ᠤᠯᠠᠭᠠᠨᠮᠦ᠋ᠴᠢᠷ᠄ ᠲᠡᠯ᠎ᠡ ᠨᠤᠲᠤᠭ ᠲᠤ ᠦᠨᠳᠦᠰᠦᠯᠡᠭᠰᠡᠨ ᠤᠷᠠᠯᠢᠭ ᠤᠨ ᠤᠯᠠᠭᠠᠨ ᠴᠡᠴᠡᠭ
ᠨᠡᠶᠢᠲᠡᠯᠡᠭᠰᠡᠨ ᠴᠠᠭ᠄
2021/2/22
ᠨᠠᠶᠢᠷᠠᠭᠤᠯᠤᠭᠴᠢ ᠶᠢᠨ ᠦᠭᠡ᠄      60 ᠵᠢᠯ ᠤᠨ ᠲᠤᠷᠰᠢ᠂ ᠦᠶ᠎ᠠ ᠦᠶ᠎ᠠ ᠶᠢᠨ ᠤᠯᠠᠭᠠᠨᠮᠦ᠋ᠴᠢᠷ ᠤᠨ ᠭᠡᠰᠢᠭᠦᠳ ᠰᠠᠯᠬᠢ ᠰᠢᠭᠤᠷᠭᠠᠨ ᠢ ᠰᠦᠷᠴᠤ᠂ ᠳᠡᠰᠭᠢᠮ᠎ᠠ ᠬᠦᠢᠲᠡᠨ ᠪᠠ ᠠᠭᠠᠬᠢᠮ᠎ᠠ ᠬᠠᠯᠠᠭᠤᠨ ᠢ ᠬᠠᠶᠢᠬᠤᠷᠤᠯ ᠦᠭᠡᠢ᠂ ᠤᠷᠲᠤ ᠬᠤᠭᠤᠴᠠᠭ᠎ᠠ ᠪᠠᠷ ᠭᠤᠪᠢ ᠴᠦᠯ᠂ ᠲᠠᠯ᠎ᠠ ᠨᠤᠲᠤᠭ ᠢᠶᠠᠷ ᠠᠶᠠᠯᠠᠵᠦ᠂ ᠬᠦᠭᠡ ᠲᠡᠭᠷᠢ ᠪᠠᠷ ᠪᠦᠵᠢᠭ ᠤᠨ ᠲᠠᠶᠢᠰᠠ ᠪᠠᠨ ᠪᠤᠯᠭᠠᠵᠦ᠂ ᠦᠷᠭᠡᠨ ᠤᠯᠠᠨ ᠮᠠᠯᠴᠢᠨ ᠲᠠᠷᠢᠶᠠᠴᠢᠨ ᠳᠤ ᠪᠠᠶᠠᠷ ᠪᠠᠭ᠋ᠠᠲᠤᠯ ᠪᠠ ᠪᠤᠯᠪᠠᠰᠤᠨ ᠢ ᠬᠦᠷᠭᠡᠵᠦ᠂ ᠨᠠᠮ ᠤᠨ ᠲᠠᠭᠤᠨ ᠬᠤᠭᠤᠯᠠᠢ ᠪᠠ ᠬᠠᠶᠢᠷ᠎ᠠ ᠬᠠᠯᠠᠮᠵᠢ ᠶᠢ ᠲᠠᠮᠵᠢᠭᠤᠯᠤᠭᠰᠠᠭᠠᠷ ᠢᠷᠡᠵᠡᠢ᠃      ᠤᠯᠠᠭᠠᠨᠮᠦ᠋ᠴᠢᠷ ᠤᠨ ᠬᠢᠨ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ᠂ ᠰᠢᠯᠢᠳᠡᠭ ᠤᠯᠠᠮᠵᠢᠯᠠᠯ ᠢᠶᠠᠨ ᠪᠠᠲᠠᠷᠠᠭᠤᠯᠵᠤ᠂ ᠪᠤᠲᠠᠲᠤ ᠦᠢᠯᠡᠳᠦᠯᠭᠡ ᠪᠠᠷ ᠢᠶᠠᠨ ᠰᠢᠨ᠎ᠠ ᠴᠠᠭ ᠦᠶ᠎ᠡ ᠶᠢᠨ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠩᠭᠡᠨ ᠮᠤᠷᠢᠲᠦ ᠴᠡᠷᠢᠭ︾ ᠤᠨ ᠴᠤᠭ ᠵᠢᠪᠬᠤᠭ᠎ᠠ ᠶᠢ ᠢᠯᠠᠷᠡᠭᠦᠯᠦᠭᠰᠡᠭᠡᠷ ᠁ ᠡᠯ᠎ᠠ ᠹᠷᠤᠨᠲ ᠤᠨ ᠺᠠᠳ᠋ᠷ ᠠᠵᠢᠯᠳᠠᠳ ᠴᠤ ᠰᠢ ᠶᠢᠨ ᠫᠢᠡᠭ ᠤᠨ ᠴᠢᠬᠤᠯᠠ ᠵᠢᠭᠠᠪᠤᠷᠢ ᠶᠢᠨ ᠲᠠᠭᠠᠤ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠢᠳᠡᠪᠬᠢᠳᠡᠢ ᠰᠤᠷᠤᠯᠴᠠᠨ ᠦᠢᠯᠡᠳᠤᠯᠬᠡᠵᠢᠬᠦᠯᠵᠤ᠂ ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠦᠬᠡᠨ ᠪᠠᠶᠢᠭᠤᠯᠬᠤ ᠳᠤ ᠬᠦᠴᠤᠨ ᠵᠢᠳᠬᠦᠯ ᠢᠶᠠᠨ ᠦᠵᠡᠬᠦᠯᠵᠤ ᠶᠠᠪᠤᠨ᠎ᠠ᠃     ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠤᠯᠠᠭᠠᠨᠮᠦ᠋ᠴᠢᠷ ᠤᠨ ᠪᠦᠬᠦ ᠲᠠᠯ᠎ᠡ ᠪᠠᠷ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠠᠲᠤᠯᠠᠬᠤ ᠶᠢᠨ ᠲᠦᠯᠦᠭᠡ᠂ 11  ᠰᠠᠷ᠎ᠠ  ᠶᠢᠨ 1 ᠤ ᠡᠳᠦᠷ ︽ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠤᠭᠲᠠᠭᠠᠯ︾ ᠵᠢᠩᠭᠢᠨᠢ ᠪᠠᠷ ᠬᠡᠷᠡᠭᠵᠢᠬᠦᠯᠦᠭᠳᠡᠪᠡ᠃ ᠡᠨᠡ ᠪᠤᠯ ᠦᠪᠡᠷᠲᠡᠭᠡᠨ ᠵᠠᠰᠠᠬᠤ ᠤᠷᠤᠨ ᠤ ᠬᠠᠤᠯᠢ ᠲᠦᠷᠢᠮ ᠤᠨ ᠪᠠᠶᠢᠭᠤᠯᠤᠯᠲᠠ ᠶᠢᠨ ᠶᠠᠪᠤᠴᠠ ᠳᠠᠬᠢ ᠠᠩᠬᠠᠳᠠᠭᠴᠢ ᠤᠳᠬ᠎ᠠ ᠤᠷᠠᠯᠢᠭ ᠤᠨ ᠪᠦᠯᠬᠦᠮ ᠤᠨ ᠪᠠᠶᠢᠭᠤᠯᠤᠯᠲᠠ᠂ ᠬᠠᠮᠠᠭᠠᠯᠠᠯᠲᠠ᠂ ᠬᠦᠭᠵᠢᠯᠲᠡ ᠶᠢᠨ ᠠᠰᠠᠭᠤᠳᠠᠯ ᠳᠤ ᠲᠤᠭᠳᠠᠭᠠᠭᠰᠠᠨ ᠤᠷᠤᠨ ᠨᠤᠲᠤᠭ ᠤᠨ ᠴᠢᠨᠠᠷᠳᠠᠢ ᠬᠠᠤᠯᠢ ᠲᠦᠷᠢᠮ ᠪᠠᠶᠢᠵᠤ᠂ ᠨᠡᠩ ᠴᠦ ᠦᠪᠤᠷ ᠮᠤᠩᠭᠤᠯ ᠤᠨ ᠰᠢ ᠶᠢᠨ ᠫᠢᠡᠭ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠤᠲᠠᠲᠠᠢ ᠠᠷᠭ᠎ᠠ ᠠᠪᠴᠠᠯ ᠮᠦᠨ᠃    ᠬᠦᠯᠦᠨ ᠪᠤᠶᠢᠷ ᠤᠨ ᠦᠨᠳᠦᠰᠦᠲᠡᠨ ᠤ ᠳᠠᠭᠤᠤ ᠪᠦᠵᠢᠭ ᠤᠨ ᠬᠦᠷᠢᠶᠡᠯᠡᠩ ︵ᠬᠦᠯᠦᠨ ᠪᠤᠶᠢᠷ ᠬᠤᠲᠠ ᠶᠢᠨ ᠰᠢᠭᠤᠤᠨ ᠬᠠᠷᠢᠶ᠎ᠡ ᠤᠯᠠᠭᠠᠨᠮᠦ᠋ᠴᠢᠷ︶ ᠤᠨ ᠳᠠᠭᠤᠯᠠᠬᠤᠢ ᠶᠢᠨ ᠠᠩᠭᠢ ᠶᠢᠨ ᠲᠤᠭᠯᠠᠭᠴᠢᠳ ᠰᠦᠷ ᠤᠮᠤᠭᠯᠠᠩ ︽ᠦᠨᠢ ᠮᠦᠡᠭᠭᠡ ᠶᠢᠨ ᠤᠯᠠᠭᠠᠨᠮᠦ᠋ᠴᠢᠷ︾ ᠭᠡᠬᠦ ᠳᠠᠭᠤᠤ ᠪᠠᠷ ᠢᠶᠠᠨ ︽ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠳᠤᠭᠳᠠᠭᠠᠯ︾ ︵ᠳᠤᠤᠷ᠎ᠠ ︽ᠳᠤᠭᠳᠠᠭᠠᠯ︾ ᠭᠡᠵᠤ ᠲᠦᠬᠦᠮᠴᠢᠯᠡᠶ᠎ᠡ︶ ᠵᠢᠩᠭᠢᠨᠢ ᠪᠠᠷ ᠬᠡᠷᠡᠭᠵᠢᠬᠦᠯᠦᠭᠳᠡᠭᠰᠡᠨ ᠪᠠᠶᠠᠷᠳᠦ ᠮᠦᠴᠡ ᠶᠢ ᠪᠠᠯᠭᠡᠯᠡᠨ᠎ᠡ᠃ ᠡᠨᠡ ᠳᠠᠭᠤᠤ ᠪᠠᠷ ᠲᠡᠮᠵᠢᠭᠤᠯᠤᠨ ᠤᠯᠠᠭᠠᠨᠮᠦ᠋ᠴᠢᠷ ᠤᠨ ᠪᠦᠯᠬᠦᠮᠳᠡᠯ ᠲᠠᠪᠰᠢᠯᠳᠡ ᠲᠠᠢ᠂ ᠦᠷᠬᠢᠯᠦᠮ᠎ᠠ ᠬᠠᠯᠠᠭᠤᠨ᠂ ᠤᠷᠤᠭᠰᠢ ᠲᠠᠪᠰᠢᠬᠤ ᠵᠤᠷᠢᠭ ᠰᠠᠨᠠᠭ᠎ᠠ ᠶᠢ ᠢᠯᠡᠷᠡᠬᠦᠯᠵᠤ᠂ ᠡᠨᠡ ᠳᠠᠭᠤᠤ ᠪᠠᠷ ᠲᠡᠮᠵᠢᠭᠤᠯᠤᠨ ᠤᠯᠠᠨ ᠵᠢᠯ ᠤᠨ ᠲᠤᠷᠰᠢᠬᠢ ᠲᠠᠯ᠎ᠡ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠦᠡᠭᠭᠡᠨ ᠮᠤᠷᠢᠲᠦ ᠴᠡᠷᠢᠭ︾ ᠤᠨ ᠦᠯᠢᠭᠡᠷ ᠢ ᠲᠠᠭᠤᠷᠢᠰᠤᠭᠤᠯᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠨᠢ ᠴᠦ ᠦᠪᠤᠷ ᠮᠤᠩᠭᠤᠯ ᠤᠨ ᠤᠳᠬ᠎ᠠ ᠤᠷᠠᠯᠢᠭ ᠤᠨ ᠡᠳᠡᠭᠡᠳ ᠤᠨ ᠬᠢᠨ ᠤ ᠵᠤᠷᠢᠭ ᠰᠠᠨᠠᠭᠠᠨ ᠤ ᠪᠡᠯᠭᠡ ᠲᠡᠮᠳᠡᠭ ᠪᠤᠯᠵᠠᠢ᠃      11 ᠰᠠᠷ᠎ᠠ  ᠶᠢᠨ 1 ᠤ ᠡᠳᠦᠷ᠂ ᠲᠤᠰ ︽ᠲᠤᠭᠲᠠᠭᠠᠯ︾ ᠵᠢᠩᠭᠢᠨᠢ ᠪᠠᠷ ᠬᠡᠷᠡᠭᠵᠢᠬᠦᠯᠦᠭᠳᠡᠭᠰᠡᠨ ᠨᠢ ᠤᠯᠠᠭᠠᠨᠮᠦ᠋ᠴᠢᠷ ᠬᠠᠤᠯᠢ ᠶᠤᠰᠤᠭᠠᠷ ᠪᠦᠲᠦᠭᠡᠨ ᠪᠠᠶᠢᠭᠤᠯᠵᠤ ᠬᠦᠭᠵᠢᠬᠦ ᠰᠢᠨ᠎ᠡ ᠴᠠᠭ ᠡᠷᠢᠨ ᠳᠤ ᠠᠯᠬᠤᠨ ᠤᠷᠤᠭᠰᠠᠨ ᠢ ᠲᠦᠯᠦᠭᠡᠯᠡᠵᠤ᠂ ᠡᠨᠡ ᠨᠢ ᠭᠠᠭᠴᠡᠬᠦ ᠤᠯᠠᠭᠠᠨᠮᠦ᠋ᠴᠢᠷ ᠤᠨ ᠲᠤᠭᠯᠠᠭᠴᠢᠳ ᠤᠨ ᠠᠩᠬᠠᠷᠤᠨ ᠬᠠᠯᠠᠮᠵᠢᠯᠠᠵᠤ ᠪᠠᠶᠢᠭ᠎ᠠ ᠲᠤᠮᠤ ᠶᠠᠪᠤᠳᠠᠯ ᠪᠢᠰᠢ᠂ ᠨᠡᠩ ᠴᠦ ᠦᠪᠤᠷ ᠮᠤᠩᠭᠤᠯ ᠤᠨ ᠰᠢ ᠶᠢᠨ ᠫᠢᠡᠭ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠤᠲᠠᠲᠠᠢ ᠠᠷᠭ᠎ᠠ ᠠᠪᠴᠠᠯ ᠮᠦᠨ᠃      ᠤᠯᠤᠰ ᠤᠨ ᠳᠤᠲᠤᠭᠠᠳᠤᠬᠢ ᠬᠠᠮᠤᠭ ᠠᠩᠬᠠᠨ ᠤ ᠤᠯᠠᠭᠠᠨᠮᠦ᠋ᠴᠢᠷ ᠤᠨ ᠭᠠᠵᠠᠷ ᠤᠷᠤᠨ ᠤ ᠴᠢᠨᠠᠷᠲᠠᠢ ᠬᠠᠤᠯᠢ ᠲᠦᠷᠢᠮ ᠪᠤᠯᠤᠭᠰᠠᠨ ᠤ ᠬᠤᠪᠢ ᠳᠤ ︽ᠲᠤᠭᠲᠠᠭᠠᠯ︾ ᠨᠢ ᠬᠦᠮᠦᠰ ᠤᠨ ᠠᠩᠬᠠᠷᠤᠯ ᠪᠠ ᠬᠦᠰᠡᠯ ᠨᠠᠶᠢᠳᠠᠯᠭ᠎ᠠ ᠶᠢ ᠤᠨᠴᠠ ᠢᠯᠡᠬᠦᠦ ᠬᠦᠷᠲᠡᠭᠰᠡᠨ ᠪᠢᠯᠡ᠃ ︽ᠠᠵᠤ ᠠᠬᠤᠢ ᠨᠡᠶᠢᠭᠡᠮ ᠰᠤᠶᠤᠯ ᠤᠨ ᠦᠢᠯᠡᠰ ᠤᠨ ᠦᠳᠳᠡᠷ ᠲᠦᠷᠭᠡᠨ ᠬᠦᠭᠵᠢᠯᠲᠡ ᠶᠢ ᠳᠠᠭᠠᠯᠳᠤᠨ᠂ ᠤᠯᠠᠭᠠᠨᠮᠦ᠋ᠴᠢᠷ ᠬᠦᠭᠵᠢᠯᠲᠡ ᠶᠢᠨ ᠳᠤᠮᠳᠠ ᠪᠠᠨ ᠤᠷᠤᠨ ᠲᠤᠭ᠎ᠠ ᠬᠦᠷᠦᠯᠴᠡᠬᠦ ᠦᠭᠡᠢ᠂ ᠵᠠᠷᠤᠳᠠᠯ ᠮᠦᠡᠭᠭᠦ ᠬᠤᠮᠰᠠ᠂ ᠲᠤᠭᠯᠠᠭᠴᠢᠳ ᠨᠠᠰᠤᠵᠢᠭᠰᠠᠨ᠂ ᠴᠢᠳᠠᠪᠤᠷᠢᠳᠡᠨ ᠳᠤᠳᠠᠮᠠᠭ ᠵᠡᠷᠭᠡ ᠳᠤᠯᠭᠠᠮ᠎ᠠ ᠰᠢᠢᠳᠪᠤᠷᠢᠯᠡᠬᠦ ᠴᠢᠬᠤᠯᠠᠲᠠᠢ ᠬᠦᠴᠢᠷᠳᠠᠯ ᠪᠠ ᠠᠰᠠᠭᠤᠳᠠᠯ ᠳᠤ ᠤᠴᠠᠷᠠᠵᠠᠢ᠃ ︿ᠳᠤᠭᠳᠠᠭᠠᠯ﹀ ᠳᠤ ᠤᠯᠠᠭᠠᠨᠮᠦ᠋ᠴᠢᠷ ᠤᠨ ᠡᠬᠦᠰᠭᠡᠨ ᠪᠠᠶᠢᠭᠤᠯᠤᠯᠳᠠ᠂ ᠪᠦᠲᠦᠭᠡᠨ ᠪᠠᠶᠢᠭᠤᠯᠤᠯᠳᠡ᠂ ᠬᠦᠭᠵᠢᠯᠳᠡ᠂ ᠬᠠᠮᠠᠭᠠᠯᠠᠯᠲᠠ ᠪᠠ ᠬᠠᠮᠢᠶᠠᠷᠤᠯᠲᠠ ᠵᠡᠷᠭᠡ ᠲᠠᠯ᠎ᠡ ᠪᠠᠷ ᠪᠤᠳᠠᠳᠠᠢ ᠲᠦᠷᠢᠮ ᠲᠤᠭᠲᠠᠭᠠᠵᠤ᠂ ᠪᠦᠬᠦ ᠬᠤᠲᠠ ᠶᠢᠨ ᠤᠯᠠᠭᠠᠨᠮᠦ᠋ᠴᠢᠷ ᠤᠨ ᠲᠤᠭᠯᠠᠭᠴᠢᠳ ᠢ ᠤᠯᠠᠮ ᠤᠷᠮᠠᠰᠢᠭᠤᠯᠵᠤ᠂ ᠤᠯᠠᠭᠠᠨᠮᠦ᠋ᠴᠢᠷ ᠤᠨ ᠪᠦᠬᠦ ᠲᠡᠯ᠎ᠠ ᠶᠢᠨ ᠡᠷᠡᠬᠦᠯ ᠬᠦᠭᠵᠢᠯᠲᠡ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠨᠭ᠍ᠭᠠᠪᠠ᠃ ᠳᠠᠷᠠᠭ᠎ᠠ ᠠᠯᠬᠤᠮ ᠳᠤ ᠪᠢᠳᠡ ︿ᠲᠤᠭᠲᠠᠭᠠᠯ﹀ ᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠦ᠋ᠴᠢᠷ ᠤᠨ ᠡᠬᠦᠷᠭᠡ ᠴᠢᠳᠠᠪᠬᠢ ᠪᠠᠨ ᠨᠠᠷᠢᠨ ᠬᠢᠨᠠᠮᠠᠭᠠᠢ ᠬᠦᠢᠴᠡᠳᠭᠡᠵᠤ᠂ ᠤᠯᠠᠭᠠᠨᠮᠦ᠋ᠴᠢᠷ ᠤᠨ ᠦᠢᠯᠡᠰ ᠤᠨ ᠨᠡᠩ ᠰᠠᠶᠢᠨ ᠨᠡᠩ ᠲᠦᠷᠭᠡᠨ ᠬᠦᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ︾ ᠭᠡᠵᠤ ᠬᠦᠯᠦᠨ ᠪᠤᠶᠢᠷ ᠤᠨ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠳᠠᠷᠤᠭ᠎ᠠ ᠬᠠᠨ ᠽᠠᠢ ᠭᠠᠨᠭ᠌ ᠶᠠᠷᠢᠵᠤ ᠪᠠᠶᠢᠯ᠎ᠠ᠃     ᠤᠢᠢᠯᠠᠭᠠᠭᠰᠠᠨ ᠢᠶᠠᠷ᠂ ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠡ ᠤᠯᠠᠭᠠᠨᠮᠦ᠋ᠴᠢᠷ 2018 ᠤᠨ ᠤ 3 ᠰᠠᠷ᠎ᠠ ᠶᠢᠨ 19       ᠤ ᠡᠳᠦᠷ ᠪᠠᠶᠢᠭᠤᠯᠤᠭᠳᠠᠵᠤ᠂ ᠪᠠᠶᠢᠭᠤᠯᠤᠭᠳᠠᠭᠰᠠᠨ ᠠᠴᠠ ᠪᠠᠨ ᠨᠠᠭᠠᠰᠢ ᠦᠷᠭᠡᠨ ᠤᠯᠠᠨ ᠲᠦᠮᠡᠨ ᠳᠤ ᠦᠢᠯᠡᠴᠢᠯᠡᠬᠦ ᠲᠠᠷᠬᠠᠨ ᠡᠬᠦᠷᠭᠡ ᠶᠢ ᠡᠬᠦᠷᠭᠡᠯᠡᠨ ᠮᠠᠯᠵᠢᠬᠤ ᠲᠠᠷᠢᠶᠠᠯᠠᠬᠤ ᠤᠷᠤᠨ᠂ ᠦᠨᠳᠦᠰᠦᠨ ᠱᠠᠲᠤ ᠪᠠᠷ ᠬᠦᠨᠵᠡᠭᠡᠶᠢᠷᠡᠨ᠂ ᠵᠢᠯ ᠪᠦᠷᠢ ᠵᠠᠭᠤ ᠭᠠᠷᠤᠢ ᠲᠠᠯᠠᠪᠤᠷ ᠲᠤᠭᠯᠠᠯᠲᠠ ᠭᠠᠷᠭᠠᠵᠤ᠂ ᠬᠤᠲᠠ ᠶᠢᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠴᠢᠭᠯᠡᠯ ᠪᠤᠳᠤᠯᠭ᠎ᠠ ᠶᠢ ᠤᠬᠠᠭᠤᠯᠬᠤ᠂ ᠮᠠᠯᠵᠢᠬᠤ ᠲᠠᠷᠢᠶᠠᠯᠠᠬᠤ ᠤᠷᠤᠨ ᠤ ᠨᠠᠶᠢᠭᠡᠮ ᠵᠢᠷᠤᠮᠳᠤ ᠤᠶᠤᠨ ᠤ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠮᠠᠯᠴᠢᠨ ᠲᠠᠷᠢᠶᠠᠴᠢᠨ ᠤ ᠰᠤᠶᠤᠯ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠬᠦ᠂ ᠦᠨᠳᠦᠰᠦᠲᠡᠨ ᠤ ᠰᠤᠶᠤᠯ ᠤᠷᠠᠯᠢᠭ ᠢ ᠬᠦᠭᠵᠢᠬᠦᠯᠬᠦ ᠵᠡᠷᠭᠡ ᠳᠤ ᠴᠢᠬᠤᠯᠠ ᠬᠤᠪᠢ ᠨᠡᠮᠡᠷᠢ ᠪᠠᠨ ᠦᠵᠡᠬᠦᠯᠦᠭᠰᠡᠭᠡᠷ ᠢᠷᠡᠵᠡᠢ᠃     ᠲᠡᠭᠡᠷ᠎ᠠ ᠵᠠᠭᠤᠨ ᠤ ᠲᠠᠪᠢᠭᠠᠳ ᠤᠨ ᠳᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠩᠬᠠᠨ ᠤ ᠬᠤᠭᠤᠴᠠᠭᠠᠨ ᠤ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠬᠠᠯᠠᠭᠤᠨ ᠤᠷᠤᠰᠬᠠᠯ ᠳᠤᠮᠳᠠ᠂ ᠦᠪᠤᠷ ᠮᠤᠩᠭᠤᠯ ᠤᠨ ᠦᠪᠡᠷᠲᠡᠭᠡᠡ ᠵᠠᠰᠠᠬᠤ ᠤᠷᠤᠨ ᠦᠨᠳᠦᠰᠦᠨ ᠱᠠᠲᠤᠨ ᠤ ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠤᠴᠤᠷᠤᠩᠭᠤᠢ ᠲᠦᠷᠰᠦ ᠪᠠᠶᠢᠳᠠᠯ ᠢ ᠬᠤᠪᠢᠷᠠᠭᠤᠯᠬᠤ᠂ ᠮᠠᠯᠴᠢᠨ ᠲᠠᠷᠢᠶᠠᠴᠢᠨ ᠤ ᠰᠤᠶᠤᠯ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠶᠠᠯᠢᠭᠵᠢᠭᠤᠯᠬᠤ ᠶᠢᠨ ᠲᠦᠯᠦᠭᠡ᠂ ᠮᠠᠯᠵᠢᠬᠤ ᠤᠷᠤᠨ ᠪᠠ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ ᠳᠤ ᠤᠯᠠᠭᠠᠨᠮᠦ᠋ᠴᠢᠷ ᠰᠢᠭ᠋ ᠡᠶᠢᠮᠦᠷᠬᠦᠦ ︽ᠬᠤᠪᠢᠰᠬᠠᠯᠲᠤ ᠰᠤᠶᠤᠯ ᠤᠨ ᠬᠦᠡᠭᠭᠡᠨ ᠮᠤᠷᠢᠲᠤ ᠴᠡᠷᠢᠭ︾ ᠢ ᠪᠠᠶᠢᠭᠤᠯᠬᠤ ᠪᠠ ᠬᠦᠭᠵᠢᠬᠦᠯᠵᠤ᠂ ᠮᠠᠯᠴᠢᠨ ᠲᠠᠷᠢᠶᠠᠴᠢᠳ ᠪᠠ ᠡᠯ᠎ᠡ ᠦᠨᠳᠦᠰᠦᠲᠡᠨ ᠤ ᠤᠯᠠᠨ ᠲᠦᠮᠡᠨ ᠤ ᠬᠦᠷᠢᠶᠡᠯᠡᠯ ᠪᠠ ᠲᠡᠮᠵᠢᠯᠭᠡ ᠶᠢ ᠤᠯᠵᠤ᠂ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠪᠠ ᠰᠤᠶᠤᠯ ᠤᠨ ᠪᠠᠶᠢᠭᠤᠯᠤᠯᠲᠠ ᠳᠤ ᠦᠪᠡᠷᠮᠢᠴᠡ ᠦᠢᠯᠡᠳᠦᠯ ᠦᠵᠡᠬᠦᠯᠵᠤ᠂ ᠵᠸᠤ ᠡᠸ᠋ᠨ ᠯᠠᠢ ᠶᠡᠷᠦᠩᠬᠡᠢ ᠰᠠᠶᠢᠳ ᠲᠤ ︽ᠨᠡᠶᠢᠭᠡᠮ ᠵᠢᠷᠤᠮ ᠤᠨ ᠰᠢᠨ᠎ᠡ ᠬᠡᠷᠡᠭ ᠪᠤᠳᠠᠰ︾ ᠪᠠ ︽ᠲᠠᠯ᠎ᠠ ᠨᠤᠲᠤᠭ ᠤᠨ ᠤᠯᠠᠭᠠᠨ ᠲᠤᠭ︾ ᠬᠡᠮᠡᠭᠳᠡᠵᠡᠢ᠃      ᠤᠢᠢᠷ᠎ᠠ ᠶᠢᠨ ᠵᠢᠯ ᠳᠤ᠂ ᠤᠨᠴᠠᠭᠠᠢᠢᠯᠠᠨ ᠰᠢ ᠶᠢᠨ ᠫᠢᠡᠭ ᠶᠡᠷᠦᠩᠭᠡᠢ ᠱᠦᠵᠢ ᠬᠠᠷᠢᠭᠤ ᠵᠠᠬᠢᠳᠠᠯ ᠢᠯᠡᠭᠡᠭᠰᠡᠨ ᠠᠴᠠ ᠨᠭᠠᠠᠰᠢ᠂ ᠮᠠᠨ ᠤ ᠬᠤᠲᠠ ᠶᠢᠨ ᠤᠯᠠᠭᠠᠨᠮᠦ᠋ᠴᠢᠷ ᠤᠨ ᠬᠢᠳ ᠠᠷᠠᠳ ᠲᠦᠮᠡᠨ ᠳᠤ ᠦᠢᠯᠡᠴᠢᠯᠡᠬᠦ ᠶᠢ ᠡᠬᠦᠷᠢᠳᠡ ᠪᠠᠷᠢᠮᠲᠠᠯᠠᠨ᠂ ᠨᠠᠶᠢᠭᠡᠮ ᠵᠢᠷᠤᠮᠲᠤ ᠦᠢᠯᠡᠰ ᠲᠤ ᠦᠢᠯᠡᠴᠢᠯᠡᠬᠦ ᠤᠭ ᠰᠠᠨᠠᠭ᠎ᠠ ᠪᠠᠨ ᠪᠠᠲᠤ ᠪᠠᠷᠢᠮᠲᠠᠯᠠᠨ᠂ ᠰᠢᠷᠭᠠᠭᠤ ᠬᠠᠳᠠᠭᠤᠵᠢᠯᠲᠠᠢ ᠲᠡᠮᠡᠴᠡᠬᠦ᠂ ᠲᠤᠷᠠᠳᠠᠶ᠎ᠠ ᠵᠤᠷᠢᠭᠤᠯᠬᠤ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠪᠠᠳᠠᠷᠠᠭᠤᠯᠵᠤ᠂ ᠪᠤᠳᠠᠳᠤ ᠦᠢᠯᠡ ᠠᠵᠢᠯᠯᠠᠭ᠎ᠠ ᠪᠠᠷ ᠢᠶᠠᠨ ︽ᠤᠳᠬ᠎ᠠ ᠤᠷᠠᠯᠢᠭ ᠤᠨ ᠬᠦᠡᠭᠭᠡᠨ ᠮᠤᠷᠢᠲᠤ ᠴᠡᠷᠢᠭ︾ ᠤᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ ᠪᠤᠢ᠃ ᠬᠤᠲᠠ ᠶᠢᠨ ᠰᠤᠶᠤᠯ ᠵᠤᠭᠠᠴᠠᠯ ᠤᠨ ᠲᠤᠪᠴᠢᠶᠠᠨ ᠤ ᠤᠷᠠᠯᠢᠭ ᠤᠨ ᠰᠠᠯᠠᠭᠠᠨ ᠤ ᠳᠠᠷᠤᠭ᠎ᠠ ᠸᠠᠩ ᠢ ᠳ᠋ᠠᠨ ᠤ ᠲᠠᠨᠢᠯᠴᠠᠭᠤᠯᠤᠭᠰᠠᠨ ᠢᠶᠠᠷ᠂ ᠬᠤᠲᠠ ᠶᠢᠨ ᠰᠢᠭᠤᠳ ᠬᠠᠷᠢᠶ᠎ᠡ ᠤᠯᠠᠭᠠᠨᠮᠦ᠋ᠴᠢᠷ ᠪᠠᠶᠢᠭᠤᠯᠤᠭᠳᠠᠭᠰᠠᠨ ᠠᠴᠠ ᠨᠠᠭᠠᠰᠢ᠂ 22 ᠪᠦᠯᠦᠭ ᠵᠦᠴᠦᠭᠡ ᠪᠠ ᠳᠠᠭᠤᠤ ᠪᠦᠵᠢᠭ ᠤᠨ ᠦᠳᠡᠰᠢᠯᠡᠭᠡ ᠵᠤᠬᠢᠶᠠᠨ ᠪᠠᠶᠢᠭᠤᠯᠵᠤ᠂ ᠤᠷᠢᠳ ᠬᠤᠵᠢᠳ ᠬᠡᠳᠦᠨ ᠠᠷᠪᠠᠨ ᠲᠠᠯᠠᠪᠤᠷ ᠲᠤᠮᠤ ᠬᠡᠯᠪᠡᠷᠢ ᠶᠢᠨ ᠦᠳᠡᠰᠢᠯᠡᠭᠡ ᠡᠷᠬᠢᠯᠡᠭᠰᠡᠨ ᠭᠡᠨ᠎ᠠ᠃ ᠰᠢ ᠶᠢᠨ ᠫᠢᠡᠭ ᠶᠡᠷᠦᠩᠬᠡᠢ ᠱᠦᠵᠢ ᠤᠯᠠᠭᠠᠨᠮᠦ᠋ᠴᠢᠷ ᠲᠤ ᠵᠠᠬᠢᠲᠠᠯ ᠢᠯᠡᠭᠡᠭᠰᠡᠨ ᠨᠢᠭᠡ ᠵᠢᠯ ᠤᠨ ᠤᠢ ᠶᠢᠨ ᠲᠠᠰᠢᠷᠠᠮ ᠳᠤ ︽ᠤᠭ ᠰᠠᠨᠠᠭ᠎ᠠ ᠪᠠᠨ ᠮᠠᠷᠳᠠᠯ ᠦᠭᠡᠢ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ ᠎ᠠ — ᠦᠪᠤᠷ ᠮᠤᠩᠭᠤᠯ ᠤᠨ ᠤᠯᠠᠭᠠᠨᠮᠦ᠋ᠴᠢᠷ ᠤᠨ 60 ᠵᠢᠯ ᠤᠨ ᠭᠡᠷᠡᠯ ᠵᠢᠷᠤᠭ ᠤᠨ ᠲᠡᠯᠭᠡᠨ ᠦᠵᠡᠬᠦᠯᠭᠡ︾ ᠶᠢᠨ ᠬᠦᠯᠦᠨ ᠪᠤᠶᠢᠷ ᠲᠠᠬᠢ ᠳᠤᠭᠤᠷᠢᠨ ᠦᠵᠡᠬᠦᠯᠭᠡ ᠶᠢᠨ ᠠᠵᠢᠯᠯᠠᠭ᠎ᠠ ᠶᠢ ᠡᠬᠢᠯᠡᠬᠦᠯᠵᠤ᠂ ᠬᠦᠯᠦᠨ ᠪᠤᠶᠢᠷ ᠬᠤᠲᠠ ᠶᠢᠨ ᠠᠩᠬᠠᠳᠠᠭᠴᠢ ᠬᠤᠭᠤᠴᠠᠭᠠᠨ ᠤ ᠤᠯᠠᠭᠠᠨᠮᠦ᠋ᠴᠢᠷ ᠤᠨ ︽ᠨᠢᠭᠡ ᠳᠤ ᠮᠡᠷᠭᠡᠰᠢᠵᠤ ᠤᠯᠠᠨ ᠳᠤ ᠴᠠᠭᠠᠷᠠᠬᠤ︾ ᠤᠷᠤᠯᠳᠤᠭᠠᠨ ᠵᠡᠷᠭᠡ ᠤᠯᠠᠨ ᠲᠦᠷᠦᠯ ᠤᠨ ᠠᠵᠢᠯᠯᠠᠭ᠎ᠠ ᠦᠷᠨᠢᠬᠦᠯᠪᠠ᠃       2019 ᠤᠨ ᠳᠤ᠂ ᠮᠠᠨ ᠤ ᠬᠤᠲᠠ ᠶᠢᠨ ᠤᠯᠠᠭᠠᠨᠮᠦ᠋ᠴᠢᠷ ᠤᠨ ᠵᠤᠬᠢᠶᠠᠭᠰᠠᠨ ᠬᠡᠳᠦ ᠬᠡᠳᠦᠨ ᠪᠦᠲᠦᠭᠡᠯ ᠨᠢ ᠲᠠᠪᠤᠳᠤᠭᠠᠷ ᠬᠤᠭᠤᠴᠠᠭᠠᠨ ᠤ ᠦᠪᠤᠷ ᠮᠤᠩᠭᠤᠯ ᠤᠨ ᠲᠠᠶᠢᠰᠠᠨ ᠤ ᠤᠷᠠᠯᠢᠭ ᠤᠨ ︽ᠠᠯᠲᠠᠨ ᠦᠭᠡᠷ ᠱᠠᠩᠨᠠᠯ︾ ᠤᠨ ᠪᠦᠵᠢᠭ ᠤᠨ ᠲᠠᠶᠢᠰᠠᠨ ᠤ ᠤᠷᠠᠯᠢᠭ ᠤᠨ ᠵᠢᠷᠤᠭᠯᠠᠵᠤ ᠲᠦᠯᠦᠪᠯᠡᠭᠰᠡᠨ ᠱᠠᠩᠨᠠᠯ︔ 2019 ︽ᠲᠠᠯ᠎ᠡ ᠨᠤᠲᠤᠭ ᠤᠨ ᠰᠢᠷᠭᠠᠯ ᠨᠠᠮᠤᠷ︾ ᠪᠦᠬᠦ ᠤᠷᠤᠨ ᠤ ᠳᠠᠭᠤᠯᠠᠬᠤᠢ ᠶᠢᠨ ᠤᠷᠤᠯᠳᠤᠭᠠᠨ ᠤ ᠨᠢᠭᠡᠳᠦᠭᠡᠷ ᠲᠡᠰ ᠤᠨ ᠱᠠᠩᠨᠠᠯ 1᠂ ᠬᠤᠶᠠᠳᠤᠭᠠᠷ ᠲᠡᠰ ᠤᠨ ᠱᠠᠩᠨᠠᠯ 1᠂ ᠭᠤᠷᠪᠠᠳᠤᠭᠠᠷ ᠲᠡᠰ ᠤᠨ ᠱᠠᠩᠨᠠᠯ 3᠂ ᠰᠢᠯᠢᠳᠡᠭ ᠱᠠᠩᠨᠠᠯ  2 ᠢ ᠬᠦᠷᠲᠡᠪᠠ︔ ᠬᠦᠯᠦᠨ ᠪᠤᠶᠢᠷ ᠬᠤᠲᠠ ᠶᠢᠨ ᠰᠤᠶᠤᠯ ᠵᠤᠭᠠᠴᠠᠯ ᠷᠠᠳᠢᠣ᠋ ᠲᠧᠯᠸᠢᠰ ᠲᠤᠪᠴᠢᠶ᠎ᠠ ᠨᠢ ︽ᠰᠢᠯᠢᠳᠡᠭ ᠵᠤᠬᠢᠶᠠᠨ ᠪᠠᠶᠢᠭᠤᠯᠤᠯᠲᠠ ᠶᠢᠨ ᠱᠠᠩᠨᠠᠯ︾ ᠢ ᠪᠠᠭᠲᠠᠭᠠᠭᠰᠠᠨ ᠨᠡᠯᠢᠶᠡᠳ ᠬᠡᠳᠦᠨ ᠱᠠᠩᠨᠠᠯ ᠬᠦᠷᠲᠡᠵᠡᠢ᠃ ᠡᠨᠡ ᠨᠢ ᠤᠯᠠᠭᠠᠨᠮᠦ᠋ᠴᠢᠷ ᠤᠨ ᠡᠩᠨᠡᠭᠡᠨ ᠤ ᠰᠢᠷᠭᠠᠭᠤ ᠬᠠᠳᠠᠭᠤᠵᠢᠯᠲᠠᠢ ᠳᠡᠮᠡᠴᠡᠬᠦ ᠵᠤᠷᠢᠭ ᠰᠠᠨᠠᠭᠠᠨ ᠤ ᠬᠢᠨᠢ ᠬᠦᠢᠴᠡᠳ ᠢᠯᠡᠷᠡᠬᠦᠯᠦᠯ ᠪᠤᠯᠤᠭᠰᠠᠨ ᠶᠤᠮ᠃      ᠬᠤᠶᠢᠰᠢᠲᠡ ᠶᠢᠨ ᠠᠵᠢᠯ ᠤᠨ ᠢᠶᠠᠨ ᠲᠤᠬᠠᠢ ᠸᠠᠩ ᠢ ᠳ᠋ᠠᠨ᠄ ︽︿ᠲᠤᠭᠲᠠᠭᠠᠯ﹀ ᠤᠨ ᠬᠡᠷᠡᠭᠵᠢᠬᠦᠯᠦᠭᠳᠡᠭᠰᠡᠨ ᠨᠢ ᠪᠢᠳᠡᠨ ᠳᠤ ᠪᠠᠲᠤᠯᠠᠭ᠎ᠠ ᠬᠠᠨᠭ᠍ᠭᠠᠭᠰᠠᠨ ᠪᠦᠭᠡᠳ ᠮᠠᠰᠢ ᠶᠡᠭᠡ ᠲᠦᠯᠬᠢᠴᠡ ᠦᠢᠯᠡᠳᠦᠯ ᠦᠵᠡᠬᠦᠯᠵᠡᠢ᠃ ᠳᠠᠷᠠᠭ᠎ᠠ ᠠᠯᠬᠤᠮ ᠳᠤ ᠪᠢᠳᠡ ᠠᠷᠠᠳ ᠲᠦᠮᠡᠨ ᠲᠠᠢ ᠤᠢᠢᠷᠠᠳᠤᠭᠰᠠᠨ᠂ ᠤᠯᠠᠮᠵᠢᠯᠠᠭᠳᠠᠨ ᠲᠠᠷᠬᠠᠭᠠᠭᠳᠠᠵᠤ ᠲᠡᠶᠢᠯᠬᠦ᠋ᠢᠴᠡ᠂ ᠦᠯᠡᠳᠡᠨ ᠬᠤᠴᠤᠷᠴᠦ ᠴᠢᠳᠠᠬᠤᠢᠢᠴᠠ ᠪᠤᠳᠠᠳᠤ ᠠᠬᠤᠢ ᠪᠠᠷ ᠰᠡᠳᠦᠪᠯᠡᠭᠰᠡᠨ ᠲᠡᠶᠢᠰᠠᠨ ᠤ ᠵᠦᠴᠦᠭᠡ ᠶᠢ ᠵᠤᠬᠢᠶᠠᠨ ᠪᠦᠲᠦᠭᠡᠬᠦ ᠪᠠᠷ ᠴᠢᠷᠮᠠᠶᠢᠵᠤ ᠪᠤᠢ᠃ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠤᠰᠤᠯᠠᠯ ᠠᠴᠠ ᠡᠮᠦᠨᠡᠭᠡᠨ ︿ᠤᠯᠠᠭᠠᠨᠮᠦ᠋ᠴᠢᠷ ᠤᠨ ᠳᠤᠭᠯᠠᠯᠲᠠ ᠭᠠᠷᠭᠠᠬᠤ ᠰᠠᠷ᠎ᠠ﹀ ᠶᠢᠨ ᠠᠵᠢᠯᠯᠠᠭ᠎ᠠ ᠦᠷᠨᠢᠬᠦᠯᠬᠦ︔ ᠬᠦᠯᠦᠨ ᠪᠤᠶᠢᠷ ᠬᠤᠲᠠ ᠶᠢᠨ ᠬᠤᠶᠠᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ︿ᠨᠢᠭᠡ ᠳᠤ ᠮᠡᠷᠭᠡᠰᠢᠵᠤ ᠤᠯᠠᠨ ᠳᠤ ᠴᠠᠭᠠᠷᠠᠬᠤ﹀ ᠤᠷᠤᠯᠳᠤᠭᠠᠨ ᠦᠷᠨᠢᠬᠦᠯᠬᠦ︔ ᠳᠤᠮᠳᠠᠳᠤ ᠤᠯᠤᠰ · ᠦᠪᠤᠷ ᠮᠤᠩᠭᠤᠯ ᠤᠨ ᠠᠷᠪᠠᠨ ᠳᠤᠯᠤᠳᠤᠭᠠᠷ ᠬᠤᠭᠤᠴᠠᠭᠠᠨ ᠤ ᠲᠠᠯ ᠎ᠡ ᠨᠤᠲᠤᠭ ᠤᠨ ᠰᠤᠶᠤᠯ ᠤᠨ ᠨᠠᠶᠢᠷ ᠲᠤ ᠤᠷᠤᠯᠴᠠᠬᠤ︔ ᠪᠦᠬᠦ ᠤᠷᠤᠨ ᠤ ᠤᠯᠠᠭᠠᠨᠮᠦ᠋ᠴᠢᠷ ᠤᠨ 2020 — 2021 ᠤᠨ ᠤ ᠬᠢᠨᠠᠨ ᠦᠨᠡᠯᠡᠯᠲᠡ ᠶᠢ ᠪᠡᠶᠡᠯᠡᠬᠦᠯᠬᠦ ᠵᠡᠷᠭᠡ ᠤᠯᠠᠨ ᠲᠦᠷᠦᠯ ᠤᠨ ᠠᠵᠢᠯ ᠢ ᠬᠢᠬᠦ ᠪᠠᠷ ᠪᠤᠢ︾ ᠭᠡᠵᠤ ᠪᠠᠶᠢᠯ᠎ᠠ᠃     ᠨᠢᠭᠡᠨ ᠬᠢᠷᠢ ᠲᠡᠩᠴᠡᠭᠰᠡᠨ ᠤᠯᠠᠭᠠᠨᠮᠦ᠋ᠴᠢᠷ ᠤᠨ ᠲᠤᠭᠯᠠᠭᠴᠢ ᠪᠤᠯᠬᠤ ᠭᠡᠪᠡᠯ᠂ ᠬᠦᠳᠡᠭᠡ ᠲᠤᠰᠬᠤᠨ ᠮᠠᠯᠵᠢᠬᠤ ᠤᠷᠤᠨ ᠤ ᠪᠡᠷᠭᠡ ᠬᠠᠲᠠᠭᠤᠵᠢᠯᠲᠠᠢ ᠨᠦᠬᠦᠴᠡᠯ ᠳᠤᠤᠷ᠎ᠠ ᠬᠡᠵᠢᠶ᠎ᠡ ᠬᠠᠮᠢᠭ᠎ᠠ ᠴᠦ ᠭᠡᠰᠡᠨ ᠦᠭᠡᠢ ᠡᠯ᠎ᠠ ᠲᠦᠷᠦᠯ ᠤᠨ ᠲᠤᠭᠯᠠᠯᠲᠠ ᠭᠠᠷᠭᠠᠵᠤ᠂ ᠡᠯ᠎ᠠ ᠵᠦᠢᠯ ᠤᠨ ᠲᠦᠷᠢ ᠶᠢ ᠲᠤᠭᠯᠠᠵᠤ ᠴᠢᠳᠠᠬᠤ ᠬᠡᠷᠡᠭᠳᠡᠢ᠃ ᠡᠶᠢᠮᠤ ᠠᠴᠠ ᠡᠷᠬᠡᠪᠰᠢ ︽ᠨᠢᠭᠡ ᠳᠤ ᠮᠡᠷᠭᠡᠰᠢᠵᠤ ᠤᠯᠠᠨ ᠳᠤ ᠴᠠᠭᠠᠷᠠᠭᠰᠠᠨ︾ ᠡᠷᠳᠡᠮ ᠪᠠᠶᠢᠬᠤ ᠬᠡᠷᠡᠭᠲᠡᠢ᠃ ᠦᠯᠢᠶᠡᠬᠦ᠂ ᠬᠤᠭᠤᠷᠳᠠᠬᠤ᠂ ᠳᠠᠭᠤᠯᠠᠬᠤ᠂ ᠪᠦᠵᠢᠭᠯᠡᠬᠦ᠂ ᠲᠤᠭᠯᠠᠬᠤ ᠵᠡᠷᠭᠡ ᠳᠤ ᠴᠦᠮ ᠮᠡᠷᠭᠡᠰᠢᠭᠰᠡᠨ ᠪᠠᠶᠢᠬᠤ ᠬᠡᠷᠡᠭᠲᠡᠢ ᠪᠦᠭᠡᠳ ᠲᠠᠶᠢᠰᠠᠨ ᠤ ᠬᠡᠷᠡᠯᠳᠦᠬᠦᠯᠭᠡ᠂ ᠳᠠᠭᠤ ᠬᠦᠡᠭᠭᠢᠨᠡᠬᠦᠷ ᠵᠡᠷᠭᠡ ᠶᠢ ᠴᠦ ᠤᠷᠤᠯᠳᠤᠵᠤ ᠴᠢᠳᠠᠬᠤ ᠬᠡᠷᠡᠭᠲᠡᠢ᠃ ᠲᠠᠶᠢᠰᠠᠨ ᠳᠤ ᠭᠠᠷᠪᠠᠯ ᠲᠤᠭᠯᠠᠭᠴᠢ᠂ ᠲᠠᠶᠢᠰᠠᠨ ᠠᠴᠠ ᠪᠠᠭᠤᠪᠠᠯ ᠠᠵᠢᠯᠲᠡᠨ ᠪᠠᠶᠢᠬᠤ ᠬᠡᠷᠡᠭᠲᠡᠢ᠃     ᠡᠶᠢᠮᠦᠷᠬᠦᠦ ︽ᠨᠢᠭᠡ ᠳᠤ ᠮᠡᠷᠭᠡᠰᠢᠵᠤ ᠤᠯᠠᠨ ᠳᠤ ᠴᠠᠭᠠᠷᠠᠭᠰᠠᠨ︾ ᠬᠡᠮᠵᠢᠶᠡᠨ ᠳᠤ ᠬᠦᠷᠬᠦ ᠭᠡᠪᠡᠯ ᠦᠵᠡᠬᠦ ᠳᠤ ᠬᠦᠴᠢᠷ ᠪᠤᠯᠪᠠᠴᠦ ᠦᠶ᠎ᠡ ᠦᠶ᠎ᠡ ᠶᠢᠨ ᠤᠯᠠᠭᠠᠨᠮᠦ᠋ᠴᠢᠷ ᠤᠨ ᠲᠤᠭᠯᠠᠭᠴᠢᠳ ︽ᠨᠢᠭᠡ ᠳᠤ ᠮᠡᠷᠭᠡᠰᠢᠵᠤ ᠤᠯᠠᠨ ᠳᠤ ᠴᠠᠭᠠᠷᠠᠬᠤ︾ ᠶᠢ ᠪᠡᠶᠡᠯᠡᠬᠦᠯᠵᠤ ᠴᠢᠳᠠᠬᠤ ᠪᠦᠭᠡᠳ ᠰᠠᠶᠢᠨ ᠪᠠᠶᠠᠯᠡᠬᠦᠯᠵᠤ ᠴᠢᠳᠠᠨ᠎ᠠ ᠭᠡᠳᠡᠭ ᠢ ᠠᠯᠢ ᠬᠡᠵᠢᠶᠡᠨᠡᠢ ᠪᠤᠳᠠᠳᠤ ᠠᠵᠢᠯᠯᠠᠭ᠎ᠠ ᠪᠠᠷ ᠢᠶᠠᠨ ᠬᠡᠷᠡᠴᠢᠯᠡᠭᠰᠡᠨ ᠪᠢᠯᠡ᠃ ︽ᠨᠢᠭᠡ ᠳᠤ ᠮᠡᠷᠭᠡᠰᠢᠵᠤ ᠤᠯᠠᠨ ᠳᠤ ᠴᠠᠭᠠᠷᠠᠬᠤ︾ ᠨᠢ ᠦᠨᠳᠦᠰᠦᠨ ᠱᠠᠲᠤᠨ ᠤ ᠤᠯᠠᠭᠠᠨᠮᠦ᠋ᠴᠢᠷ ᠤᠨ ᠲᠤᠭᠯᠠᠭᠴᠢᠳ ᠤᠨ ᠡᠷᠬᠡᠪᠰᠢ ᠪᠦᠷᠢᠯᠳᠦᠬᠦᠯᠬᠦ ᠬᠡᠷᠡᠭᠳᠡᠢ ᠬᠡᠪ ᠪᠤᠯᠪᠠᠰᠤᠷᠠᠯ ᠪᠠᠶᠢᠵᠤ᠂ ᠨᠡᠩ ᠴᠦ ᠲᠡᠳᠡᠨᠤᠰ ᠤᠨ ᠤᠮᠤᠭᠰᠢᠯ ᠪᠠ ᠢᠷᠠᠭᠤ ᠠᠯᠳᠠᠷ ᠮᠦᠨ ᠭᠡᠵᠤ ᠬᠡᠯᠡᠵᠤ ᠪᠤᠯᠤᠨ᠎ᠠ᠃    ᠬᠦᠯᠦᠨ ᠪᠤᠶᠢᠷ ᠤᠨ ᠦᠨᠳᠦᠰᠦᠲᠡᠨ ᠤ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠦᠭᠵᠢᠮ ᠤᠨ ᠪᠦᠯᠬᠦᠮ ᠤᠨ ᠲᠡᠳ᠋ ᠳᠠᠷᠤᠭ᠎ᠠ᠂ ᠤᠯᠤᠰ ᠤᠨ ᠨᠢᠭᠡᠳᠦᠭᠡᠷ ᠲᠡᠰ ᠤᠨ ᠲᠤᠭᠯᠠᠭᠴᠢ᠂ ᠠᠯᠳᠠᠷᠲᠦ ᠬᠦᠭᠵᠢᠮ ᠤᠨ ᠵᠤᠬᠢᠶᠠᠭᠴᠢ᠂ ᠵᠢᠯᠤᠭᠤᠳᠤᠭᠴᠢ ᠴᠧᠨ ᠰᠢᠶᠤᠤ ᠢᠤᠢ ᠪᠤᠯ ᠳᠠᠷᠤᠢ ᠡᠶᠢᠮᠦᠷᠬᠦᠦ ︽ᠨᠢᠭᠡ ᠳᠤ ᠮᠠᠷᠭᠡᠰᠢᠵᠤ ᠤᠯᠠᠨ ᠳᠤ ᠴᠠᠭᠠᠷᠠᠭᠰᠠᠨ︾ ᠤᠯᠠᠭᠠᠨᠮᠦ᠋ᠴᠢᠷ ᠤᠨ ᠲᠤᠭᠯᠠᠭᠴᠢ ᠮᠦᠨ᠃ ᠲᠡᠷᠡ᠄ ︽︿ᠳᠤᠭᠳᠠᠭᠠᠯ﹀ ᠤᠨ ᠨᠡᠶᠢᠲᠡᠯᠡᠭᠳᠡᠨ ᠬᠡᠷᠡᠭᠵᠢᠬᠦᠯᠦᠭᠳᠡᠭᠰᠡᠨ ᠨᠢ ᠪᠢᠳᠡᠨ ᠤ ᠢᠲᠡᠭᠡᠯ ᠢ ᠪᠠᠳᠤᠳᠬᠠᠵᠤ᠂ ᠰᠠᠨᠠᠭᠠᠰᠢᠷᠠᠬᠤ ᠵᠦᠢᠯ ᠦᠭᠡᠢ ᠪᠤᠯᠵᠤ ᠨᠡᠩ ᠰᠠᠶᠢᠨ ᠪᠦᠲᠦᠭᠡᠯ ᠵᠤᠬᠢᠶᠠᠨ ᠪᠦᠲᠦᠭᠡᠬᠦ ᠳᠤ ᠰᠠᠭᠤᠷᠢ ᠪᠤᠯᠵᠠᠢ᠃ ᠪᠢᠳᠡ ᠤᠯᠠᠨ ᠲᠦᠮᠡᠨ ᠤ ᠳᠤᠮᠳᠠ ᠬᠦᠨᠵᠡᠭᠡᠶᠢᠷᠡᠨ᠂ ᠤᠯᠠᠨ ᠲᠦᠮᠡᠨ ᠤ ᠳᠤᠮᠳᠠ ᠦᠨᠳᠦᠰᠦᠯᠡᠵᠤ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠵᠤ ᠴᠢᠳᠠᠬᠤ ᠪᠤᠯᠤᠭᠰᠠᠨ᠃ ᠬᠤᠶᠢᠰᠢᠲᠡ ᠪᠢᠳᠡ ᠲᠡᠯ᠎ᠠ ᠨᠤᠲᠤᠭ ᠤᠨ ︿ᠬᠤᠪᠢᠰᠬᠠᠯᠲᠤ ᠤᠳᠬ᠎ᠠ ᠤᠷᠠᠯᠢᠭ ᠤᠨ ᠬᠦᠡᠭᠭᠡᠨ ᠮᠤᠷᠢᠲᠦ ᠴᠡᠷᠢᠭ﹀ ᠤᠨ ᠵᠤᠷᠢᠭ ᠰᠠᠨᠠᠭ᠎ᠠ ᠪᠠᠨ ᠦᠷᠬᠦᠯᠵᠢᠯᠡᠨ ᠪᠠᠳᠠᠷᠠᠭᠤᠯᠵᠤ᠂ ᠦᠡᠳᠤᠰᠤᠨ ᠱᠠᠳᠤᠨ ᠤ ᠠᠷᠠᠳ ᠤᠯᠠᠨ ᠳᠤ ᠡᠬᠡ ᠤᠯᠤᠰ ᠤᠨ ᠴᠡᠴᠡᠭᠯᠡᠨ ᠬᠦᠭᠵᠢᠯᠲᠡ ᠠᠴᠠ ᠤᠯᠭᠤᠭᠰᠠᠨ ᠪᠠᠶᠠᠷ ᠵᠢᠷᠭᠠᠯ ᠢ ᠡᠳ᠋ᠯᠡᠬᠦᠯᠦᠨ᠎ᠡ᠃ ᠨᠡᠮ ᠤᠨ ᠳᠠᠭᠤᠨ ᠪᠠ ᠨᠠᠮ ᠤᠨ ᠬᠠᠶᠢᠷ᠎ᠠ ᠬᠠᠯᠠᠮᠵᠢ ᠶᠢ ᠴᠠᠭ ᠲᠤᠬᠠᠢ ᠳᠤᠨᠢ ᠳᠠᠮᠵᠢᠭᠤᠯᠤᠨ᠎ᠠ︾ ᠭᠡᠵᠤ ᠳᠤᠭᠳᠤᠯᠤᠭᠰᠠᠨ ᠰᠡᠳᠬᠢᠯᠭᠡ ᠪᠠᠨ ᠳᠠᠷᠤᠵᠤ ᠶᠠᠳᠠᠨ ᠶᠠᠷᠢᠵᠤ ᠪᠠᠶᠢᠯ᠎ᠠ᠃       ᠪᠡᠳᠦ ᠪᠤᠯ ᠤᠯᠠᠭᠠᠨᠮᠦ᠋ᠴᠢᠷ ᠤᠨ ᠪᠦᠵᠢᠭ ᠤᠨ ᠠᠩᠭᠢ ᠶᠢᠨ ᠳᠠᠷᠤᠭ᠎ᠠ ᠪᠠᠶᠢᠵᠤ᠂ ᠲᠡᠷᠡ ᠰᠤᠷᠪᠤᠯᠵᠢᠯᠠᠭᠴᠢ ᠳᠤ ᠤᠳᠬ᠎ᠠ ᠤᠷᠠᠯᠢᠭ ᠤᠨ ᠪᠦᠯᠬᠦᠮ ᠤᠨ ᠠᠵᠢᠯ ᠤᠨ ᠤᠨᠴᠠᠭᠠᠢ ᠴᠢᠨᠠᠷ ᠠᠴᠠ ᠪᠤᠯᠵᠤ᠂ ᠲᠤᠭᠯᠠᠭᠴᠢᠳ ᠤᠨ ᠳᠤᠮᠳᠠᠴᠢ ᠨᠠᠰᠤ ᠤᠯᠠᠮ ᠪᠠᠭ᠎ᠠ ᠪᠤᠯ ᠤᠯᠠᠮ ᠬᠦᠷᠢᠶᠡᠯᠡᠯ ᠲᠠᠢ ᠪᠠᠶᠢᠳᠠᠭ᠃ ︽ᠳᠤᠭᠳᠠᠭᠠᠯ︾ ᠤᠨ ᠬᠡᠷᠡᠭᠵᠢᠬᠦᠯᠦᠭᠳᠡᠭᠰᠡᠨ ᠨᠢ ᠨᠢᠭᠡ ᠪᠦᠯᠦᠭ ᠨᠠᠰᠤ ᠲᠤᠮᠤ ᠪᠤᠯᠤᠭᠰᠠᠨ ᠠᠴᠠ ᠲᠤᠭᠯᠠᠯᠲᠠ ᠶᠢᠨ ᠴᠢᠨᠠᠷ ᠴᠢᠠᠰᠠᠭ᠎ᠠ ᠶᠢ ᠪᠠᠲᠤᠯᠠᠵᠤ ᠲᠡᠶᠢᠯᠬᠦ ᠦᠭᠡᠢ ᠪᠤᠯᠤᠭᠰᠠᠨ ᠲᠤᠭᠯᠠᠭᠴᠢᠳ ᠤᠨ ᠰᠠᠨᠠᠭᠠᠰᠢᠷᠠᠯ ᠢ ᠦᠭᠡᠶᠢᠰᠭᠡᠭᠰᠡᠨ ᠪᠦᠭᠡᠳ ᠰᠢᠨ᠎ᠠ ᠲᠤᠭᠯᠠᠭᠴᠢᠳ ᠤᠨ ᠠᠵᠢᠯ ᠤᠨ ᠢᠳᠡᠪᠬᠢᠵᠢᠯ ᠢ ᠳᠠᠶᠢᠴᠢᠯᠠᠵᠤ᠂ ᠤᠯᠠᠭᠠᠨᠮᠦ᠋ᠴᠢᠷ ᠤᠨ ᠡᠩᠨᠡᠭᠡᠨ ᠤ ᠪᠦᠬᠦ᠋ᠢᠯᠡ ᠴᠤᠭᠴᠠ ᠶᠢᠨ ᠠᠮᠢᠵᠢᠷᠠᠯ ᠤᠨ ᠬᠦᠴᠦᠨ ᠢ ᠴᠢᠩᠭᠠᠳᠬᠠᠵᠠᠢ ᠭᠡᠵᠤ ᠪᠠᠶᠢᠯ᠎ᠠ᠃      ᠡᠨᠡ ᠵᠢᠯ ᠪᠦᠬᠦ ᠬᠤᠲᠠ ᠶᠢᠨ ᠡᠯ᠎ᠠ ᠤᠯᠠᠭᠠᠨᠮᠦ᠋ᠴᠢᠷ ᠤᠨ ᠬᠢᠳ ᠰᠤᠶᠤᠯ ᠤᠨ ᠠᠵᠢᠯ ᠦᠢᠯᠡᠰ ᠤᠨ ᠴᠡᠴᠡᠭᠯᠡᠨ ᠬᠦᠭᠵᠢᠯᠲᠡ ᠶᠢ ᠪᠠᠲᠤᠲᠠᠢ ᠲᠦᠯᠬᠢᠨ ᠠᠬᠢᠭᠤᠯᠵᠤ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ 10 ᠰᠠᠷ᠎ᠠ ᠶᠢᠨ ᠰᠡᠬᠦᠯᠴᠢ ᠪᠤᠯᠲᠠᠯ᠎ᠠ 1130 ᠲᠠᠯᠠᠪᠤᠷ ᠲᠤᠭᠯᠠᠯᠲᠠ ᠭᠠᠷᠭᠠᠵᠤ᠂ 61.92 ᠲᠦᠮᠡᠨ ᠮᠠᠯᠴᠢᠨ ᠲᠠᠷᠢᠶᠠᠴᠢᠨ ᠠᠰᠢᠭ ᠬᠦᠷᠲᠡᠭᠰᠡᠨ ᠶᠤᠮ᠃ ᠪᠦᠬᠦ ᠬᠤᠲᠠ ᠶᠢᠨ ᠤᠯᠠᠭᠠᠨᠮᠦ᠋ᠴᠢᠷ ᠤᠨ ᠬᠢᠳ 4 · 15 ︽ᠤᠯᠤᠰ ᠤᠨ ᠠᠮᠤᠷ ᠲᠦᠪᠰᠢᠨ ᠤ ᠡᠳᠦᠷᠯᠢᠭ︾᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ︽ᠠᠷᠪᠠ ᠶᠢ ᠭᠠᠴᠠᠭ᠎ᠠ ᠲᠤᠰᠬᠤᠨ︾ ᠳᠤ ᠬᠦᠷᠭᠡᠬᠦ ᠲᠤᠰᠬᠠᠢ ᠲᠠᠯᠠᠪᠤᠷ ᠲᠤᠭᠯᠠᠯᠲᠠ ᠶᠢ 24 ᠲᠠᠯᠠᠪᠤᠷ ᠭᠠᠷᠭᠠᠵᠤ᠂ 6.13 ᠲᠦᠮᠡᠨ ᠮᠠᠯᠴᠢᠨ ᠲᠠᠷᠢᠶᠠᠴᠢᠨ ᠠᠰᠢᠭ ᠬᠦᠷᠲᠡᠭᠰᠡᠨ ᠶᠤᠮ᠃ ︽ᠬᠠᠷ᠎ᠠ ᠪᠦᠯᠦᠭᠳᠡᠨ ᠢ ᠠᠷᠢᠯᠭᠠᠵᠤ ᠬᠠᠷᠬᠢᠰ ᠬᠦᠴᠦᠨ ᠢ ᠦᠭᠡᠶᠢᠰᠭᠡᠬᠦ︾ ᠲᠤᠰᠬᠠᠢ ᠰᠡᠳᠦᠪᠲᠦ ᠲᠤᠭᠯᠠᠯᠲᠠ 33 ᠲᠠᠯᠠᠪᠤᠷ ᠭᠠᠷᠭᠠᠵᠠᠢ  ᠃     ᠤᠯᠠᠭᠠᠨᠮᠦ᠋ᠴᠢᠷ ᠤᠨ ᠡᠩᠨᠡᠭᠡ ᠡᠳᠦᠷ ᠢᠷᠡᠬᠦᠶ᠎ᠠ ᠪᠤᠵᠠᠭᠠᠢᠢᠷᠠᠨ᠂ ᠬᠤᠪᠢᠰᠬᠠᠯ ᠤᠨ ᠢᠮ ᠲᠠᠮᠠᠭ᠎ᠠ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ ᠳᠠᠷᠠᠭ᠎ᠠ ᠵᠢᠯ ᠬᠦᠯᠦᠨ ᠪᠤᠶᠢᠷ ᠤᠨ ᠦᠨᠳᠦᠰᠦᠲᠡᠨ ᠤ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ︵ᠬᠦᠯᠦᠨ ᠪᠤᠶᠢᠷ ᠬᠤᠲᠠ ᠶᠢᠨ ᠰᠢᠭᠤᠳ ᠬᠠᠷᠢᠶ᠎ᠠ ᠤᠯᠠᠭᠠᠨᠮᠦ᠋ᠴᠢᠷ︶ 70 ᠵᠢᠯ ᠤᠨ ᠤᠢ ᠪᠠᠨ ᠤᠭᠳᠤᠬᠤ ᠪᠤᠯᠤᠨ᠎ᠠ᠃ ᠡᠨᠡ ᠲᠠᠰᠢᠷᠠᠮ ᠳᠤ ᠪᠦᠬᠦ ᠬᠤᠲᠠ ᠶᠢᠨ ᠤᠯᠠᠭᠠᠨᠮᠦ᠋ᠴᠢᠷ ᠤᠨ ᠲᠤᠭᠯᠠᠭᠴᠢᠳ ᠠᠷᠡᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢ ᠦᠷᠬᠦᠯᠵᠢᠯᠡᠨ ᠪᠠᠷᠢᠮᠲᠠᠯᠠᠵᠤ᠂ ᠬᠦᠯᠦᠨ ᠪᠤᠶᠢᠷ ᠤᠨ ᠮᠤᠩᠭᠤᠯ᠂ ᠳᠠᠭᠤᠷ᠂ ᠤᠷᠴᠤᠨ᠂ ᠡᠸᠡᠩᠭᠢ᠂ ᠤᠷᠤᠰ ᠵᠡᠷᠭᠡ ᠴᠦᠭᠡᠨ ᠲᠤᠭᠠᠲᠤ ᠦᠨᠳᠦᠰᠦᠲᠡᠨ ᠤ ᠰᠤᠶᠤᠯ ᠤᠷᠠᠯᠢᠭ ᠢ ᠤᠯᠠᠮ ᠨᠢᠭᠡ ᠠᠯᠬᠤᠮ ᠠᠭᠤᠳᠠᠯᠯᠠᠵᠤ᠂ ᠤᠯᠠᠮᠵᠢᠯᠠᠨ᠂ ᠪᠠᠳᠠᠷᠠᠭᠤᠯᠵᠤ ᠬᠦᠭᠵᠢᠬᠦᠯᠦᠨ᠎ᠠ᠃ ᠨᠡᠶᠢᠭᠡᠮ ᠵᠢᠷᠤᠮᠲᠤ ᠭᠤᠤᠯᠯᠠᠭᠴᠢ ᠦᠷᠳᠡᠭ ᠤᠨ ᠦᠵᠡᠯᠲᠡ ᠪᠠᠷ ᠵᠢᠯᠤᠭᠤᠳᠤᠮᠵᠢ ᠪᠤᠯᠭᠠᠵᠤ᠂ ᠦᠨᠳᠦᠰᠦᠨ ᠱᠠᠲᠤᠨ ᠳᠤ ᠬᠦᠨᠵᠡᠭᠡᠶᠢᠷᠡᠬᠦ᠂ ᠰᠢᠷᠭᠠᠭᠤ ᠬᠠᠳᠠᠭᠤᠵᠢᠯᠲᠠᠢ ᠲᠡᠮᠡᠴᠡᠬᠦ᠂ ᠳᠤᠷᠠᠲᠠᠶ᠎ᠡ ᠵᠤᠷᠢᠭᠤᠯᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠰᠢᠯᠢᠳᠡᠭ ᠦᠨᠳᠦᠰᠦᠲᠡᠨ ᠤ ᠰᠤᠶᠤᠯ ᠤᠨ ᠤᠯᠠᠮᠵᠢᠯᠠᠯ ᠪᠠ ᠰᠢᠨᠠᠴᠢᠯᠡᠯ ᠢ ᠲᠦᠯᠬᠢᠨ ᠠᠬᠢᠭᠤᠯᠵᠤ᠂ ᠨᠡᠶᠢᠭᠡᠮ ᠵᠢᠷᠤᠮᠲᠦ ᠤᠳᠬ᠎ᠠ ᠤᠷᠠᠯᠢᠭ ᠤᠨ ᠹᠷᠤᠨᠲ ᠤᠨ ᠲᠤᠭᠴᠢ ᠪᠠ ᠲᠠᠯ᠎ᠡ ᠨᠤᠲᠤᠭ ᠲᠡᠭᠡᠷᠡᠬᠢ ︽ᠬᠤᠪᠢᠰᠬᠠᠯᠲᠤ ᠤᠳᠬ᠎ᠠ ᠤᠷᠠᠯᠢᠭ ᠤᠨ ᠬᠦᠡᠭᠭᠡᠨ ᠮᠤᠷᠢᠲᠤ ᠴᠡᠷᠢᠭ︾ ᠪᠤᠯᠬᠤ ᠪᠠᠷ ᠴᠢᠷᠮᠠᠶᠢᠨ ᠲᠡᠮᠡᠴᠡᠨ᠎ᠡ᠃                              ᠵᠣᠬᠢᠶᠠᠭᠴᠢ᠄ ᠯᠢᠦ ᠬᠠᠨ ᠴᠢᠦ    ᠬᠠᠨ ᠢᠦᠢ    
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ