ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2021/2/18
   ᠬᠥᠯᠥᠨ ᠪᠤᠶᠢᠷ ᠬᠤᠲᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠴᠠᠭᠠᠨ ᠰᠠᠷ᠎ᠠ ᠠᠴᠠ ᠡᠮᠦᠨᠡᠬᠡᠨ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠠᠯᠪᠠᠨ ᠲᠢᠩᠬᠢᠮ ᠤᠨ ᠴᠣᠩᠬᠤ᠂ ᠤᠬᠠᠭᠤᠯᠭ᠎ᠠ ᠶᠢᠨ ᠪᠤᠯᠤᠩ ᠵᠡᠷᠭᠡ ᠢᠯᠡ ᠲᠣᠳᠣ ᠭᠠᠵᠠᠷ ᠣᠷᠣᠨ ᠳᠤ ᠤᠬᠠᠭᠤᠯᠭ᠎ᠠ ᠶᠢᠨ ᠠᠵᠢᠯ ᠥᠷᠨᠢᠭᠦᠯᠪᠡ᠃   ᠲᠣᠰ ᠤᠳᠠᠭᠠᠨ ᠤ ᠤᠬᠠᠭᠤᠯᠭ᠎ᠠ ᠶᠢᠨ ᠠᠵᠢᠯ ᠤᠨ ᠵᠣᠷᠢᠯᠭ᠎ᠠ ᠪᠣᠯ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠭᠠᠷ ᠢᠶᠠᠨ ᠪᠠᠶᠢᠩᠭᠤ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠵᠡᠷᠭᠡ ᠰᠠᠶᠢᠨ ᠰᠠᠶᠢᠬᠠᠨ ᠳᠠᠳᠬᠠᠯ‌‍ᠲ᠋ᠠᠢ ᠪᠣᠯᠭᠠᠵᠤ᠂ ᠣᠯᠠᠨ ᠲᠦᠮᠡᠨ ᠤ ᠡᠪᠡᠳᠴᠢᠨ ᠤ ᠢᠯᠡᠷᠡᠯ ᠭᠠᠷᠪᠠᠯ ᠳᠠᠷᠤᠶ ᠲᠦᠷᠭᠡᠨ ᠮᠡᠳᠡᠭᠦᠯᠬᠦ ᠤᠬᠠᠮᠰᠠᠷ ᠢ ᠨᠢ ᠴᠢᠩᠭᠠᠳᠬᠠᠬᠤ ᠶᠢᠨ ᠲᠥᠯᠥᠭᠡ ᠶᠤᠮ᠃ ᠪᠣᠯᠪᠠᠰᠤᠨ ᠪᠥᠭᠡᠳ ᠡᠷᠡᠭᠦᠯ᠂ ᠪᠣᠬᠢᠷᠲᠤᠯ ᠦᠭᠡᠶ ᠪᠥᠭᠡᠳ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠶ ᠪᠠᠷ ᠰᠠᠨᠠᠭᠠᠴᠢᠯᠠᠵᠤ᠂  ︽ᠲᠠᠪᠤ ᠪᠣᠯᠬᠤ ᠦᠭᠡᠶ︾ ︵ᠠᠮᠢ ᠠᠬᠤᠶ ᠶᠢ ᠡᠪᠳᠡᠬᠦ ᠦᠭᠡᠶ᠂ ᠣᠷᠴᠢᠨ  ᠲᠣᠭᠤᠷᠢᠨ  ᠢ   ᠪᠣᠬᠢᠷᠳᠣᠭᠤᠯᠬᠤ  ᠦᠭᠡᠶ᠂ ᠠᠮᠤ ᠪᠤᠳᠠᠭ᠎ᠠ ᠶᠢ ᠪᠦᠷᠢᠯᠭᠡᠬᠦ ᠦᠭᠡᠶ᠂ ᠬᠡᠭᠡᠷ᠎ᠡ ᠶᠢᠨ ᠠᠮᠢᠲᠠᠨ ᠢ ᠠᠩᠨᠠᠬᠤ ᠦᠭᠡᠶ᠌᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ ᠦᠭᠡᠶ︶ ᠦᠢᠯᠡ ᠠᠵᠢᠯᠯᠠᠭ᠎ᠠ ᠥᠷᠨᠢᠭᠦᠯᠬᠦ ᠶᠢ ᠠᠬᠢᠭᠤᠯᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号