ᠨᠠᠶᠢᠷᠠᠭᠤᠯᠤᠭᠴᠢ ᠶᠢᠨ ᠦᠭᠡ᠄ | 60 ᠵᠢᠯ ᠤᠨ ᠲᠤᠷᠰᠢ᠂ ᠦᠶ᠎ᠠ ᠦᠶ᠎ᠠ ᠶᠢᠨ ᠤᠯᠠᠭᠠᠨᠮᠦ᠋ᠴᠢᠷ ᠤᠨ ᠭᠡᠰᠢᠭᠦᠳ ᠰᠠᠯᠬᠢ ᠰᠢᠭᠤᠷᠭᠠᠨ ᠢ ᠰᠦᠷᠴᠤ | ᠂ ᠳᠡᠰᠭᠢᠮᠠ ᠬᠦᠢᠲᠡᠨ ᠪᠠ ᠠᠭᠠᠬᠢᠮ᠎ᠠ ᠬᠠᠯᠠᠭᠤᠨ ᠢ ᠬᠠᠶᠢᠬᠤᠷᠤᠯ ᠦᠭᠡᠢ᠂ ᠤᠷᠲᠤ ᠬᠤᠭᠤᠴᠠᠭ᠎ᠠ ᠪᠠᠷ ᠭᠤᠪᠢ ᠴᠦᠯ | ᠂ ᠲᠠᠯ᠎ᠠ ᠨᠤᠲᠤᠭ ᠢᠶᠠᠷ ᠠᠶᠠᠯᠠᠵᠦ᠂ ᠬᠦᠭᠡ ᠲᠡᠭᠷᠢ ᠪᠠᠷ ᠪᠦᠵᠢᠭ ᠤᠨ ᠲᠠᠶᠢᠰᠠ ᠪᠠᠨ ᠪᠤᠯᠭᠠᠵᠦ᠂ ᠦᠷᠭᠡᠨ ᠤᠯᠠᠨ | ᠮᠠᠯᠴᠢᠨ ᠲᠠᠷᠢᠶᠠᠴᠢᠨ ᠳᠤ ᠪᠠᠶᠠᠷ ᠪᠠᠭ᠋ᠠᠲᠤᠯ ᠪᠠ ᠪᠤᠯᠪᠠᠰᠤᠨ ᠢ ᠬᠦᠷᠭᠡᠵᠦ᠂ ᠨᠠᠮ ᠤᠨ ᠲᠠᠭᠤᠨ ᠬᠤᠭᠤᠯᠠᠢ ᠪᠠ | ᠬᠠᠶᠢᠷ᠎ᠠ ᠬᠠᠯᠠᠮᠵᠢ ᠶᠢ ᠲᠠᠮᠵᠢᠭᠤᠯᠤᠭᠰᠠᠭᠠᠷ ᠢᠷᠡᠵᠡᠢ᠃ | ᠤᠯᠠᠭᠠᠨᠮᠦ᠋ᠴᠢᠷ ᠤᠨ ᠬᠢᠨ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ | ᠰᠤᠷᠤᠯᠴᠠᠨ᠂ ᠰᠢᠯᠢᠳᠡᠭ ᠤᠯᠠᠮᠵᠢᠯᠠᠯ ᠢᠶᠠᠨ ᠪᠠᠲᠠᠷᠠᠭᠤᠯᠵᠤ᠂ ᠪᠤᠲᠠᠲᠤ ᠦᠢᠯᠡᠳᠦᠯᠭᠡ ᠪᠠᠷ ᠢᠶᠠᠨ ᠰᠢᠨ᠎ᠠ ᠴᠠᠭ | ᠦᠶ᠎ᠡ ᠶᠢᠨ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠤᠷᠢᠲᠦ ᠴᠡᠷᠢᠭ︾ ᠤᠨ ᠴᠤᠭ | ᠵᠢᠪᠬᠤᠭ᠎ᠠ ᠶᠢ ᠢᠯᠠᠷᠡᠭᠦᠯᠦᠭᠰᠡᠭᠡᠷ ᠁ ᠡᠯ᠎ᠠ ᠹᠷᠤᠨᠲ ᠤᠨ ᠺᠠᠳ᠋ᠷ ᠠᠵᠢᠯᠳᠠᠳ ᠴᠤ ᠰᠢ ᠶᠢᠨ ᠫᠢᠡᠭ ᠤᠨ ᠴᠢᠬᠤᠯᠠ | ᠵᠢᠭᠠᠪᠤᠷᠢ ᠶᠢᠨ ᠲᠠᠭᠠᠤ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠤᠯᠠᠭᠠᠨᠮᠦ᠋ᠴᠢᠷ ᠤᠨ ᠵᠤᠷᠢᠭ | ᠰᠠᠨᠠᠭ᠎ᠠ ᠶᠢ ᠪᠠᠳᠠᠷᠠᠭᠤᠯᠤᠨ᠂ ᠢᠳᠡᠪᠬᠢᠳᠡᠢ ᠰᠤᠷᠤᠯᠴᠠᠨ ᠦᠢᠯᠡᠳᠤᠯᠬᠡᠵᠢᠬᠦᠯᠵᠤ᠂ ᠦᠵᠡᠰᠬᠦᠯᠡᠩᠳᠤ ᠰᠠᠶᠢᠬᠠᠨ ᠦᠪᠤᠷ | ᠮᠤᠩᠭᠤᠯ ᠢᠶᠠᠨ ᠪᠦᠳᠦᠬᠡᠨ ᠪᠠᠶᠢᠭᠤᠯᠬᠤ ᠳᠤ ᠬᠦᠴᠤᠨ ᠵᠢᠳᠬᠦᠯ ᠢᠶᠠᠨ ᠦᠵᠡᠬᠦᠯᠵᠤ ᠶᠠᠪᠤᠨ᠎ᠠ᠃ | ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠤᠯᠠᠭᠠᠨᠮᠦ᠋ᠴᠢᠷ ᠤᠨ ᠪᠦᠬᠦ | ᠲᠠᠯ᠎ᠡ ᠪᠠᠷ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠠᠲᠤᠯᠠᠬᠤ ᠶᠢᠨ ᠲᠦᠯᠦᠭᠡ᠂ 11 ᠰᠠᠷ᠎ᠠ ᠶᠢᠨ 1 ᠤ ᠡᠳᠦᠷ | ︽ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠤᠭᠲᠠᠭᠠᠯ︾ ᠵᠢᠩᠭᠢᠨᠢ ᠪᠠᠷ | ᠬᠡᠷᠡᠭᠵᠢᠬᠦᠯᠦᠭᠳᠡᠪᠡ᠃ ᠡᠨᠡ ᠪᠤᠯ ᠦᠪᠡᠷᠲᠡᠭᠡᠨ ᠵᠠᠰᠠᠬᠤ ᠤᠷᠤᠨ ᠤ ᠬᠠᠤᠯᠢ ᠲᠦᠷᠢᠮ ᠤᠨ ᠪᠠᠶᠢᠭᠤᠯᠤᠯᠲᠠ ᠶᠢᠨ | ᠶᠠᠪᠤᠴᠠ ᠳᠠᠬᠢ ᠠᠩᠬᠠᠳᠠᠭᠴᠢ ᠤᠳᠬ᠎ᠠ ᠤᠷᠠᠯᠢᠭ ᠤᠨ ᠪᠦᠯᠬᠦᠮ ᠤᠨ ᠪᠠᠶᠢᠭᠤᠯᠤᠯᠲᠠ᠂ ᠬᠠᠮᠠᠭᠠᠯᠠᠯᠲᠠ᠂ | ᠬᠦᠭᠵᠢᠯᠲᠡ ᠶᠢᠨ ᠠᠰᠠᠭᠤᠳᠠᠯ ᠳᠤ ᠲᠤᠭᠳᠠᠭᠠᠭᠰᠠᠨ ᠤᠷᠤᠨ ᠨᠤᠲᠤᠭ ᠤᠨ ᠴᠢᠨᠠᠷᠳᠠᠢ ᠬᠠᠤᠯᠢ ᠲᠦᠷᠢᠮ ᠪᠠᠶᠢᠵᠤ᠂ | ᠨᠡᠩ ᠴᠦ ᠦᠪᠤᠷ ᠮᠤᠩᠭᠤᠯ ᠤᠨ ᠰᠢ ᠶᠢᠨ ᠫᠢᠡᠭ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ | ᠰᠠᠨᠠᠭ᠎ᠠ ᠶᠢ ᠲᠤᠭᠤᠰᠢᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠤᠲᠠᠲᠠᠢ ᠠᠷᠭ᠎ᠠ ᠠᠪᠴᠠᠯ ᠮᠦᠨ᠃ | ᠬᠦᠯᠦᠨ ᠪᠤᠶᠢᠷ ᠤᠨ ᠦᠨᠳᠦᠰᠦᠲᠡᠨ ᠤ ᠳᠠᠭᠤᠤ ᠪᠦᠵᠢᠭ ᠤᠨ ᠬᠦᠷᠢᠶᠡᠯᠡᠩ ︵ᠬᠦᠯᠦᠨ ᠪᠤᠶᠢᠷ ᠬᠤᠲᠠ ᠶᠢᠨ | ᠰᠢᠭᠤᠤᠨ ᠬᠠᠷᠢᠶ᠎ᠡ ᠤᠯᠠᠭᠠᠨᠮᠦ᠋ᠴᠢᠷ︶ ᠤᠨ ᠳᠠᠭᠤᠯᠠᠬᠤᠢ ᠶᠢᠨ ᠠᠩᠭᠢ ᠶᠢᠨ ᠲᠤᠭᠯᠠᠭᠴᠢᠳ ᠰᠦᠷ ᠤᠮᠤᠭᠯᠠᠩ ︽ | ᠦᠨᠢ ᠮᠦᠡᠭᠭᠡ ᠶᠢᠨ ᠤᠯᠠᠭᠠᠨᠮᠦ᠋ᠴᠢᠷ︾ ᠭᠡᠬᠦ ᠳᠠᠭᠤᠤ ᠪᠠᠷ ᠢᠶᠠᠨ ︽ᠦᠪᠤᠷ ᠮᠤᠩᠭᠤᠯ ᠤᠨ ᠦᠪᠡᠷᠲᠡᠭᠡᠨ ᠵᠠᠰᠠᠬᠤ | ᠤᠷᠤᠨ ᠤ ᠤᠯᠠᠭᠠᠨᠮᠦ᠋ᠴᠢᠷ ᠤᠨ ᠳᠤᠭᠳᠠᠭᠠᠯ︾ ︵ᠳᠤᠤᠷ᠎ᠠ ︽ᠳᠤᠭᠳᠠᠭᠠᠯ︾ ᠭᠡᠵᠤ ᠲᠦᠬᠦᠮᠴᠢᠯᠡᠶ᠎ᠡ︶ ᠵᠢᠩᠭᠢᠨᠢ ᠪᠠᠷ | ᠬᠡᠷᠡᠭᠵᠢᠬᠦᠯᠦᠭᠳᠡᠭᠰᠡᠨ ᠪᠠᠶᠠᠷᠳᠦ ᠮᠦᠴᠡ ᠶᠢ ᠪᠠᠯᠭᠡᠯᠡᠨᠡ᠃ ᠡᠨᠡ ᠳᠠᠭᠤᠤ ᠪᠠᠷ ᠲᠡᠮᠵᠢᠭᠤᠯᠤᠨ ᠤᠯᠠᠭᠠᠨᠮᠦ᠋ᠴᠢᠷ ᠤᠨ | ᠪᠦᠯᠬᠦᠮᠳᠡᠯ ᠲᠠᠪᠰᠢᠯᠳᠡ ᠲᠠᠢ᠂ ᠦᠷᠬᠢᠯᠦᠮᠠ ᠬᠠᠯᠠᠭᠤᠨ᠂ ᠤᠷᠤᠭᠰᠢ ᠲᠠᠪᠰᠢᠬᠤ ᠵᠤᠷᠢᠭ ᠰᠠᠨᠠᠭ᠎ᠠ ᠶᠢ ᠢᠯᠡᠷᠡᠬᠦᠯᠵᠤ᠂ | ᠡᠨᠡ ᠳᠠᠭᠤᠤ ᠪᠠᠷ ᠲᠡᠮᠵᠢᠭᠤᠯᠤᠨ ᠤᠯᠠᠨ ᠵᠢᠯ ᠤᠨ ᠲᠤᠷᠰᠢᠬᠢ ᠲᠠᠯ᠎ᠡ ᠨᠤᠲᠤᠭ ᠤᠨ ︽ᠬᠤᠪᠢᠰᠬᠠᠯᠲᠤ ᠤᠳᠬ᠎ᠠ | ᠤᠷᠠᠯᠢᠭ ᠤᠨ ᠬᠦᠡᠭᠭᠡᠨ ᠮᠤᠷᠢᠲᠦ ᠴᠡᠷᠢᠭ︾ ᠤᠨ ᠦᠯᠢᠭᠡᠷ ᠢ ᠲᠠᠭᠤᠷᠢᠰᠤᠭᠤᠯᠵᠤ᠂ ᠤᠯᠠᠭᠠᠨᠮᠦ᠋ᠴᠢᠷ ᠤᠨ ᠵᠤᠷᠢᠭ | ᠰᠠᠨᠠᠭ᠎ᠠ ᠨᠢ ᠴᠦ ᠦᠪᠤᠷ ᠮᠤᠩᠭᠤᠯ ᠤᠨ ᠤᠳᠬ᠎ᠠ ᠤᠷᠠᠯᠢᠭ ᠤᠨ ᠡᠳᠡᠭᠡᠳ ᠤᠨ ᠬᠢᠨ ᠤ ᠵᠤᠷᠢᠭ ᠰᠠᠨᠠᠭᠠᠨ ᠤ ᠪᠡᠯᠭᠡ | ᠲᠡᠮᠳᠡᠭ ᠪᠤᠯᠵᠠᠢ᠃ | 11 ᠰᠠᠷ᠎ᠠ ᠶᠢᠨ 1 ᠤ ᠡᠳᠦᠷ᠂ ᠲᠤᠰ ︽ᠲᠤᠭᠲᠠᠭᠠᠯ︾ ᠵᠢᠩᠭᠢᠨᠢ ᠪᠠᠷ ᠬᠡᠷᠡᠭᠵᠢᠬᠦᠯᠦᠭᠳᠡᠭᠰᠡᠨ ᠨᠢ | ᠤᠯᠠᠭᠠᠨᠮᠦ᠋ᠴᠢᠷ ᠬᠠᠤᠯᠢ ᠶᠤᠰᠤᠭᠠᠷ ᠪᠦᠲᠦᠭᠡᠨ ᠪᠠᠶᠢᠭᠤᠯᠵᠤ ᠬᠦᠭᠵᠢᠬᠦ ᠰᠢᠨ᠎ᠡ ᠴᠠᠭ ᠡᠷᠢᠨ ᠳᠤ ᠠᠯᠬᠤᠨ | ᠤᠷᠤᠭᠰᠠᠨ ᠢ ᠲᠦᠯᠦᠭᠡᠯᠡᠵᠤ᠂ ᠡᠨᠡ ᠨᠢ ᠭᠠᠭᠴᠡᠬᠦ ᠤᠯᠠᠭᠠᠨᠮᠦ᠋ᠴᠢᠷ ᠤᠨ ᠲᠤᠭᠯᠠᠭᠴᠢᠳ ᠤᠨ ᠠᠩᠬᠠᠷᠤᠨ | ᠬᠠᠯᠠᠮᠵᠢᠯᠠᠵᠤ ᠪᠠᠶᠢᠭ᠎ᠠ ᠲᠤᠮᠤ ᠶᠠᠪᠤᠳᠠᠯ ᠪᠢᠰᠢ᠂ ᠨᠡᠩ ᠴᠦ ᠦᠪᠤᠷ ᠮᠤᠩᠭᠤᠯ ᠤᠨ ᠰᠢ ᠶᠢᠨ ᠫᠢᠡᠭ ᠶᠡᠷᠦᠩᠬᠡᠢ | ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ | ᠪᠤᠲᠠᠲᠠᠢ ᠠᠷᠭ᠎ᠠ ᠠᠪᠴᠠᠯ ᠮᠦᠨ᠃ | ᠤᠯᠤᠰ ᠤᠨ ᠳᠤᠲᠤᠭᠠᠳᠤᠬᠢ ᠬᠠᠮᠤᠭ ᠠᠩᠬᠠᠨ ᠤ ᠤᠯᠠᠭᠠᠨᠮᠦ᠋ᠴᠢᠷ ᠤᠨ ᠭᠠᠵᠠᠷ ᠤᠷᠤᠨ ᠤ ᠴᠢᠨᠠᠷᠲᠠᠢ ᠬᠠᠤᠯᠢ | ᠲᠦᠷᠢᠮ ᠪᠤᠯᠤᠭᠰᠠᠨ ᠤ ᠬᠤᠪᠢ ᠳᠤ ︽ᠲᠤᠭᠲᠠᠭᠠᠯ︾ ᠨᠢ ᠬᠦᠮᠦᠰ ᠤᠨ ᠠᠩᠬᠠᠷᠤᠯ ᠪᠠ ᠬᠦᠰᠡᠯ ᠨᠠᠶᠢᠳᠠᠯᠭ᠎ᠠ ᠶᠢ | ᠤᠨᠴᠠ ᠢᠯᠡᠬᠦᠦ ᠬᠦᠷᠲᠡᠭᠰᠡᠨ ᠪᠢᠯᠡ᠃ ︽ᠠᠵᠤ ᠠᠬᠤᠢ ᠨᠡᠶᠢᠭᠡᠮ ᠰᠤᠶᠤᠯ ᠤᠨ ᠦᠢᠯᠡᠰ ᠤᠨ ᠦᠳᠳᠡᠷ ᠲᠦᠷᠭᠡᠨ | ᠬᠦᠭᠵᠢᠯᠲᠡ ᠶᠢ ᠳᠠᠭᠠᠯᠳᠤᠨ᠂ ᠤᠯᠠᠭᠠᠨᠮᠦ᠋ᠴᠢᠷ ᠬᠦᠭᠵᠢᠯᠲᠡ ᠶᠢᠨ ᠳᠤᠮᠳᠠ ᠪᠠᠨ ᠤᠷᠤᠨ ᠲᠤᠭ᠎ᠠ ᠬᠦᠷᠦᠯᠴᠡᠬᠦ ᠦᠭᠡᠢ | ᠂ ᠵᠠᠷᠤᠳᠠᠯ ᠮᠦᠡᠭᠭᠦ ᠬᠤᠮᠰᠠ᠂ ᠲᠤᠭᠯᠠᠭᠴᠢᠳ ᠨᠠᠰᠤᠵᠢᠭᠰᠠᠨ᠂ ᠴᠢᠳᠠᠪᠤᠷᠢᠳᠡᠨ ᠳᠤᠳᠠᠮᠠᠭ ᠵᠡᠷᠭᠡ ᠳᠤᠯᠭᠠᠮ᠎ᠠ | ᠰᠢᠢᠳᠪᠤᠷᠢᠯᠡᠬᠦ ᠴᠢᠬᠤᠯᠠᠲᠠᠢ ᠬᠦᠴᠢᠷᠳᠠᠯ ᠪᠠ ᠠᠰᠠᠭᠤᠳᠠᠯ ᠳᠤ ᠤᠴᠠᠷᠠᠵᠠᠢ᠃ ︿ᠳᠤᠭᠳᠠᠭᠠᠯ﹀ ᠳᠤ | ᠤᠯᠠᠭᠠᠨᠮᠦ᠋ᠴᠢᠷ ᠤᠨ ᠡᠬᠦᠰᠭᠡᠨ ᠪᠠᠶᠢᠭᠤᠯᠤᠯᠳᠠ᠂ ᠪᠦᠲᠦᠭᠡᠨ ᠪᠠᠶᠢᠭᠤᠯᠤᠯᠳᠡ᠂ ᠬᠦᠭᠵᠢᠯᠳᠡ᠂ ᠬᠠᠮᠠᠭᠠᠯᠠᠯᠲᠠ ᠪᠠ | ᠬᠠᠮᠢᠶᠠᠷᠤᠯᠲᠠ ᠵᠡᠷᠭᠡ ᠲᠠᠯ᠎ᠡ ᠪᠠᠷ ᠪᠤᠳᠠᠳᠠᠢ ᠲᠦᠷᠢᠮ ᠲᠤᠭᠲᠠᠭᠠᠵᠤ᠂ ᠪᠦᠬᠦ ᠬᠤᠲᠠ ᠶᠢᠨ ᠤᠯᠠᠭᠠᠨᠮᠦ᠋ᠴᠢᠷ ᠤᠨ | ᠲᠤᠭᠯᠠᠭᠴᠢᠳ ᠢ ᠤᠯᠠᠮ ᠤᠷᠮᠠᠰᠢᠭᠤᠯᠵᠤ᠂ ᠤᠯᠠᠭᠠᠨᠮᠦ᠋ᠴᠢᠷ ᠤᠨ ᠪᠦᠬᠦ ᠲᠡᠯ᠎ᠠ ᠶᠢᠨ ᠡᠷᠡᠬᠦᠯ ᠬᠦᠭᠵᠢᠯᠲᠡ ᠳᠤ ᠬᠠᠤᠯᠢ | ᠴᠠᠭᠠᠵᠠ ᠶᠢᠨ ᠪᠠᠲᠤᠯᠠᠭ᠎ᠠ ᠬᠠᠨᠭ᠍ᠭᠠᠪᠠ᠃ ᠳᠠᠷᠠᠭ᠎ᠠ ᠠᠯᠬᠤᠮ ᠳᠤ ᠪᠢᠳᠡ ︿ᠲᠤᠭᠲᠠᠭᠠᠯ﹀ ᠢ ᠤᠯᠠᠮ ᠨᠢᠭᠡ ᠠᠯᠬᠤᠮ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠦ᠋ᠴᠢᠷ ᠤᠨ ᠡᠬᠦᠷᠭᠡ ᠴᠢᠳᠠᠪᠬᠢ ᠪᠠᠨ | ᠨᠠᠷᠢᠨ ᠬᠢᠨᠠᠮᠠᠭᠠᠢ ᠬᠦᠢᠴᠡᠳᠭᠡᠵᠤ᠂ ᠤᠯᠠᠭᠠᠨᠮᠦ᠋ᠴᠢᠷ ᠤᠨ ᠦᠢᠯᠡᠰ ᠤᠨ ᠨᠡᠩ ᠰᠠᠶᠢᠨ ᠨᠡᠩ ᠲᠦᠷᠭᠡᠨ ᠬᠦᠭᠵᠢᠯᠲᠡ ᠶᠢ | ᠲᠦᠯᠬᠢᠨ ᠠᠬᠢᠭᠤᠯᠬᠤ ᠬᠡᠷᠡᠭᠲᠡᠢ︾ ᠭᠡᠵᠤ ᠬᠦᠯᠦᠨ ᠪᠤᠶᠢᠷ ᠤᠨ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ | ᠳᠠᠷᠤᠭ᠎ᠠ ᠬᠠᠨ ᠽᠠᠢ ᠭᠠᠨᠭ᠌ ᠶᠠᠷᠢᠵᠤ ᠪᠠᠶᠢᠯ᠎ᠠ᠃ | ᠤᠢᠢᠯᠠᠭᠠᠭᠰᠠᠨ ᠢᠶᠠᠷ᠂ ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠡ ᠤᠯᠠᠭᠠᠨᠮᠦ᠋ᠴᠢᠷ 2018 | ᠤᠨ ᠤ 3 ᠰᠠᠷ᠎ᠠ ᠶᠢᠨ 19 ᠤ ᠡᠳᠦᠷ ᠪᠠᠶᠢᠭᠤᠯᠤᠭᠳᠠᠵᠤ᠂ ᠪᠠᠶᠢᠭᠤᠯᠤᠭᠳᠠᠭᠰᠠᠨ ᠠᠴᠠ ᠪᠠᠨ ᠨᠠᠭᠠᠰᠢ ᠦᠷᠭᠡᠨ | ᠤᠯᠠᠨ ᠲᠦᠮᠡᠨ ᠳᠤ ᠦᠢᠯᠡᠴᠢᠯᠡᠬᠦ ᠲᠠᠷᠬᠠᠨ ᠡᠬᠦᠷᠭᠡ ᠶᠢ ᠡᠬᠦᠷᠭᠡᠯᠡᠨ ᠮᠠᠯᠵᠢᠬᠤ ᠲᠠᠷᠢᠶᠠᠯᠠᠬᠤ ᠤᠷᠤᠨ᠂ ᠦᠨᠳᠦᠰᠦᠨ | ᠱᠠᠲᠤ ᠪᠠᠷ ᠬᠦᠨᠵᠡᠭᠡᠶᠢᠷᠡᠨ᠂ ᠵᠢᠯ ᠪᠦᠷᠢ ᠵᠠᠭᠤ ᠭᠠᠷᠤᠢ ᠲᠠᠯᠠᠪᠤᠷ ᠲᠤᠭᠯᠠᠯᠲᠠ ᠭᠠᠷᠭᠠᠵᠤ᠂ ᠬᠤᠲᠠ ᠶᠢᠨ ᠨᠠᠮ ᠤᠨ | ᠬᠤᠷᠢᠶ᠎ᠡ᠂ ᠵᠠᠰᠠᠭ ᠤᠨ ᠤᠷᠳᠤᠨ ᠤ ᠴᠢᠭᠯᠡᠯ ᠪᠤᠳᠤᠯᠭ᠎ᠠ ᠶᠢ ᠤᠬᠠᠭᠤᠯᠬᠤ᠂ ᠮᠠᠯᠵᠢᠬᠤ ᠲᠠᠷᠢᠶᠠᠯᠠᠬᠤ ᠤᠷᠤᠨ ᠤ | ᠨᠠᠶᠢᠭᠡᠮ ᠵᠢᠷᠤᠮᠳᠤ ᠤᠶᠤᠨ ᠤ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠮᠠᠯᠴᠢᠨ | ᠲᠠᠷᠢᠶᠠᠴᠢᠨ ᠤ ᠰᠤᠶᠤᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠬᠦ᠂ ᠦᠨᠳᠦᠰᠦᠲᠡᠨ ᠤ ᠰᠤᠶᠤᠯ ᠤᠷᠠᠯᠢᠭ ᠢ | ᠬᠦᠭᠵᠢᠬᠦᠯᠬᠦ ᠵᠡᠷᠭᠡ ᠳᠤ ᠴᠢᠬᠤᠯᠠ ᠬᠤᠪᠢ ᠨᠡᠮᠡᠷᠢ ᠪᠠᠨ ᠦᠵᠡᠬᠦᠯᠦᠭᠰᠡᠭᠡᠷ ᠢᠷᠡᠵᠡᠢ᠃ | ᠲᠡᠭᠡᠷ᠎ᠠ ᠵᠠᠭᠤᠨ ᠤ ᠲᠠᠪᠢᠭᠠᠳ ᠤᠨ ᠳᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠩᠬᠠᠨ ᠤ | ᠬᠤᠭᠤᠴᠠᠭᠠᠨ ᠤ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠬᠠᠯᠠᠭᠤᠨ ᠤᠷᠤᠰᠬᠠᠯ ᠳᠤᠮᠳᠠ᠂ ᠦᠪᠤᠷ | ᠮᠤᠩᠭᠤᠯ ᠤᠨ ᠦᠪᠡᠷᠲᠡᠭᠡᠡ ᠵᠠᠰᠠᠬᠤ ᠤᠷᠤᠨ ᠦᠨᠳᠦᠰᠦᠨ ᠱᠠᠲᠤᠨ ᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ | ᠬᠤᠴᠤᠷᠤᠩᠭᠤᠢ ᠲᠦᠷᠰᠦ ᠪᠠᠶᠢᠳᠠᠯ ᠢ ᠬᠤᠪᠢᠷᠠᠭᠤᠯᠬᠤ᠂ ᠮᠠᠯᠴᠢᠨ ᠲᠠᠷᠢᠶᠠᠴᠢᠨ ᠤ ᠰᠤᠶᠤᠯ ᠤᠨ ᠠᠮᠢᠳᠤᠷᠠᠯ ᠢ | ᠰᠠᠶᠢᠵᠢᠷᠠᠭᠤᠯᠬᠤ ᠪᠠ ᠪᠠᠶᠠᠯᠢᠭᠵᠢᠭᠤᠯᠬᠤ ᠶᠢᠨ ᠲᠦᠯᠦᠭᠡ᠂ ᠮᠠᠯᠵᠢᠬᠤ ᠤᠷᠤᠨ ᠪᠠ ᠬᠠᠭᠠᠰ ᠲᠠᠷᠢᠶᠠᠯᠠᠬᠤ ᠬᠠᠭᠠᠰ | ᠮᠠᠯᠵᠢᠬᠤ ᠤᠷᠤᠨ ᠳᠤ ᠤᠯᠠᠭᠠᠨᠮᠦ᠋ᠴᠢᠷ ᠰᠢᠭ᠋ ᠡᠶᠢᠮᠦᠷᠬᠦᠦ ︽ᠬᠤᠪᠢᠰᠬᠠᠯᠲᠤ ᠰᠤᠶᠤᠯ ᠤᠨ ᠬᠦᠡᠭᠭᠡᠨ ᠮᠤᠷᠢᠲᠤ ᠴᠡᠷᠢᠭ | ︾ ᠢ ᠪᠠᠶᠢᠭᠤᠯᠬᠤ ᠪᠠ ᠬᠦᠭᠵᠢᠬᠦᠯᠵᠤ᠂ ᠮᠠᠯᠴᠢᠨ ᠲᠠᠷᠢᠶᠠᠴᠢᠳ ᠪᠠ ᠡᠯ᠎ᠡ ᠦᠨᠳᠦᠰᠦᠲᠡᠨ ᠤ ᠤᠯᠠᠨ ᠲᠦᠮᠡᠨ ᠤ | ᠬᠦᠷᠢᠶᠡᠯᠡᠯ ᠪᠠ ᠲᠡᠮᠵᠢᠯᠭᠡ ᠶᠢ ᠤᠯᠵᠤ᠂ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ | ᠪᠠ ᠰᠤᠶᠤᠯ ᠤᠨ ᠪᠠᠶᠢᠭᠤᠯᠤᠯᠲᠠ ᠳᠤ ᠦᠪᠡᠷᠮᠢᠴᠡ ᠦᠢᠯᠡᠳᠦᠯ ᠦᠵᠡᠬᠦᠯᠵᠤ᠂ ᠵᠸᠤ ᠡᠸ᠋ᠨ ᠯᠠᠢ ᠶᠡᠷᠦᠩᠬᠡᠢ | ᠰᠠᠶᠢᠳ ᠲᠤ ︽ᠨᠡᠶᠢᠭᠡᠮ ᠵᠢᠷᠤᠮ ᠤᠨ ᠰᠢᠨ᠎ᠡ ᠬᠡᠷᠡᠭ ᠪᠤᠳᠠᠰ︾ ᠪᠠ ︽ᠲᠠᠯ᠎ᠠ ᠨᠤᠲᠤᠭ ᠤᠨ ᠤᠯᠠᠭᠠᠨ ᠲᠤᠭ︾ | ᠬᠡᠮᠡᠭᠳᠡᠵᠡᠢ᠃ | ᠤᠢᠢᠷ᠎ᠠ ᠶᠢᠨ ᠵᠢᠯ ᠳᠤ᠂ ᠤᠨᠴᠠᠭᠠᠢᠢᠯᠠᠨ ᠰᠢ ᠶᠢᠨ ᠫᠢᠡᠭ ᠶᠡᠷᠦᠩᠭᠡᠢ ᠱᠦᠵᠢ ᠬᠠᠷᠢᠭᠤ ᠵᠠᠬᠢᠳᠠᠯ | ᠢᠯᠡᠭᠡᠭᠰᠡᠨ ᠠᠴᠠ ᠨᠭᠠᠠᠰᠢ᠂ ᠮᠠᠨ ᠤ ᠬᠤᠲᠠ ᠶᠢᠨ ᠤᠯᠠᠭᠠᠨᠮᠦ᠋ᠴᠢᠷ ᠤᠨ ᠬᠢᠳ ᠠᠷᠠᠳ ᠲᠦᠮᠡᠨ ᠳᠤ ᠦᠢᠯᠡᠴᠢᠯᠡᠬᠦ ᠶᠢ | ᠡᠬᠦᠷᠢᠳᠡ ᠪᠠᠷᠢᠮᠲᠠᠯᠠᠨ᠂ ᠨᠠᠶᠢᠭᠡᠮ ᠵᠢᠷᠤᠮᠲᠤ ᠦᠢᠯᠡᠰ ᠲᠤ ᠦᠢᠯᠡᠴᠢᠯᠡᠬᠦ ᠤᠭ ᠰᠠᠨᠠᠭ᠎ᠠ ᠪᠠᠨ ᠪᠠᠲᠤ ᠪᠠᠷᠢᠮᠲᠠᠯᠠᠨ᠂ | ᠰᠢᠷᠭᠠᠭᠤ ᠬᠠᠳᠠᠭᠤᠵᠢᠯᠲᠠᠢ ᠲᠡᠮᠡᠴᠡᠬᠦ᠂ ᠲᠤᠷᠠᠳᠠᠶ᠎ᠠ ᠵᠤᠷᠢᠭᠤᠯᠬᠤ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ | ᠪᠠᠳᠠᠷᠠᠭᠤᠯᠵᠤ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ︽ᠤᠳᠬ᠎ᠠ ᠤᠷᠠᠯᠢᠭ ᠤᠨ ᠬᠦᠡᠭᠭᠡᠨ ᠮᠤᠷᠢᠲᠤ ᠴᠡᠷᠢᠭ︾ | ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ ᠪᠤᠢ᠃ ᠬᠤᠲᠠ ᠶᠢᠨ ᠰᠤᠶᠤᠯ ᠵᠤᠭᠠᠴᠠᠯ ᠤᠨ ᠲᠤᠪᠴᠢᠶᠠᠨ ᠤ | ᠤᠷᠠᠯᠢᠭ ᠤᠨ ᠰᠠᠯᠠᠭᠠᠨ ᠤ ᠳᠠᠷᠤᠭ᠎ᠠ ᠸᠠᠩ ᠢ ᠳ᠋ᠠᠨ ᠤ ᠲᠠᠨᠢᠯᠴᠠᠭᠤᠯᠤᠭᠰᠠᠨ ᠢᠶᠠᠷ᠂ ᠬᠤᠲᠠ ᠶᠢᠨ ᠰᠢᠭᠤᠳ ᠬᠠᠷᠢᠶ᠎ᠡ | ᠤᠯᠠᠭᠠᠨᠮᠦ᠋ᠴᠢᠷ ᠪᠠᠶᠢᠭᠤᠯᠤᠭᠳᠠᠭᠰᠠᠨ ᠠᠴᠠ ᠨᠠᠭᠠᠰᠢ᠂ 22 ᠪᠦᠯᠦᠭ ᠵᠦᠴᠦᠭᠡ ᠪᠠ ᠳᠠᠭᠤᠤ ᠪᠦᠵᠢᠭ ᠤᠨ | ᠦᠳᠡᠰᠢᠯᠡᠭᠡ ᠵᠤᠬᠢᠶᠠᠨ ᠪᠠᠶᠢᠭᠤᠯᠵᠤ᠂ ᠤᠷᠢᠳ ᠬᠤᠵᠢᠳ ᠬᠡᠳᠦᠨ ᠠᠷᠪᠠᠨ ᠲᠠᠯᠠᠪᠤᠷ ᠲᠤᠮᠤ ᠬᠡᠯᠪᠡᠷᠢ ᠶᠢᠨ | ᠦᠳᠡᠰᠢᠯᠡᠭᠡ ᠡᠷᠬᠢᠯᠡᠭᠰᠡᠨ ᠭᠡᠨ᠎ᠠ᠃ ᠰᠢ ᠶᠢᠨ ᠫᠢᠡᠭ ᠶᠡᠷᠦᠩᠬᠡᠢ ᠱᠦᠵᠢ ᠤᠯᠠᠭᠠᠨᠮᠦ᠋ᠴᠢᠷ ᠲᠤ ᠵᠠᠬᠢᠲᠠᠯ ᠢᠯᠡᠭᠡᠭᠰᠡᠨ | ᠨᠢᠭᠡ ᠵᠢᠯ ᠤᠨ ᠤᠢ ᠶᠢᠨ ᠲᠠᠰᠢᠷᠠᠮ ᠳᠤ ︽ᠤᠭ ᠰᠠᠨᠠᠭ᠎ᠠ ᠪᠠᠨ ᠮᠠᠷᠳᠠᠯ ᠦᠭᠡᠢ᠂ ᠡᠬᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠶ ᠠ — ᠦᠪᠤᠷ ᠮᠤᠩᠭᠤᠯ ᠤᠨ ᠤᠯᠠᠭᠠᠨᠮᠦ᠋ᠴᠢᠷ ᠤᠨ 60 ᠵᠢᠯ ᠤᠨ ᠭᠡᠷᠡᠯ ᠵᠢᠷᠤᠭ ᠤᠨ ᠲᠡᠯᠭᠡᠨ | ᠦᠵᠡᠬᠦᠯᠭᠡ︾ ᠶᠢᠨ ᠬᠦᠯᠦᠨ ᠪᠤᠶᠢᠷ ᠲᠠᠬᠢ ᠳᠤᠭᠤᠷᠢᠨ ᠦᠵᠡᠬᠦᠯᠭᠡ ᠶᠢᠨ ᠠᠵᠢᠯᠯᠠᠭ᠎ᠠ ᠶᠢ ᠡᠬᠢᠯᠡᠬᠦᠯᠵᠤ᠂ ᠬᠦᠯᠦᠨ | ᠪᠤᠶᠢᠷ ᠬᠤᠲᠠ ᠶᠢᠨ ᠠᠩᠬᠠᠳᠠᠭᠴᠢ ᠬᠤᠭᠤᠴᠠᠭᠠᠨ ᠤ ᠤᠯᠠᠭᠠᠨᠮᠦ᠋ᠴᠢᠷ ᠤᠨ ︽ᠨᠢᠭᠡ ᠳᠤ ᠮᠡᠷᠭᠡᠰᠢᠵᠤ ᠤᠯᠠᠨ ᠳᠤ | ᠴᠠᠭᠠᠷᠠᠬᠤ︾ ᠤᠷᠤᠯᠳᠤᠭᠠᠨ ᠵᠡᠷᠭᠡ ᠤᠯᠠᠨ ᠲᠦᠷᠦᠯ ᠤᠨ ᠠᠵᠢᠯᠯᠠᠭ᠎ᠠ ᠦᠷᠨᠢᠬᠦᠯᠪᠠ᠃ | 2019 ᠤᠨ ᠳᠤ᠂ ᠮᠠᠨ ᠤ ᠬᠤᠲᠠ ᠶᠢᠨ ᠤᠯᠠᠭᠠᠨᠮᠦ᠋ᠴᠢᠷ ᠤᠨ ᠵᠤᠬᠢᠶᠠᠭᠰᠠᠨ ᠬᠡᠳᠦ ᠬᠡᠳᠦᠨ ᠪᠦᠲᠦᠭᠡᠯ ᠨᠢ | ᠲᠠᠪᠤᠳᠤᠭᠠᠷ ᠬᠤᠭᠤᠴᠠᠭᠠᠨ ᠤ ᠦᠪᠤᠷ ᠮᠤᠩᠭᠤᠯ ᠤᠨ ᠲᠠᠶᠢᠰᠠᠨ ᠤ ᠤᠷᠠᠯᠢᠭ ᠤᠨ ︽ᠠᠯᠲᠠᠨ ᠦᠭᠡᠷ ᠱᠠᠩᠨᠠᠯ︾ ᠤᠨ | ᠪᠦᠵᠢᠭ ᠤᠨ ᠲᠠᠶᠢᠰᠠᠨ ᠤ ᠤᠷᠠᠯᠢᠭ ᠤᠨ ᠵᠢᠷᠤᠭᠯᠠᠵᠤ ᠲᠦᠯᠦᠪᠯᠡᠭᠰᠡᠨ ᠱᠠᠩᠨᠠᠯ︔ 2019 ︽ᠲᠠᠯ᠎ᠡ ᠨᠤᠲᠤᠭ ᠤᠨ | ᠰᠢᠷᠭᠠᠯ ᠨᠠᠮᠤᠷ︾ ᠪᠦᠬᠦ ᠤᠷᠤᠨ ᠤ ᠳᠠᠭᠤᠯᠠᠬᠤᠢ ᠶᠢᠨ ᠤᠷᠤᠯᠳᠤᠭᠠᠨ ᠤ ᠨᠢᠭᠡᠳᠦᠭᠡᠷ ᠲᠡᠰ ᠤᠨ ᠱᠠᠩᠨᠠᠯ 1᠂ | ᠬᠤᠶᠠᠳᠤᠭᠠᠷ ᠲᠡᠰ ᠤᠨ ᠱᠠᠩᠨᠠᠯ 1᠂ ᠭᠤᠷᠪᠠᠳᠤᠭᠠᠷ ᠲᠡᠰ ᠤᠨ ᠱᠠᠩᠨᠠᠯ 3᠂ ᠰᠢᠯᠢᠳᠡᠭ ᠱᠠᠩᠨᠠᠯ 2 ᠢ ᠬᠦᠷᠲᠡᠪᠠ︔ | ᠬᠦᠯᠦᠨ ᠪᠤᠶᠢᠷ ᠬᠤᠲᠠ ᠶᠢᠨ ᠰᠤᠶᠤᠯ ᠵᠤᠭᠠᠴᠠᠯ ᠷᠠᠳᠢᠣ᠋ ᠲᠧᠯᠸᠢᠰ ᠲᠤᠪᠴᠢᠶ᠎ᠠ ᠨᠢ ︽ᠰᠢᠯᠢᠳᠡᠭ ᠵᠤᠬᠢᠶᠠᠨ | ᠪᠠᠶᠢᠭᠤᠯᠤᠯᠲᠠ ᠶᠢᠨ ᠱᠠᠩᠨᠠᠯ︾ ᠢ ᠪᠠᠭᠲᠠᠭᠠᠭᠰᠠᠨ ᠨᠡᠯᠢᠶᠡᠳ ᠬᠡᠳᠦᠨ ᠱᠠᠩᠨᠠᠯ ᠬᠦᠷᠲᠡᠵᠡᠢ᠃ ᠡᠨᠡ ᠨᠢ | ᠤᠯᠠᠭᠠᠨᠮᠦ᠋ᠴᠢᠷ ᠤᠨ ᠡᠩᠨᠡᠭᠡᠨ ᠤ ᠰᠢᠷᠭᠠᠭᠤ ᠬᠠᠳᠠᠭᠤᠵᠢᠯᠲᠠᠢ ᠳᠡᠮᠡᠴᠡᠬᠦ ᠵᠤᠷᠢᠭ ᠰᠠᠨᠠᠭᠠᠨ ᠤ ᠬᠢᠨᠢ ᠬᠦᠢᠴᠡᠳ | ᠢᠯᠡᠷᠡᠬᠦᠯᠦᠯ ᠪᠤᠯᠤᠭᠰᠠᠨ ᠶᠤᠮ᠃ | ᠬᠤᠶᠢᠰᠢᠲᠡ ᠶᠢᠨ ᠠᠵᠢᠯ ᠤᠨ ᠢᠶᠠᠨ ᠲᠤᠬᠠᠢ ᠸᠠᠩ ᠢ ᠳ᠋ᠠᠨ᠄ ︽︿ᠲᠤᠭᠲᠠᠭᠠᠯ﹀ ᠤᠨ | ᠬᠡᠷᠡᠭᠵᠢᠬᠦᠯᠦᠭᠳᠡᠭᠰᠡᠨ ᠨᠢ ᠪᠢᠳᠡᠨ ᠳᠤ ᠪᠠᠲᠤᠯᠠᠭ᠎ᠠ ᠬᠠᠨᠭ᠍ᠭᠠᠭᠰᠠᠨ ᠪᠦᠭᠡᠳ ᠮᠠᠰᠢ ᠶᠡᠭᠡ ᠲᠦᠯᠬᠢᠴᠡ ᠦᠢᠯᠡᠳᠦᠯ | ᠦᠵᠡᠬᠦᠯᠵᠡᠢ᠃ ᠳᠠᠷᠠᠭ᠎ᠠ ᠠᠯᠬᠤᠮ ᠳᠤ ᠪᠢᠳᠡ ᠠᠷᠠᠳ ᠲᠦᠮᠡᠨ ᠲᠠᠢ ᠤᠢᠢᠷᠠᠳᠤᠭᠰᠠᠨ᠂ ᠤᠯᠠᠮᠵᠢᠯᠠᠭᠳᠠᠨ | ᠲᠠᠷᠬᠠᠭᠠᠭᠳᠠᠵᠤ ᠲᠡᠶᠢᠯᠬᠦ᠋ᠢᠴᠡ᠂ ᠦᠯᠡᠳᠡᠨ ᠬᠤᠴᠤᠷᠴᠦ ᠴᠢᠳᠠᠬᠤᠢᠢᠴᠠ ᠪᠤᠳᠠᠳᠤ ᠠᠬᠤᠢ ᠪᠠᠷ ᠰᠡᠳᠦᠪᠯᠡᠭᠰᠡᠨ | ᠲᠡᠶᠢᠰᠠᠨ ᠤ ᠵᠦᠴᠦᠭᠡ ᠶᠢ ᠵᠤᠬᠢᠶᠠᠨ ᠪᠦᠲᠦᠭᠡᠬᠦ ᠪᠠᠷ ᠴᠢᠷᠮᠠᠶᠢᠵᠤ ᠪᠤᠢ᠃ ᠪᠦᠬᠦ ᠤᠯᠤᠰ ᠤᠨ ᠠᠷᠪᠠᠨ ᠲᠦᠷᠪᠡᠳᠦᠭᠡᠷ | ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠤᠰᠤᠯᠠᠯ ᠠᠴᠠ ᠡᠮᠦᠨᠡᠭᠡᠨ ︿ | ᠤᠯᠠᠭᠠᠨᠮᠦ᠋ᠴᠢᠷ ᠤᠨ ᠳᠤᠭᠯᠠᠯᠲᠠ ᠭᠠᠷᠭᠠᠬᠤ ᠰᠠᠷ᠎ᠠ﹀ ᠶᠢᠨ ᠠᠵᠢᠯᠯᠠᠭ᠎ᠠ ᠦᠷᠨᠢᠬᠦᠯᠬᠦ︔ ᠬᠦᠯᠦᠨ ᠪᠤᠶᠢᠷ ᠬᠤᠲᠠ ᠶᠢᠨ | ᠬᠤᠶᠠᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ︿ᠨᠢᠭᠡ ᠳᠤ ᠮᠡᠷᠭᠡᠰᠢᠵᠤ ᠤᠯᠠᠨ ᠳᠤ ᠴᠠᠭᠠᠷᠠᠬᠤ﹀ | ᠤᠷᠤᠯᠳᠤᠭᠠᠨ ᠦᠷᠨᠢᠬᠦᠯᠬᠦ︔ ᠳᠤᠮᠳᠠᠳᠤ ᠤᠯᠤᠰ · ᠦᠪᠤᠷ ᠮᠤᠩᠭᠤᠯ ᠤᠨ ᠠᠷᠪᠠᠨ ᠳᠤᠯᠤᠳᠤᠭᠠᠷ ᠬᠤᠭᠤᠴᠠᠭᠠᠨ ᠤ | ᠲᠠᠯ ᠡ ᠨᠤᠲᠤᠭ ᠤᠨ ᠰᠤᠶᠤᠯ ᠤᠨ ᠨᠠᠶᠢᠷ ᠲᠤ ᠤᠷᠤᠯᠴᠠᠬᠤ︔ ᠪᠦᠬᠦ ᠤᠷᠤᠨ ᠤ ᠤᠯᠠᠭᠠᠨᠮᠦ᠋ᠴᠢᠷ ᠤᠨ 2020 | — 2021 ᠤᠨ ᠤ ᠬᠢᠨᠠᠨ ᠦᠨᠡᠯᠡᠯᠲᠡ ᠶᠢ ᠪᠡᠶᠡᠯᠡᠬᠦᠯᠬᠦ ᠵᠡᠷᠭᠡ ᠤᠯᠠᠨ ᠲᠦᠷᠦᠯ ᠤᠨ ᠠᠵᠢᠯ ᠢ ᠬᠢᠬᠦ ᠪᠠᠷ ᠪᠤᠢ︾ | ᠭᠡᠵᠤ ᠪᠠᠶᠢᠯ᠎ᠠ᠃ | ᠨᠢᠭᠡᠨ ᠬᠢᠷᠢ ᠲᠡᠩᠴᠡᠭᠰᠡᠨ ᠤᠯᠠᠭᠠᠨᠮᠦ᠋ᠴᠢᠷ ᠤᠨ ᠲᠤᠭᠯᠠᠭᠴᠢ ᠪᠤᠯᠬᠤ ᠭᠡᠪᠡᠯ᠂ ᠬᠦᠳᠡᠭᠡ ᠲᠤᠰᠬᠤᠨ ᠮᠠᠯᠵᠢᠬᠤ | ᠤᠷᠤᠨ ᠤ ᠪᠡᠷᠭᠡ ᠬᠠᠲᠠᠭᠤᠵᠢᠯᠲᠠᠢ ᠨᠦᠬᠦᠴᠡᠯ ᠳᠤᠤᠷ᠎ᠠ ᠬᠡᠵᠢᠶ᠎ᠡ ᠬᠠᠮᠢᠭ᠎ᠠ ᠴᠦ ᠭᠡᠰᠡᠨ ᠦᠭᠡᠢ ᠡᠯ᠎ᠠ ᠲᠦᠷᠦᠯ ᠤᠨ | ᠲᠤᠭᠯᠠᠯᠲᠠ ᠭᠠᠷᠭᠠᠵᠤ᠂ ᠡᠯ᠎ᠠ ᠵᠦᠢᠯ ᠤᠨ ᠲᠦᠷᠢ ᠶᠢ ᠲᠤᠭᠯᠠᠵᠤ ᠴᠢᠳᠠᠬᠤ ᠬᠡᠷᠡᠭᠳᠡᠢ᠃ ᠡᠶᠢᠮᠤ ᠠᠴᠠ ᠡᠷᠬᠡᠪᠰᠢ ︽ | ᠨᠢᠭᠡ ᠳᠤ ᠮᠡᠷᠭᠡᠰᠢᠵᠤ ᠤᠯᠠᠨ ᠳᠤ ᠴᠠᠭᠠᠷᠠᠭᠰᠠᠨ︾ ᠡᠷᠳᠡᠮ ᠪᠠᠶᠢᠬᠤ ᠬᠡᠷᠡᠭᠲᠡᠢ᠃ ᠦᠯᠢᠶᠡᠬᠦ᠂ ᠬᠤᠭᠤᠷᠳᠠᠬᠤ᠂ | ᠳᠠᠭᠤᠯᠠᠬᠤ᠂ ᠪᠦᠵᠢᠭᠯᠡᠬᠦ᠂ ᠲᠤᠭᠯᠠᠬᠤ ᠵᠡᠷᠭᠡ ᠳᠤ ᠴᠦᠮ ᠮᠡᠷᠭᠡᠰᠢᠭᠰᠡᠨ ᠪᠠᠶᠢᠬᠤ ᠬᠡᠷᠡᠭᠲᠡᠢ ᠪᠦᠭᠡᠳ ᠲᠠᠶᠢᠰᠠᠨ ᠤ | ᠬᠡᠷᠡᠯᠳᠦᠬᠦᠯᠭᠡ᠂ ᠳᠠᠭᠤ ᠬᠦᠡᠭᠭᠢᠨᠡᠬᠦᠷ ᠵᠡᠷᠭᠡ ᠶᠢ ᠴᠦ ᠤᠷᠤᠯᠳᠤᠵᠤ ᠴᠢᠳᠠᠬᠤ ᠬᠡᠷᠡᠭᠲᠡᠢ᠃ ᠲᠠᠶᠢᠰᠠᠨ ᠳᠤ ᠭᠠᠷᠪᠠᠯ | ᠲᠤᠭᠯᠠᠭᠴᠢ᠂ ᠲᠠᠶᠢᠰᠠᠨ ᠠᠴᠠ ᠪᠠᠭᠤᠪᠠᠯ ᠠᠵᠢᠯᠲᠡᠨ ᠪᠠᠶᠢᠬᠤ ᠬᠡᠷᠡᠭᠲᠡᠢ᠃ | ᠡᠶᠢᠮᠦᠷᠬᠦᠦ ︽ᠨᠢᠭᠡ ᠳᠤ ᠮᠡᠷᠭᠡᠰᠢᠵᠤ ᠤᠯᠠᠨ ᠳᠤ ᠴᠠᠭᠠᠷᠠᠭᠰᠠᠨ︾ ᠬᠡᠮᠵᠢᠶᠡᠨ ᠳᠤ ᠬᠦᠷᠬᠦ ᠭᠡᠪᠡᠯ ᠦᠵᠡᠬᠦ ᠳᠤ | ᠬᠦᠴᠢᠷ ᠪᠤᠯᠪᠠᠴᠦ ᠦᠶ᠎ᠡ ᠦᠶ᠎ᠡ ᠶᠢᠨ ᠤᠯᠠᠭᠠᠨᠮᠦ᠋ᠴᠢᠷ ᠤᠨ ᠲᠤᠭᠯᠠᠭᠴᠢᠳ ︽ᠨᠢᠭᠡ ᠳᠤ ᠮᠡᠷᠭᠡᠰᠢᠵᠤ ᠤᠯᠠᠨ ᠳᠤ | ᠴᠠᠭᠠᠷᠠᠬᠤ︾ ᠶᠢ ᠪᠡᠶᠡᠯᠡᠬᠦᠯᠵᠤ ᠴᠢᠳᠠᠬᠤ ᠪᠦᠭᠡᠳ ᠰᠠᠶᠢᠨ ᠪᠠᠶᠠᠯᠡᠬᠦᠯᠵᠤ ᠴᠢᠳᠠᠨ᠎ᠠ ᠭᠡᠳᠡᠭ ᠢ ᠠᠯᠢ ᠬᠡᠵᠢᠶᠡᠨᠡᠢ | ᠪᠤᠳᠠᠳᠤ ᠠᠵᠢᠯᠯᠠᠭ᠎ᠠ ᠪᠠᠷ ᠢᠶᠠᠨ ᠬᠡᠷᠡᠴᠢᠯᠡᠭᠰᠡᠨ ᠪᠢᠯᠡ᠃ ︽ᠨᠢᠭᠡ ᠳᠤ ᠮᠡᠷᠭᠡᠰᠢᠵᠤ ᠤᠯᠠᠨ ᠳᠤ ᠴᠠᠭᠠᠷᠠᠬᠤ︾ ᠨᠢ | ᠦᠨᠳᠦᠰᠦᠨ ᠱᠠᠲᠤᠨ ᠤ ᠤᠯᠠᠭᠠᠨᠮᠦ᠋ᠴᠢᠷ ᠤᠨ ᠲᠤᠭᠯᠠᠭᠴᠢᠳ ᠤᠨ ᠡᠷᠬᠡᠪᠰᠢ ᠪᠦᠷᠢᠯᠳᠦᠬᠦᠯᠬᠦ ᠬᠡᠷᠡᠭᠳᠡᠢ ᠬᠡᠪ | ᠪᠤᠯᠪᠠᠰᠤᠷᠠᠯ ᠪᠠᠶᠢᠵᠤ᠂ ᠨᠡᠩ ᠴᠦ ᠲᠡᠳᠡᠨᠤᠰ ᠤᠨ ᠤᠮᠤᠭᠰᠢᠯ ᠪᠠ ᠢᠷᠠᠭᠤ ᠠᠯᠳᠠᠷ ᠮᠦᠨ ᠭᠡᠵᠤ ᠬᠡᠯᠡᠵᠤ ᠪᠤᠯᠤᠨ᠎ᠠ᠃ | | ᠬᠦᠯᠦᠨ ᠪᠤᠶᠢᠷ ᠤᠨ ᠦᠨᠳᠦᠰᠦᠲᠡᠨ ᠤ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ | ᠬᠦᠭᠵᠢᠮ ᠤᠨ ᠪᠦᠯᠬᠦᠮ ᠤᠨ ᠲᠡᠳ᠋ ᠳᠠᠷᠤᠭ᠎ᠠ᠂ ᠤᠯᠤᠰ ᠤᠨ ᠨᠢᠭᠡᠳᠦᠭᠡᠷ ᠲᠡᠰ ᠤᠨ ᠲᠤᠭᠯᠠᠭᠴᠢ᠂ ᠠᠯᠳᠠᠷᠲᠦ | ᠬᠦᠭᠵᠢᠮ ᠤᠨ ᠵᠤᠬᠢᠶᠠᠭᠴᠢ᠂ ᠵᠢᠯᠤᠭᠤᠳᠤᠭᠴᠢ ᠴᠧᠨ ᠰᠢᠶᠤᠤ ᠢᠤᠢ ᠪᠤᠯ ᠳᠠᠷᠤᠢ ᠡᠶᠢᠮᠦᠷᠬᠦᠦ ︽ᠨᠢᠭᠡ ᠳᠤ | ᠮᠠᠷᠭᠡᠰᠢᠵᠤ ᠤᠯᠠᠨ ᠳᠤ ᠴᠠᠭᠠᠷᠠᠭᠰᠠᠨ︾ ᠤᠯᠠᠭᠠᠨᠮᠦ᠋ᠴᠢᠷ ᠤᠨ ᠲᠤᠭᠯᠠᠭᠴᠢ ᠮᠦᠨ᠃ ᠲᠡᠷᠡ᠄ ︽︿ᠳᠤᠭᠳᠠᠭᠠᠯ﹀ | ᠤᠨ ᠨᠡᠶᠢᠲᠡᠯᠡᠭᠳᠡᠨ ᠬᠡᠷᠡᠭᠵᠢᠬᠦᠯᠦᠭᠳᠡᠭᠰᠡᠨ ᠨᠢ ᠪᠢᠳᠡᠨ ᠤ ᠢᠲᠡᠭᠡᠯ ᠢ ᠪᠠᠳᠤᠳᠬᠠᠵᠤ᠂ ᠰᠠᠨᠠᠭᠠᠰᠢᠷᠠᠬᠤ ᠵᠦᠢᠯ ᠦᠭᠡᠢ | ᠪᠤᠯᠵᠤ ᠨᠡᠩ ᠰᠠᠶᠢᠨ ᠪᠦᠲᠦᠭᠡᠯ ᠵᠤᠬᠢᠶᠠᠨ ᠪᠦᠲᠦᠭᠡᠬᠦ ᠳᠤ ᠰᠠᠭᠤᠷᠢ ᠪᠤᠯᠵᠠᠢ᠃ ᠪᠢᠳᠡ ᠤᠯᠠᠨ ᠲᠦᠮᠡᠨ ᠤ ᠳᠤᠮᠳᠠ | ᠬᠦᠨᠵᠡᠭᠡᠶᠢᠷᠡᠨ᠂ ᠤᠯᠠᠨ ᠲᠦᠮᠡᠨ ᠤ ᠳᠤᠮᠳᠠ ᠦᠨᠳᠦᠰᠦᠯᠡᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠤ | ᠴᠢᠳᠠᠬᠤ ᠪᠤᠯᠤᠭᠰᠠᠨ᠃ ᠬᠤᠶᠢᠰᠢᠲᠡ ᠪᠢᠳᠡ ᠲᠡᠯ᠎ᠠ ᠨᠤᠲᠤᠭ ᠤᠨ ︿ᠬᠤᠪᠢᠰᠬᠠᠯᠲᠤ ᠤᠳᠬ᠎ᠠ ᠤᠷᠠᠯᠢᠭ ᠤᠨ ᠬᠦᠡᠭᠭᠡᠨ | ᠮᠤᠷᠢᠲᠦ ᠴᠡᠷᠢᠭ﹀ ᠤᠨ ᠵᠤᠷᠢᠭ ᠰᠠᠨᠠᠭ᠎ᠠ ᠪᠠᠨ ᠦᠷᠬᠦᠯᠵᠢᠯᠡᠨ ᠪᠠᠳᠠᠷᠠᠭᠤᠯᠵᠤ᠂ ᠦᠡᠳᠤᠰᠤᠨ ᠱᠠᠳᠤᠨ ᠤ ᠠᠷᠠᠳ | ᠤᠯᠠᠨ ᠳᠤ ᠡᠬᠡ ᠤᠯᠤᠰ ᠤᠨ ᠴᠡᠴᠡᠭᠯᠡᠨ ᠬᠦᠭᠵᠢᠯᠲᠡ ᠠᠴᠠ ᠤᠯᠭᠤᠭᠰᠠᠨ ᠪᠠᠶᠠᠷ ᠵᠢᠷᠭᠠᠯ ᠢ ᠡᠳ᠋ᠯᠡᠬᠦᠯᠦᠨ᠎ᠡ᠃ | ᠨᠡᠮ ᠤᠨ ᠳᠠᠭᠤᠨ ᠪᠠ ᠨᠠᠮ ᠤᠨ ᠬᠠᠶᠢᠷ᠎ᠠ ᠬᠠᠯᠠᠮᠵᠢ ᠶᠢ ᠴᠠᠭ ᠲᠤᠬᠠᠢ ᠳᠤᠨᠢ ᠳᠠᠮᠵᠢᠭᠤᠯᠤᠨ᠎ᠠ︾ ᠭᠡᠵᠤ | ᠳᠤᠭᠳᠤᠯᠤᠭᠰᠠᠨ ᠰᠡᠳᠬᠢᠯᠭᠡ ᠪᠠᠨ ᠳᠠᠷᠤᠵᠤ ᠶᠠᠳᠠᠨ ᠶᠠᠷᠢᠵᠤ ᠪᠠᠶᠢᠯ᠎ᠠ᠃ | ᠪᠡᠳᠦ ᠪᠤᠯ ᠤᠯᠠᠭᠠᠨᠮᠦ᠋ᠴᠢᠷ ᠤᠨ ᠪᠦᠵᠢᠭ ᠤᠨ ᠠᠩᠭᠢ ᠶᠢᠨ ᠳᠠᠷᠤᠭ᠎ᠠ ᠪᠠᠶᠢᠵᠤ᠂ ᠲᠡᠷᠡ | ᠰᠤᠷᠪᠤᠯᠵᠢᠯᠠᠭᠴᠢ ᠳᠤ ᠤᠳᠬ᠎ᠠ ᠤᠷᠠᠯᠢᠭ ᠤᠨ ᠪᠦᠯᠬᠦᠮ ᠤᠨ ᠠᠵᠢᠯ ᠤᠨ ᠤᠨᠴᠠᠭᠠᠢ ᠴᠢᠨᠠᠷ ᠠᠴᠠ ᠪᠤᠯᠵᠤ᠂ | ᠲᠤᠭᠯᠠᠭᠴᠢᠳ ᠤᠨ ᠳᠤᠮᠳᠠᠴᠢ ᠨᠠᠰᠤ ᠤᠯᠠᠮ ᠪᠠᠭ᠎ᠠ ᠪᠤᠯ ᠤᠯᠠᠮ ᠬᠦᠷᠢᠶᠡᠯᠡᠯ ᠲᠠᠢ ᠪᠠᠶᠢᠳᠠᠭ᠃ ︽ᠳᠤᠭᠳᠠᠭᠠᠯ︾ | ᠤᠨ ᠬᠡᠷᠡᠭᠵᠢᠬᠦᠯᠦᠭᠳᠡᠭᠰᠡᠨ ᠨᠢ ᠨᠢᠭᠡ ᠪᠦᠯᠦᠭ ᠨᠠᠰᠤ ᠲᠤᠮᠤ ᠪᠤᠯᠤᠭᠰᠠᠨ ᠠᠴᠠ ᠲᠤᠭᠯᠠᠯᠲᠠ ᠶᠢᠨ ᠴᠢᠨᠠᠷ | ᠴᠢᠠᠰᠠᠭ᠎ᠠ ᠶᠢ ᠪᠠᠲᠤᠯᠠᠵᠤ ᠲᠡᠶᠢᠯᠬᠦ ᠦᠭᠡᠢ ᠪᠤᠯᠤᠭᠰᠠᠨ ᠲᠤᠭᠯᠠᠭᠴᠢᠳ ᠤᠨ ᠰᠠᠨᠠᠭᠠᠰᠢᠷᠠᠯ ᠢ ᠦᠭᠡᠶᠢᠰᠭᠡᠭᠰᠡᠨ ᠪᠦᠭᠡᠳ | ᠰᠢᠨ᠎ᠠ ᠲᠤᠭᠯᠠᠭᠴᠢᠳ ᠤᠨ ᠠᠵᠢᠯ ᠤᠨ ᠢᠳᠡᠪᠬᠢᠵᠢᠯ ᠢ ᠳᠠᠶᠢᠴᠢᠯᠠᠵᠤ᠂ ᠤᠯᠠᠭᠠᠨᠮᠦ᠋ᠴᠢᠷ ᠤᠨ ᠡᠩᠨᠡᠭᠡᠨ ᠤ ᠪᠦᠬᠦ᠋ᠢᠯᠡ | ᠴᠤᠭᠴᠠ ᠶᠢᠨ ᠠᠮᠢᠵᠢᠷᠠᠯ ᠤᠨ ᠬᠦᠴᠦᠨ ᠢ ᠴᠢᠩᠭᠠᠳᠬᠠᠵᠠᠢ ᠭᠡᠵᠤ ᠪᠠᠶᠢᠯ᠎ᠠ᠃ | ᠡᠨᠡ ᠵᠢᠯ ᠪᠦᠬᠦ ᠬᠤᠲᠠ ᠶᠢᠨ ᠡᠯ᠎ᠠ ᠤᠯᠠᠭᠠᠨᠮᠦ᠋ᠴᠢᠷ ᠤᠨ ᠬᠢᠳ ᠰᠤᠶᠤᠯ ᠤᠨ ᠠᠵᠢᠯ ᠦᠢᠯᠡᠰ ᠤᠨ ᠴᠡᠴᠡᠭᠯᠡᠨ | ᠬᠦᠭᠵᠢᠯᠲᠡ ᠶᠢ ᠪᠠᠲᠤᠲᠠᠢ ᠲᠦᠯᠬᠢᠨ ᠠᠬᠢᠭᠤᠯᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ 10 | ᠰᠠᠷ᠎ᠠ ᠶᠢᠨ ᠰᠡᠬᠦᠯᠴᠢ ᠪᠤᠯᠲᠠᠯ᠎ᠠ 1130 ᠲᠠᠯᠠᠪᠤᠷ ᠲᠤᠭᠯᠠᠯᠲᠠ ᠭᠠᠷᠭᠠᠵᠤ᠂ 61.92 ᠲᠦᠮᠡᠨ ᠮᠠᠯᠴᠢᠨ | ᠲᠠᠷᠢᠶᠠᠴᠢᠨ ᠠᠰᠢᠭ ᠬᠦᠷᠲᠡᠭᠰᠡᠨ ᠶᠤᠮ᠃ ᠪᠦᠬᠦ ᠬᠤᠲᠠ ᠶᠢᠨ ᠤᠯᠠᠭᠠᠨᠮᠦ᠋ᠴᠢᠷ ᠤᠨ ᠬᠢᠳ 4 · 15 ︽ᠤᠯᠤᠰ ᠤᠨ | ᠠᠮᠤᠷ ᠲᠦᠪᠰᠢᠨ ᠤ ᠡᠳᠦᠷᠯᠢᠭ︾᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ︽ | ᠠᠷᠪᠠ ᠶᠢ ᠭᠠᠴᠠᠭ᠎ᠠ ᠲᠤᠰᠬᠤᠨ︾ ᠳᠤ ᠬᠦᠷᠭᠡᠬᠦ ᠲᠤᠰᠬᠠᠢ ᠲᠠᠯᠠᠪᠤᠷ ᠲᠤᠭᠯᠠᠯᠲᠠ ᠶᠢ 24 ᠲᠠᠯᠠᠪᠤᠷ ᠭᠠᠷᠭᠠᠵᠤ᠂ 6. | 13 ᠲᠦᠮᠡᠨ ᠮᠠᠯᠴᠢᠨ ᠲᠠᠷᠢᠶᠠᠴᠢᠨ ᠠᠰᠢᠭ ᠬᠦᠷᠲᠡᠭᠰᠡᠨ ᠶᠤᠮ᠃ ︽ᠬᠠᠷ᠎ᠠ ᠪᠦᠯᠦᠭᠳᠡᠨ ᠢ ᠠᠷᠢᠯᠭᠠᠵᠤ ᠬᠠᠷᠬᠢᠰ | ᠬᠦᠴᠦᠨ ᠢ ᠦᠭᠡᠶᠢᠰᠭᠡᠬᠦ︾ ᠲᠤᠰᠬᠠᠢ ᠰᠡᠳᠦᠪᠲᠦ ᠲᠤᠭᠯᠠᠯᠲᠠ 33 ᠲᠠᠯᠠᠪᠤᠷ ᠭᠠᠷᠭᠠᠵᠠᠢ ᠃ | ᠤᠯᠠᠭᠠᠨᠮᠦ᠋ᠴᠢᠷ ᠤᠨ ᠡᠩᠨᠡᠭᠡ ᠡᠳᠦᠷ ᠢᠷᠡᠬᠦᠶ᠎ᠠ ᠪᠤᠵᠠᠭᠠᠢᠢᠷᠠᠨ᠂ ᠬᠤᠪᠢᠰᠬᠠᠯ ᠤᠨ ᠢᠮ ᠲᠠᠮᠠᠭ᠎ᠠ ᠦᠶ᠎ᠡ ᠶᠢᠨ | ᠦᠶ᠎ᠡ ᠳᠤ ᠤᠯᠠᠮᠵᠢᠯᠠᠭᠳᠠᠨ᠎ᠠ᠃ ᠳᠠᠷᠠᠭ᠎ᠠ ᠵᠢᠯ ᠬᠦᠯᠦᠨ ᠪᠤᠶᠢᠷ ᠤᠨ ᠦᠨᠳᠦᠰᠦᠲᠡᠨ ᠤ ᠳᠠᠭᠤᠤ ᠪᠦᠵᠢᠭ | ᠵᠦᠴᠦᠭᠡ ᠶᠢᠨ ᠬᠦᠷᠢᠶᠡᠯᠡᠩ ︵ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠠ ᠤᠯᠠᠭᠠᠨᠮᠦ᠋ᠴᠢᠷ︶ 70 ᠵᠢᠯ ᠤᠨ | ᠤᠢ ᠪᠠᠨ ᠤᠭᠳᠤᠬᠤ ᠪᠤᠯᠤᠨ᠎ᠠ᠃ ᠡᠨᠡ ᠲᠠᠰᠢᠷᠠᠮ ᠳᠤ ᠪᠦᠬᠦ ᠬᠤᠲᠠ ᠶᠢᠨ ᠤᠯᠠᠭᠠᠨᠮᠦ᠋ᠴᠢᠷ ᠤᠨ ᠲᠤᠭᠯᠠᠭᠴᠢᠳ | ᠠᠷᠡᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢ ᠦᠷᠬᠦᠯᠵᠢᠯᠡᠨ ᠪᠠᠷᠢᠮᠲᠠᠯᠠᠵᠤ᠂ | ᠬᠦᠯᠦᠨ ᠪᠤᠶᠢᠷ ᠤᠨ ᠮᠤᠩᠭᠤᠯ᠂ ᠳᠠᠭᠤᠷ᠂ ᠤᠷᠴᠤᠨ᠂ ᠡᠸᠡᠩᠭᠢ᠂ ᠤᠷᠤᠰ ᠵᠡᠷᠭᠡ ᠴᠦᠭᠡᠨ ᠲᠤᠭᠠᠲᠤ | ᠦᠨᠳᠦᠰᠦᠲᠡᠨ ᠤ ᠰᠤᠶᠤᠯ ᠤᠷᠠᠯᠢᠭ ᠢ ᠤᠯᠠᠮ ᠨᠢᠭᠡ ᠠᠯᠬᠤᠮ ᠠᠭᠤᠳᠠᠯᠯᠠᠵᠤ᠂ ᠤᠯᠠᠮᠵᠢᠯᠠᠨ᠂ ᠪᠠᠳᠠᠷᠠᠭᠤᠯᠵᠤ | ᠬᠦᠭᠵᠢᠬᠦᠯᠦᠨ᠎ᠠ᠃ ᠨᠡᠶᠢᠭᠡᠮ ᠵᠢᠷᠤᠮᠲᠤ ᠭᠤᠤᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠮᠵᠢ ᠪᠤᠯᠭᠠᠵᠤ᠂ | ᠦᠨᠳᠦᠰᠦᠨ ᠱᠠᠲᠤᠨ ᠳᠤ ᠬᠦᠨᠵᠡᠭᠡᠶᠢᠷᠡᠬᠦ᠂ ᠰᠢᠷᠭᠠᠭᠤ ᠬᠠᠳᠠᠭᠤᠵᠢᠯᠲᠠᠢ ᠲᠡᠮᠡᠴᠡᠬᠦ᠂ ᠳᠤᠷᠠᠲᠠᠶᠡ ᠵᠤᠷᠢᠭᠤᠯᠬᠤ | ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠰᠢᠯᠢᠳᠡᠭ ᠦᠨᠳᠦᠰᠦᠲᠡᠨ ᠤ ᠰᠤᠶᠤᠯ ᠤᠨ ᠤᠯᠠᠮᠵᠢᠯᠠᠯ ᠪᠠ | ᠰᠢᠨᠠᠴᠢᠯᠡᠯ ᠢ ᠲᠦᠯᠬᠢᠨ ᠠᠬᠢᠭᠤᠯᠵᠤ᠂ ᠨᠡᠶᠢᠭᠡᠮ ᠵᠢᠷᠤᠮᠲᠦ ᠤᠳᠬ᠎ᠠ ᠤᠷᠠᠯᠢᠭ ᠤᠨ ᠹᠷᠤᠨᠲ ᠤᠨ ᠲᠤᠭᠴᠢ ᠪᠠ ᠲᠠᠯ᠎ᠡ | ᠨᠤᠲᠤᠭ ᠲᠡᠭᠡᠷᠡᠬᠢ ︽ᠬᠤᠪᠢᠰᠬᠠᠯᠲᠤ ᠤᠳᠬ᠎ᠠ ᠤᠷᠠᠯᠢᠭ ᠤᠨ ᠬᠦᠡᠭᠭᠡᠨ ᠮᠤᠷᠢᠲᠤ ᠴᠡᠷᠢᠭ︾ ᠪᠤᠯᠬᠤ ᠪᠠᠷ ᠴᠢᠷᠮᠠᠶᠢᠨ | ᠲᠡᠮᠡᠴᠡᠨ᠎ᠡ᠃ | ᠵᠣᠬᠢᠶᠠᠭᠴᠢ᠄ ᠯᠢᠦ ᠬᠠᠨ ᠴᠢᠦ ᠬᠠᠨ ᠢᠦᠢ | | |