ᠠᠷᠠᠳ  ᠤᠨ  ᠠᠮᠢᠳᠤᠷᠠᠯ  ᠤᠨ  ᠪᠠᠲᠤᠯᠠᠭ᠎ᠠ
ᠨᠡᠶᠢᠲᠡᠯᠡᠭᠰᠡᠨ ᠴᠠᠭ᠄
2021/2/20
     2019 ᠣᠨ ᠳᠤ  ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ 26584  ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.0% ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 36445 ᠲᠥᠭᠦᠷᠢᠭ ᠲᠤ ᠬᠦᠷᠴᠦ᠂ 7.1% ᠪᠠᠷ ᠨᠡᠮᠡᠭᠳᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ  ᠤᠷᠤᠯᠭ᠎ᠠ 18656 ᠲᠥᠭᠦᠷᠢᠭ ᠲᠤ ᠬᠦᠷᠴᠦ᠂ 10.3% ᠪᠠᠷ ᠨᠡᠮᠡᠭᠳᠡᠪᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠢ ᠵᠠᠷᠤᠯᠭ᠎ᠠ  27801 ᠲᠥᠭᠦᠷᠢᠭ  ᠪᠠᠶᠢᠵᠤ᠂ 5.3% ᠪᠠᠷ ᠨᠡᠮᠡᠭᠳᠡᠵᠡᠢ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠤ ᠴᠢᠨᠠᠷᠲᠠᠶ ᠵᠠᠷᠤᠯᠭ᠎ᠠ  17099 ᠲᠥᠭᠦᠷᠢᠭ  ᠪᠠᠶᠢᠵᠤ᠂ 20.5% ᠪᠠᠷ  ᠨᠡᠮᠡᠭᠳᠡᠵᠡᠢ᠃      ᠵᠢᠯ ᠤᠨ ᠡᠴᠦᠰ ᠲᠤ ᠪᠥᠬᠦ ᠬᠤᠲᠠ ᠶᠢᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ 71895 ᠬᠥᠮᠦᠨ ᠣᠷᠣᠯᠴᠠᠪᠠ᠂ ᠡᠭᠦᠨ ᠳᠤ᠂ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠨ 36866  ᠪᠣᠶ᠃ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠭᠰᠠᠨ ᠬᠥᠮᠦᠨ164460  ᠪᠠᠶᠢᠨ᠎ᠠ᠂ ᠡᠭᠦᠨ ᠳᠤ  ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠨ 35956  ᠪᠣᠶ᠃ ᠪᠦᠬᠦ ᠬᠤᠲᠠ ᠶᠢᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ 354901 ᠬᠥᠮᠦᠨ ᠣᠷᠣᠯᠴᠠᠵᠤ᠂ ᠡᠭᠦᠨ ᠳᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ 49194 ᠬᠦᠮᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ 305707 ᠬᠥᠮᠦᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号