ᠨᠡᠶᠢᠭᠡᠮ ᠤᠨ ᠠᠵᠤ ᠦᠢᠯᠡᠰ
ᠨᠡᠶᠢᠲᠡᠯᠡᠭᠰᠡᠨ ᠴᠠᠭ᠄
2021/2/20
      2019 ᠣᠨ ᠳᠤ ᠪᠥᠬᠦ ᠬᠤᠲᠠ ᠳᠤ ᠨᠡᠶᠢᠲᠡ 14 ᠪᠠᠭ᠎ᠠ ᠰᠤᠷᠭᠠᠭᠤᠯᠢ ᠪᠠᠶᠢᠵᠤ᠂ ᠳᠡᠭᠡᠷ᠎ᠡ ᠵᠢᠯ ᠤᠨ ᠬᠢ ᠲᠠᠢ ᠠᠳᠠᠯᠢ  ᠪᠠᠶᠢᠵᠤ᠂ ᠵᠢᠭᠠᠨ ᠰᠤᠷᠭᠠᠬᠤ ᠭᠠᠵᠠᠷ 33 ᠪᠠᠶᠢᠵᠤ᠂  ᠮᠥᠨ ᠳᠡᠭᠡᠷ᠎ᠡ ᠵᠢᠯ ᠤᠨ ᠬᠢ ᠲᠠᠢ ᠠᠳᠠᠯᠢ᠃ ᠰᠤᠷᠭᠠᠭᠤᠯᠢ ᠳᠤ ᠪᠠᠶᠢᠭ᠎ᠠ ᠰᠤᠷᠤᠭᠴᠢ 17497 ᠬᠥᠮᠦᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.1% ᠪᠠᠷ  ᠨᠡᠮᠡᠭᠳᠡᠵᠦ᠂ ᠲᠤᠰᠬᠠᠶ ᠪᠠᠭᠰᠢ 899 ᠪᠠᠶᠢᠵᠤ᠂ ᠠᠳᠠᠯᠢ ᠬᠤᠭᠤᠴᠠᠭᠠᠨ  ᠤ ᠲᠠᠢ  ᠠᠳᠠᠯᠢᠳᠬᠠᠪᠠᠯ 28.0% ᠪᠠᠷ ᠪᠠᠭᠤᠷᠠᠪᠠ᠃ ᠠᠩᠬ᠎ᠠ ᠳᠤᠮᠳᠠᠳᠤ ᠶᠢᠨ  ᠰᠤᠷᠭᠠᠭᠤᠯᠢ 19 ᠰᠠᠭᠤᠷᠢ  ᠪᠠᠶᠢᠵᠤ᠂ ︵ᠶᠢᠰᠦᠨ ᠵᠢᠯ ᠤᠨ ᠳᠦᠷᠢᠮ‌‍ᠤᠨ ᠰᠤᠷᠭᠠᠭᠤᠯᠢ 12 ᠰᠠᠭᠤᠷᠢ ᠶᠢ ᠪᠠᠭᠲᠠᠭᠠᠨ᠎ᠠ︶ ᠰᠤᠷᠭᠠᠭᠤᠯᠢ ᠳᠤ  ᠪᠠᠶᠢᠬᠤ ᠰᠤᠷᠤᠭᠴᠢ 9027 ᠬᠥᠮᠦᠨ ᠪᠠᠶᠢᠵᠤ᠂  ᠠᠳᠠᠯᠢ  ᠬᠤᠭᠤᠴᠠᠭᠠᠨ ᠠᠴᠠ1.0% ᠪᠠᠷ ᠨᠡᠮᠡᠭᠳᠡᠵᠦ᠂ ᠲᠤᠰᠬᠠᠶ ᠪᠠᠭᠰᠢ 834 ᠪᠠᠶᠢᠵᠤ᠂ 1.7% ᠪᠠᠷ ᠪᠠᠭᠤᠷᠠᠪᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 2  ᠪᠠᠶᠢᠵᠤ᠂ ᠰᠤᠷᠭᠠᠭᠤᠯᠢ ᠳᠤ  ᠪᠠᠶᠢᠭ᠎ᠠ ᠰᠤᠷᠤᠭᠴᠢ 3514 ᠪᠠᠶᠢᠵᠤ᠂ 0.6% ᠪᠠᠷ ᠨᠡᠮᠡᠭᠳᠡᠵᠦ᠂ ᠲᠤᠰᠬᠠᠶ ᠲᠤᠰᠢᠶᠠᠯ ᠲᠠᠢ ᠪᠠᠭᠰᠢ 283 ᠪᠠᠶᠢᠵᠤ᠂ 14.1% ᠪᠠᠷ ᠨᠡᠮᠡᠭᠳᠡᠪᠡ᠃ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 1 ᠪᠠᠶᠢᠵᠤ᠂ ᠰᠤᠷᠭᠠᠭᠤᠯᠢ ᠳᠤ  ᠪᠠᠶᠢᠭ᠎ᠠ  ᠰᠤᠷᠤᠭᠴᠢ  918 ᠬᠥᠮᠦᠨ᠂ 24.7% ᠪᠠᠷ ᠨᠡᠮᠡᠭᠳᠡᠵᠦ᠂ ᠲᠤᠰᠬᠠᠶ ᠲᠤᠰᠢᠶᠠᠯ ᠲᠠᠢ ᠪᠠᠭᠰᠢ 78 ᠪᠠᠶᠢᠵᠤ᠂ 6.0% ᠪᠠᠷ ᠪᠠᠭᠤᠷᠠᠪᠠ᠃ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ 1 ᠪᠠᠶᠢᠵᠤ᠂ ᠰᠤᠷᠭᠠᠭᠤᠯᠢ ᠳᠤ  ᠪᠠᠶᠢᠭ᠎ᠠ ᠰᠤᠷᠤᠭᠴᠢ 177 ᠬᠥᠮᠦᠨ᠂ 12.7% ᠪᠠᠷ ᠨᠡᠮᠡᠭᠳᠡᠵᠦ᠂ ᠲᠤᠰᠬᠠᠶ ᠲᠤᠰᠢᠶᠠᠯ ᠲᠠᠢ ᠪᠠᠭᠰᠢ 43 ᠪᠠᠶᠢᠵᠤ᠂ 87.0% ᠪᠠᠷ ᠨᠡᠮᠡᠭᠳᠡᠪᠡ᠃ ᠬᠡᠤᠬᠡᠳ ᠤᠨ ᠴᠡᠴᠡᠷᠯᠢᠭ 85 ᠪᠠᠶᠢᠵᠤ᠂ 24 ᠨᠡᠮᠡᠭᠳᠡᠵᠦ᠂ ᠴᠡᠴᠡᠷᠯᠢᠭ ᠲᠤ ᠪᠠᠶᠢᠭ᠎ᠠ ᠬᠡᠤᠬᠡᠳ 6182 ᠪᠠᠶᠢᠵᠤ᠂ 11.5% ᠪᠠᠷ  ᠪᠠᠭᠠᠰᠪᠠ᠃ ᠪᠠᠭᠰᠢ ᠠᠵᠢᠯᠳᠠᠨ 936 ᠬᠥᠮᠦᠨ ᠪᠠᠶᠢᠵᠤ᠂ 31.6% ᠪᠠᠷ ᠨᠡᠮᠡᠭᠳᠡᠪᠡ᠃ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠤᠬᠡᠳ ᠤᠨ ᠰᠤᠷᠭᠠᠭᠤᠯᠢ ᠳᠤ  ᠬᠦᠷᠭᠡᠭᠰᠡᠨ ᠨᠤᠷᠮ᠎ᠠ 100% ᠪᠣᠯᠤᠨ᠎ᠠ᠃       ᠵᠢᠯ ᠤᠨ ᠡᠴᠦᠰ ᠲᠤ᠂ ᠪᠦᠬᠦ ᠬᠤᠲᠠ ᠳᠤ 250 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠢᠭᠤᠯᠤᠮᠵᠢ ᠲᠠᠢ ᠪᠣᠯᠵᠤ᠂ ᠠᠳᠠᠯᠢ ᠬᠤᠭᠤᠴᠠᠭᠠᠨ ᠤ ᠬᠢ ᠠᠴᠠ 4 ᠨᠡᠮᠡᠭᠳᠡᠵᠡᠶ᠃ ᠡᠭᠦᠨ ᠳᠤ᠂ ᠡᠮᠨᠡᠯᠭᠡ ᠶᠢᠨ ᠬᠤᠷᠢᠶ᠎ᠠ 5 ᠪᠠᠶᠢᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 21᠂  ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ 11 ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠢ ᠶᠢᠨ ᠡᠪᠡᠳᠴᠢᠲᠡᠨ ᠤ ᠣᠷᠣ ᠶᠢᠨ ᠲᠤᠭ᠎ᠠ 2049 ᠪᠠᠶᠢᠵᠤ᠂ 83  ᠬᠠᠰᠤᠭᠳᠠᠪᠠ᠃ ᠡᠭᠦᠨ ᠳᠤ᠂ ᠡᠮᠨᠡᠯᠭᠡ ᠶᠢᠨ ᠬᠤᠷᠢᠶ᠎ᠠ 1565᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 407᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ  ᠦᠢᠯᠡᠴᠢᠯᠡᠭᠡᠨ ᠤ ᠲᠥᠪ ︵ᠥᠷᠲᠡᠭᠡ︶ 55 ᠪᠤᠶ᠃ ᠡᠷᠡᠭᠦᠯ ᠬᠠᠮᠠᠭᠠᠯᠠᠯ ᠤᠨ ᠮᠡᠷᠭᠡᠵᠢᠯ ᠤᠨ  ᠠᠵᠢᠯᠲᠠᠳ 2553 ᠬᠥᠮᠦᠨ ᠪᠠᠶᠢᠵᠤ᠂ 141 ᠬᠥᠮᠦᠨ ᠨᠡᠮᠡᠭᠳᠡᠪᠡ᠃ ᠡᠭᠦᠨ ᠳᠤ᠂ ᠠᠵᠢᠯ ᠡᠷᠭᠢᠯᠡᠬᠦ ︵ᠲᠤᠰᠠᠯᠠᠭᠴᠢ︶ ᠡᠮᠴᠢ 1088 ᠬᠥᠮᠦᠨ᠂ ᠳᠠᠩᠰᠠᠯᠠᠭᠤᠯᠤᠭᠰᠠᠨ ᠰᠤᠪᠢᠯᠠᠭᠴᠢ 1011 ᠬᠥᠮᠦᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号