᠡ ᠶᠢᠨ ᠲᠣᠭᠲᠠᠯ ᠬᠦᠴᠦᠨ ᠢ  ᠪᠠᠷᠢᠮᠲᠠᠯᠠᠨ᠂ ︽ᠲᠠᠪᠤᠨ ᠶᠡᠭᠡ ᠪᠠᠶᠢᠷᠢ ᠲᠣᠭᠲᠠᠭᠠᠯᠲᠠ︾ ᠶᠢᠨ ᠲᠣᠭᠤᠷᠢᠨ ᠳᠤ᠂ ︽ᠵᠢᠷᠭᠤᠭᠠᠨ ᠶᠡᠭᠡ ᠰᠢᠰᠲ᠋ᠧᠮ︾ ᠢ ᠬᠦᠴᠦᠯᠡᠨ ᠪᠠᠶᠢᠭᠤᠯᠵᠣ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠷᠡᠰ ᠰᠠᠶᠢᠲᠤᠷ  ᠬᠢᠵᠦ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ  ᠰᠠᠶᠢᠵᠢᠷᠠᠭᠤᠯᠵᠣ᠂ ᠵᠠᠯᠠᠨ ᠠᠢᠯ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠪᠡ᠂ ᠢᠯᠠᠩᠭᠤᠶ᠎ᠠ ᠠᠵᠤ ᠠᠬᠤᠢ ᠶᠢᠨ ᠶᠡᠷᠦᠩᠬᠡᠢ ᠬᠡᠮᠵᠢᠶ᠎ᠡ ᠵᠠᠯᠭᠠᠭ᠎ᠠ ᠪᠠᠷ ᠬᠤᠶᠠᠷ ᠶᠡᠭᠡ  ᠳᠡᠭᠲᠡᠷ  ᠳᠠᠪᠰᠢᠵᠤ᠂ ᠵᠠᠯᠠᠨ ᠠᠶᠢᠯ ᠤᠨ ᠬᠥᠭᠵᠢᠯᠲᠡ ᠶᠢᠨ ᠲᠡᠦᠬᠡᠨ ᠳᠤ ᠰᠢᠨ᠎ᠡ ᠬᠦᠰᠢᠶ᠎ᠡ ᠳᠤᠷᠠᠰᠬᠠᠯ ᠢ ᠪᠤᠰᠬᠠᠵᠠᠢ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠬᠤᠯᠠ ᠰᠠᠭᠤᠷᠢ ᠲᠠᠯᠪᠢᠪᠠ᠃     ᠪᠥᠬᠦᠳᠡ ᠬᠤᠷᠠᠯ ᠠᠴᠠ ᠰᠢᠨ᠎ᠡ ᠬᠥᠭᠵᠢᠯᠲᠡ ᠶᠢᠨ ᠱᠠᠲᠤᠨ ᠳᠠᠬᠢ ᠵᠠᠯᠠᠨ ᠠᠶᠢᠯ ᠬᠤᠲᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠠᠵᠠ ᠲᠣᠬᠢᠶᠠᠯ ᠪᠠ ᠰᠢᠨ᠎ᠡ ᠥᠷᠢᠰᠥᠯᠳᠦᠭᠡᠨ ᠢ ᠭᠦᠨᠵᠡᠭᠡᠶ ᠵᠠᠳᠠᠯᠵᠤ᠂ ︽ᠬᠡᠯᠪᠡᠷᠢ︾ ᠪᠣᠯᠤᠨ ︽ᠪᠠᠶᠢᠳᠠᠯ︾ ᠳᠤ ᠵᠥᠪ ᠢᠶᠠᠷ ᠬᠠᠨᠳᠤᠵᠤ᠂ ︽ᠠᠶᠤᠯ ᠲᠦᠭᠰᠢᠭᠦᠷᠢ︾ ᠪᠣᠯᠤᠨ ︽ᠠᠵᠠ ᠲᠣᠬᠢᠶᠠᠯ︾ ᠢ ᠬᠤᠪᠢᠰᠤᠩᠭᠤᠶ ᠪᠠᠷ ᠡᠵᠡᠮᠳᠡᠵᠦ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠬᠢᠮᠤᠷᠠᠯ ᠤᠨ ᠳᠤᠮᠳᠠ ᠰᠢᠨ᠎ᠡ ᠠᠵᠠ ᠲᠣᠬᠢᠶᠠᠯ ᠢ ᠡᠭᠦᠳᠴᠦ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠦ ᠵᠢᠭᠠᠵᠤ ᠭᠠᠷᠭᠠᠪᠠ᠃     ᠪᠦᠭᠦᠳᠡ ᠬᠤᠷᠠᠯ ᠠᠴᠠ 2035 ᠣᠨ ᠤ ᠠᠯᠤᠰ ᠤᠨ ᠬᠠᠷᠠᠯᠲᠠ ᠶᠢ ᠳᠤᠷᠠᠳᠤᠨ ᠭᠠᠷᠭᠠᠪᠠ᠂ ᠭᠤᠤᠯ ᠨᠢ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ᠂ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ  ᠶᠢ ᠶᠡᠬᠡᠪᠡᠷ  ᠳᠡᠭᠡᠭᠰᠢᠯᠡᠭᠦᠯᠬᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ  ᠪᠡᠶᠡᠯᠡᠭᠦᠯᠵᠦ᠂ ᠳᠠᠪᠠᠭᠤᠯᠢᠭ ᠴᠢᠨᠠᠷᠲᠠᠢ ᠰᠢᠶᠠᠨ ᠤ ᠬᠡᠪᠴᠢᠶᠡᠨ ᠤ ᠰᠢᠨ᠎ᠡ ᠶᠢ ᠡᠭᠦᠳᠬᠦ ᠰᠢᠰᠲ᠋ᠧᠮ  ᠪᠣᠯᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ᠂ ᠰᠢᠨ᠎ᠡ ᠮᠠᠶ᠋ᠢᠭ ᠤᠨ ᠬᠤᠳᠠ ᠬᠥᠳᠡᠭᠡ ᠶᠢᠨ ᠰᠢᠰᠲ᠋ᠧᠮ᠂ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠦᠬᠦ ᠲᠠᠯ᠎ᠠ ᠪᠠᠷ  ᠪᠠᠶᠢᠭᠤᠯᠵᠣ᠂  ᠣᠳᠣᠬᠢᠴᠢᠯᠠᠭᠰᠠᠨ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ  ᠶᠢ ᠦᠨᠳᠦᠰᠦᠨ ᠳᠡᠭᠡᠨ ᠪᠡᠶᠡᠯᠡᠭᠦᠯᠦᠨ᠎ᠡ᠂ ᠬᠠᠤᠯᠢᠵᠢᠯ ᠤᠨ ᠵᠠᠯᠠᠨ ᠠᠶᠢᠯ ᠬᠤᠲᠠ ᠶᠢ ᠦᠨᠳᠦᠰᠦᠨ ᠳᠡᠭᠡᠨ ᠪᠠᠶᠢᠭᠤᠯᠣᠨ᠂ ᠰᠣᠶᠣᠯ ᠤᠨ ᠵᠥᠭᠡᠯᠡᠨ ᠪᠣᠳᠠᠲᠤ ᠬᠦᠴᠦᠨ  ᠢᠶᠠᠨ ᠢᠯᠡᠳᠲᠡ  ᠴᠢᠩᠭᠠᠷᠠᠭᠤᠯᠵᠣ᠂  ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠨ᠎ᠠ᠂ ᠪᠣᠬᠢᠷᠲᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠮᠠᠶ᠋ᠢᠭ ᠢ ᠣᠬᠠᠭᠤᠯᠣᠨ  ᠪᠦᠷᠢᠯᠳᠦᠭᠦᠯᠵᠦ᠂ ᠪᠦᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠰᠢᠨ᠎ᠡ ᠲᠦᠪᠰᠢᠨ ᠳᠤ  ᠬᠦᠷᠭᠡᠨ᠎ᠡ᠂ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠠᠪᠤᠳᠠᠯ  ᠢ ᠮᠥᠨ ᠴᠢᠨᠠᠷ ᠤᠨ ᠠᠬᠢᠯᠲᠠ ᠲᠠᠢ  ᠪᠣᠯᠭᠠᠵᠣ᠂ ᠪᠦᠬᠦ ᠤᠯᠤᠰ ᠲᠠᠢ ᠬᠠᠮᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃     ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ  ᠳᠠᠬᠢ  ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠶᠢ ᠳᠤᠷᠠᠳᠴᠠᠶ᠂ ᠳᠠᠷᠣᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ  ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠂  ᠭᠤᠷᠪᠠᠳᠣᠭᠠᠷ  ᠪᠦᠭᠦᠳᠡ  ᠬᠤᠷᠠᠯ᠂  ᠳᠦᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠣᠭᠤᠰᠢᠭᠤᠯᠵᠣ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠦᠯᠭ᠎ᠠ  ᠶᠢ ᠪᠦᠬᠦ ᠲᠠᠯ᠎ᠠ ᠪᠠᠷ ᠲᠣᠭᠤᠰᠢᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠨ᠎ᠠ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ  ᠪᠣᠯᠭᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠂ ᠡᠷᠡᠰ ᠭᠤᠶᠢᠪᠢᠰᠢ ᠦᠭᠡᠢ ᠪᠠᠷ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ  ᠢᠶᠠᠷ ᠵᠠᠮᠨᠠᠵᠤ᠂ ︽ᠪᠣᠬᠢᠷᠲᠤᠯ ᠦᠭᠡᠢ ᠬᠥᠭᠵᠢᠨ ᠮᠠᠨᠳᠤᠬᠤ᠂ ᠠᠷᠠᠳ ᠢ ᠪᠠᠶᠠᠵᠢᠭᠤᠯᠤᠨ ᠬᠤᠲᠠ ᠶᠢ ᠬᠦᠴᠦᠷᠬᠡᠭᠵᠢᠭᠦᠯᠬᠦ︾ ᠬᠥᠭᠵᠢᠯᠲᠡ ᠶᠢᠨ ᠲᠣᠭᠲᠠᠯ ᠬᠦᠴᠦᠨ ᠢ ᠪᠠᠷᠢᠮᠲᠠᠯᠠᠵᠤ᠂ ︽ᠵᠢᠷᠭᠤᠭᠠᠨ ᠶᠡᠭᠡ ᠰᠢᠰᠲ᠋ᠧᠮ︾ ᠢᠶᠠᠷ ᠰᠠᠭᠤᠷᠢ ᠪᠣᠯᠭᠠᠭᠰᠠᠨ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠤᠨ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ  ᠰᠠᠭᠤᠷᠢᠨ  ᠳᠤ ᠵᠠᠯᠠᠨ ᠠᠶᠢᠯ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠠᠬᠤᠢ ᠪᠠᠶᠢᠳᠠᠯ ᠢ  ᠨᠡᠬᠡᠬᠡᠨ᠎ᠡ᠃      ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠳᠤᠷᠠᠳᠪᠠ᠂  ᠭᠤᠣᠯᠳᠠᠭᠤ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠮᠡᠳᠡᠭᠳᠡᠮ᠎ᠡ ᠠᠬᠢᠴᠠ ᠲᠠᠢ ᠪᠤᠯᠵᠤ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠪᠣᠯᠪᠠᠰᠤᠨ ᠤ ᠬᠡᠮᠵᠢᠶ᠎ᠡ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ ᠵᠠᠰᠠᠯᠲᠠ ᠶᠢᠨ ᠦᠷ᠎ᠡ ᠪᠦᠲᠦᠮᠵᠢ ᠶᠢ ᠨᠠᠩ ᠥᠨᠳᠥᠷ ᠲᠦᠪᠰᠢᠨ ᠳᠤ ᠬᠦᠷᠭᠡᠨ᠎ᠡ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠪᠣᠳᠠᠲᠤ  ᠬᠦᠴᠦᠨ ᠢ ᠨᠡᠩ ᠬᠦᠴᠦᠷᠬᠡᠭᠵᠢᠭᠦᠯᠵᠦ᠂ ︽ᠪᠣᠬᠢᠷᠲᠤᠯ ᠦᠭᠡᠢ ᠬᠥᠭᠵᠢᠯᠲᠡ᠂ ᠠᠷᠠᠳ ᠢ ᠪᠠᠶᠠᠵᠢᠭᠤᠯᠤᠨ ᠬᠤᠲᠠ ᠶᠢ ᠬᠦᠴᠦᠷᠬᠡᠭᠵᠢᠭᠦᠯᠬᠦ︾ ᠠᠵᠢᠯ ᠨᠠᠩ ᠶᠡᠭᠡ ᠠᠮᠵᠢᠯᠲᠠ ᠣᠯᠵᠣ᠂  ᠵᠠᠯᠠᠨ ᠠᠶᠢᠯ ᠬᠤᠲᠠ  ᠪᠠᠨ ᠪᠣᠬᠢᠷᠲᠤᠯ ᠥᠬᠡᠶ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ  ᠪᠠ ᠮᠠᠯ ᠤᠨ ᠠᠰᠢᠭ ᠰᠢᠮ᠎ᠡ ᠶᠢ ᠦᠢᠯᠡᠳᠪᠦᠷᠢᠯᠡᠨ ᠡᠳ᠋ᠰᠢᠭᠦᠯᠵᠦ ᠭᠠᠷᠭᠠᠬᠤ ᠰᠠᠭᠤᠷᠢᠨ ᠭᠠᠵᠠᠷ ᠪᠣᠯᠭᠠᠬᠤ ᠪᠠᠷ  ᠴᠢᠷᠮᠠᠶᠢᠨ᠂ ᠠᠮᠠᠷᠠᠨ ᠰᠡᠯᠡᠭᠦᠴᠡᠬᠦ ᠵᠢᠭᠤᠯᠴᠢᠯᠠᠯ ᠤᠨ ᠭᠠᠵᠠᠷ᠂ ᠠᠷᠠᠯᠵᠢᠶ᠎ᠠ ᠬᠤᠳᠠᠯᠳᠤᠭᠠᠨ ᠤ ᠪᠠᠷᠠᠭ᠎ᠠ  ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ᠂ ᠠᠭᠠᠷ ᠠᠶᠠᠯᠠᠯ  ᠲᠠᠢ ᠦᠪᠡᠷᠮᠢᠴᠡ ᠤᠨᠴᠠᠯᠢᠭᠳᠤ ᠵᠢᠵᠢᠭ ᠪᠠᠯᠭᠠᠰᠤ᠂ ᠪᠣᠬᠢᠷᠲᠤᠯ ᠦᠭᠡᠢ ᠪᠣᠯᠪᠠᠰᠤᠨ ᠣᠷᠣᠰᠢᠨ ᠰᠠᠭᠤᠬᠤ ᠳᠤ ᠲᠣᠬᠢᠷᠠᠮᠵᠢᠲᠠᠶ  ᠬᠤᠲᠠ ᠪᠣᠯᠭᠠᠨ ᠪᠦᠲᠦᠭᠡᠨ ᠪᠠᠶᠢᠭᠤᠯᠣᠨ᠎ᠠ᠃     ᠪᠦᠬᠦᠳᠡ ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃     ᠪᠥᠬᠦᠳᠡ ᠬᠤᠷᠠᠯ ᠠᠴᠠ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠮᠠᠯ ᠠᠵᠤ ᠠᠬᠤᠶ ᠲᠠᠷᠢᠶᠠᠯᠠᠩ᠂ ᠠᠭᠠᠷ ᠤᠨ ᠠᠵᠤ ᠦᠢᠯᠡᠰ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠥᠬᠦ ᠣᠷᠣᠨ ᠪᠦᠰᠡ ᠶᠢᠨ ᠵᠢᠭᠤᠯᠴᠢᠯᠠᠯ᠂  ᠣᠷᠴᠢᠯ ᠠᠵᠤ ᠦᠢᠯᠡᠳᠪᠦᠷᠢ᠂ ᠰᠢᠨ᠎ᠡ ᠬᠡᠯᠪᠡᠷᠢ ᠶᠢᠨ ᠬᠤᠲᠠ ᠬᠥᠳᠡᠭᠡ ᠶᠢᠨ ︽ᠵᠢᠷᠭᠤᠭᠠᠨ ᠶᠡᠭᠡ ᠰᠢᠰᠲ᠋ᠧᠮ︾ ᠢ ᠬᠦᠴᠦᠯᠡᠨ ᠪᠠᠶᠢᠭᠤᠯᠵᠤ᠂ ᠳᠠᠪᠠᠭᠤᠯᠢᠭ ᠲᠣᠪᠤᠶᠢᠮ᠎ᠠ᠂ ᠪᠦᠲᠦᠴᠡ ᠰᠢᠯᠢᠳᠡᠭᠵᠢᠭᠰᠡᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ᠂ ᠬᠡᠯᠬᠢᠶ᠎ᠡ ᠪᠦᠷᠢᠨ ᠲᠡᠭᠦᠯᠳᠡᠷ᠂ ᠣᠷᠣᠨ ᠪᠦᠰᠡ ᠵᠣᠬᠢᠴᠠᠩᠭᠤᠶ᠂ ᠬᠤᠲᠠ ᠬᠥᠳᠡᠭᠡ ᠨᠢᠭᠡ ᠴᠣᠭᠴᠠᠵᠢᠭᠰᠠᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃      ᠪᠥᠬᠦᠳᠡ ᠬᠤᠷᠠᠯ ᠠᠴᠠ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠣᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠢᠳᠡᠪᠬᠢᠲᠡᠶ ᠠᠭᠤᠰᠤᠯᠴᠠᠵᠤ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠪᠠᠯᠠ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠠᠳᠠᠭᠠᠳᠤ ᠨᠡᠭᠡᠭᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠤᠮᠠᠷᠠᠰᠢ ᠨᠡᠭᠡᠭᠡᠯᠲᠡ ᠬᠢᠬᠦ  ᠴᠢᠬᠤᠯᠠ ᠵᠠᠩᠭᠢᠯᠠᠭ᠎ᠠ ᠶᠢᠨ ᠬᠤᠲᠠ ᠶᠢ ᠴᠢᠷᠮᠠᠶᠢᠨ ᠴᠣᠭᠴᠠᠯᠠᠬᠤ ᠬᠡᠷᠡᠭᠲᠡᠶ ᠭᠡᠵᠦ ᠴᠢᠬᠤᠯᠠᠴᠢᠯᠠᠵᠠᠢ᠃      ᠪᠦᠬᠦᠳᠠ ᠬᠤᠷᠠᠯ ᠠᠴᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠰᠠᠭᠤᠷᠢ ᠪᠣᠯᠭᠠᠵᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢᠨ ᠬᠤᠪᠢᠷᠠᠯᠲᠠ ᠶᠢ ᠲᠦᠷᠭᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃     ᠪᠦᠬᠦᠳᠡ ᠬᠤᠷᠠᠯ ᠠᠴᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠢ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃     ᠪᠥᠬᠦᠳᠡ ᠬᠤᠷᠠᠯ ᠠᠴᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠢᠯᠡᠰ ᠪᠣᠰᠬᠠᠵᠤ ᠠᠵᠢᠯ ᠣᠯᠭᠤᠬᠤ ᠶᠢ ᠢᠳᠡᠪᠬᠢᠲᠡᠶ  ᠳᠡᠮᠵᠢᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠵᠥ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠰᠣᠶᠣᠯ ᠤᠨ  ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠪᠦᠬᠦᠳᠡ ᠬᠤᠷᠠᠯ ᠠᠴᠠ᠂ ᠬᠥᠭᠵᠢᠯᠲᠡ ᠪᠣᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ᠂ ᠡᠯ᠎ᠡ ᠬᠦᠷᠢᠶᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ  ᠭᠡᠵᠦ ᠴᠢᠬᠤᠯᠠᠴᠢᠯᠠᠪᠠ᠃     ᠪᠦᠬᠦᠳᠡ ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ  ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠣᠮ᠂  ᠡᠭᠦᠷᠭᠡ ᠪᠡᠷᠬᠡ ᠬᠠᠲᠠᠭᠤᠵᠢᠯᠲᠠᠢ  ᠪᠣᠯᠪᠠᠴᠣ ᠢᠷᠡᠭᠡᠳᠦᠢ ᠭᠡᠭᠡᠨ ᠰᠠᠷᠠᠭᠤᠯ ᠶᠤᠮ᠃ ᠨᠠᠮ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠯ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠥᠯᠥᠪᠵᠢᠭᠦᠯᠭᠡ ᠶᠢ ᠲᠣᠭᠲᠠᠭᠠᠬᠤ ᠪᠠ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠦᠨ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ ᠂ ᠳᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠳᠠᠶᠢᠴᠢᠯᠠᠨ᠂ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠪᠦᠬᠦᠳᠡ ᠬᠤᠷᠠᠯ ᠠᠴᠠ ᠵᠢᠭᠠᠭᠰᠠᠨ ᠨᠢ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠪᠣᠯᠤᠨ᠎ᠠ᠂ ᠮᠥᠨ ᠴᠦ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠡᠭᠦᠷᠭᠡ ᠲᠦᠢᠯ ᠤᠨ ᠪᠡᠷᠬᠡ ᠬᠠᠲᠠᠭᠤᠵᠢᠯᠲᠠᠢ ᠪᠣᠯᠪᠠᠴᠤ ᠠᠴᠢ ᠬᠤᠯᠪᠣᠭᠳᠠᠯ ᠲᠦᠢᠯ ᠤᠨ  ᠬᠦᠨᠳᠦ  ᠴᠢᠬᠤᠯᠠ ᠶᠤᠮ᠃ ᠪᠥᠬᠦ ᠬᠤᠲᠠ ᠶᠢᠨ  ᠪᠦᠬᠦ ᠱᠠᠲᠤ ᠪᠠᠷ ᠢᠶᠠᠨ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠪᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠶᠣᠰᠣᠭᠠᠷ᠂ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠤᠨ ᠲᠣᠭᠤᠷᠢᠨ ᠳᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠵᠢᠷᠭᠤᠭᠠᠨ ᠶᠡᠭᠡ  ᠰᠢᠰᠲ᠋ᠧᠮ︾  ᠤᠨ ᠪᠠᠶᠢᠭᠤᠯᠤᠯᠲᠠ ᠶᠢ ᠬᠦᠴᠦᠯᠡᠨ ᠲᠡᠭᠦᠯᠳᠡᠷᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ  ᠭᠡᠵᠡᠢ᠃    ᠪᠦᠬᠦᠳᠡ ᠬᠤᠷᠠᠯ ᠠᠴᠠ᠂ ᠰᠢᠨ᠎ᠡ ᠬᠥᠭᠵᠢᠯᠲᠡ ᠶᠢᠨ ᠱᠠᠲᠤᠨ ᠳᠤ ᠪᠠᠨ ᠯᠠᠪᠳᠠᠭᠤᠨ ᠪᠠᠲᠤᠲᠠᠢ ᠰᠠᠭᠤᠷᠢᠯᠠᠵᠤ᠂ ᠲᠡᠦᠬᠡ ᠶᠢᠨ᠂ ᠤᠨᠤᠯ ᠤᠨ᠂ ᠦᠢᠯᠡᠳᠦᠯᠭᠡ ᠶᠢᠨ ᠯᠣᠭᠢᠭ ᠢᠶᠠᠷ᠂ ᠬᠥᠭᠵᠢᠯᠲᠡ ᠶᠢᠨ ︽ᠲᠣᠭᠲᠠᠭᠤᠨ︾᠂ ᠬᠥᠭᠵᠢᠯᠲᠡ ᠶᠢᠨ ︽ᠬᠠᠨᠳᠤᠰᠢ︾᠂ ᠬᠥᠭᠵᠢᠯᠲᠡ ᠶᠢᠨ ︽ᠠᠵᠠ ᠲᠣᠬᠢᠶᠠᠯ︾ ᠢ ᠪᠠᠲᠤ ᠡᠵᠡᠮᠳᠡᠵᠦ᠂ ᠵᠠᠯᠠᠨ ᠠᠶᠢᠯ ᠤᠨ ᠪᠣᠬᠢᠷᠲᠤᠯ ᠦᠭᠡᠢ ᠬᠥᠭᠵᠢᠨ ᠮᠠᠨᠳᠤᠬᠤ ᠯᠠᠪᠳᠠᠭᠤᠨ ᠢᠶᠠᠷ  ᠶᠠᠪᠣᠭᠳᠠᠬᠤ ᠶᠢ ᠠᠬᠢᠭᠤᠯᠬᠤ ᠬᠡᠷᠡᠭᠲᠡᠢ  ᠭᠡᠵᠦ ᠴᠢᠬᠤᠯᠠᠴᠢᠯᠠᠵᠠᠢ᠃    ᠪᠥᠬᠦᠳᠡ ᠬᠤᠷᠠᠯ ᠠᠴᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ  ᠭᠠᠵᠠᠷ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠭᠦᠯᠵᠦ᠂ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠶ ᠠᠮᠤᠷ ᠠᠮᠤᠭᠤᠯᠠᠩ ᠬᠥᠯᠥᠨ ᠪᠤᠶᠢᠷ ᠢ ᠪᠥᠲᠥᠭᠡᠨ ᠪᠠᠶᠢᠭᠤᠯᠬᠤ︾ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠤᠬᠠᠮᠰᠠᠷ ᠠᠴᠠ ᠪᠠᠨ ᠦᠢᠯᠡᠴᠢᠯᠡᠵᠦ᠂ ᠡᠯ᠎ᠡ ᠵᠦᠢᠯ ᠤᠨ ᠠᠵᠢᠯ  ᠰᠢᠨ᠎ᠡ ᠠᠬᠢᠴᠠ  ᠰᠢᠨ᠎ᠡ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠵᠤ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠬᠤ ᠬᠡᠷᠡᠭᠲᠡᠶ ᠭᠡᠵᠦ ᠴᠢᠬᠤᠯᠠᠴᠢᠯᠠᠪᠠ᠃         ᠪᠥᠬᠦᠳᠡ ᠬᠤᠷᠠᠯ ᠠᠴᠠ  ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ  ᠠᠭᠤᠰᠣᠯᠴᠠᠵᠣ  ᠦᠢᠯᠡᠳᠦᠯᠭᠡ ᠶᠢᠨ ᠳᠤᠮᠳᠠ ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠲᠠᠢ ᠪᠣᠯᠬᠤ ᠬᠡᠷᠡᠭᠲᠡᠶ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠬᠦ ᠬᠡᠷᠡᠭᠲᠡᠶ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠲᠦ ᠬᠥᠳᠡᠯᠭᠡᠭᠦᠷ ᠢ ᠶᠡᠭᠡ ᠪᠠᠷ ᠪᠤᠶᠢᠵᠢᠭᠤᠯᠬᠤ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠯ ᠤᠨ ᠰᠢᠰᠲ᠋ᠧᠮ ᠢ ᠲᠦᠷᠭᠡᠳᠬᠡᠨ ᠲᠡᠭᠦᠯᠳᠡᠷᠵᠢᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠲᠤᠰᠤᠯᠳᠠ ᠶᠢ ᠡᠷᠡᠰ ᠰᠠᠬᠢᠬᠤ ᠬᠡᠷᠡᠭᠲᠡᠢ᠃ ᠰᠣᠶᠣᠯ ᠤᠨ ᠰᠦᠭ ᠰᠦᠨᠡᠰᠦ ᠶᠢ ᠴᠣᠭᠴᠠᠯᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠬᠦᠴᠦᠨ ᠢ ᠲᠠᠰᠤᠷᠠᠯᠲᠠ ᠦᠭᠡᠢ ᠨᠢᠭᠲᠠᠷᠠᠭᠤᠯᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠶ ᠭᠡᠵᠡᠢ᠃    ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠶᠢ ᠦᠨᠡᠨ ᠬᠦ ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠭᠦᠨᠵᠡᠭᠡᠢ ᠠᠬᠢᠭᠤᠯᠵᠤ᠂ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠤᠨ ᠬᠦᠴᠦᠷᠬᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠢᠷᠡᠯ ᠢ ᠡᠰᠡᠷᠭᠦᠴᠡᠵᠦ᠂ ᠢᠮᠠᠭᠲᠠ ᠦᠵᠡᠯ ᠰᠠᠨᠠᠭ᠎ᠠ  ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ  ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ  ᠭᠡᠵᠡᠢ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠪᠥᠬᠦᠳᠡ ᠬᠤᠷᠠᠯ ᠳᠤ 2020 ᠣᠨ ᠤ ᠨᠠᠮ ᠤᠨ ᠪᠠᠶᠢᠭᠤᠯᠤᠯᠲᠠ ᠶᠢᠨ ᠠᠵᠢᠯ  ᠤᠨ ᠪᠠᠶᠢᠳᠠᠯ ᠢᠶᠠᠨ ᠮᠡᠳᠡᠭᠦᠯᠪᠡ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠥᠷᠥ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠡᠯ᠎ᠡ ᠬᠦᠷᠢᠶᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠵᠠᠯᠠᠨ ᠠᠶᠢᠯ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃   ᠪᠦᠭᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠸᠠᠩ ᠰᠢᠶᠠᠨ ᠵᠦᠩ ᠨᠥᠬᠦᠷ ᠤᠨ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠪᠠ ᠵᠠᠩ ᡁᠢ ᠶᠦᠩ ᠨᠥᠬᠦᠷ ᠤᠨ ᠬᠤᠲᠠ ᠶᠢᠨ ᠨᠠᠮ ᠤᠨ ᠬᠤᠷᠢᠶᠠᠨ ᠤ ᠣᠷᠣᠯᠠᠭᠴᠢ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠪᠡ᠃ ᠪᠦᠭᠦᠳᠡ ᠬᠤᠷᠠᠯ ᠠᠴᠠ ᠬᠤᠤ ᠶᠦᠩ ᠴᠧᠩ ᠳᠤ ᠨᠠᠮ ᠠᠴᠠ ᠬᠥᠭᠡᠭᠡᠬᠦ  ᠰᠢᠢᠳᠭᠡᠯ ᠢ ᠨᠤᠲᠠᠯᠠᠨ ᠲᠣᠭᠲᠠᠭᠠᠪᠠ᠃    ᠪᠦᠬᠦᠳᠠ ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ ᠠᠶᠠᠨ ᠳᠤ ᠮᠣᠷᠳᠠᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠵᠠᠯᠠᠨ ᠠᠶᠢᠯ ᠤᠨ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠥᠯᠥᠨ ᠪᠤᠶᠢᠷ ᠢ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ  ᠪᠠᠨ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ  ᠪᠡᠯᠭᠡᠯᠡᠶ᠎ᠡ ᠭᠡᠵᠦ ᠤᠷᠢᠶᠠᠯᠠᠪᠠ︕
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号