ᠹᠠᠨ ᠷᠥᠩ ᠵᠡᠭᠡᠯᠢ ᠭᠤᠳᠤᠮᠵᠢ᠄ ︽ᠬᠥᠷᠰᠢ ᠵᠡᠷᠭᠡᠯᠡᠳᠡᠭᠡ  ᠨᠠᠮ ᠤᠨ ᠪᠠᠶᠢᠭᠤᠯᠤᠯᠲᠠ︾ ᠶᠢ ᠴᠣᠭᠴᠠᠯᠠᠵᠤ ︽ᠬᠥᠷᠰᠢ ᠵᠡᠷᠭᠡᠯᠡᠳᠡᠭᠡ︾  ᠦᠢᠯᠡᠴᠢᠯᠡᠭᠡᠨ ᠤ ᠳᠠᠪᠠᠭᠤᠯᠢᠭ ᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2021/2/23
      ᠨᠠᠮ ᠤᠨ ᠵᠣᠬᠢᠶᠠᠨ ᠪᠠᠶᠢᠭᠤᠯᠤᠯᠲᠠ ᠬᠢᠭᠡᠳ ᠰᠠᠭᠤᠭᠠᠯᠢ ᠠᠷᠠᠳ ︽ᠨᠢᠭᠡ ᠬᠡᠷ ᠪᠦᠯᠢ︾ ᠶᠢᠨ ᠠᠭᠤᠷ ᠠᠮᠢᠰᠬᠤᠯ ᠢ ᠪᠣᠶ  ᠪᠣᠯᠭᠠᠬᠤ ᠶᠢᠨ ᠲᠦᠯᠦᠭᠡ᠂ ᠠᠷᠠᠳ ᠲᠤ ᠦᠢᠯᠡᠴᠢᠯᠡᠬᠦ ᠨᠠᠷᠢᠯᠢᠬᠵᠢᠭᠤᠯᠤᠭᠰᠠᠨ᠂  ᠣᠨᠣᠪᠴᠢᠯᠠᠭᠰᠠᠨ ᠬᠡᠯᠪᠡᠷᠢ ᠶᠢ ᠢᠳᠡᠪᠬᠢᠲᠡᠶ ᠰᠦᠪᠡᠭᠴᠢᠯᠡᠵᠦ᠂  ᠹᠠᠨ ᠷᠥᠩ ᠵᠡᠭᠡᠯᠢ ᠭᠤᠳᠤᠮᠵᠢ ᠶᠢᠨ ᠱᠧᠩ ᠯᠢ ᠨᠡᠶᠢᠭᠡᠮ ᠲᠣᠭᠤᠷᠢᠭ ᠤᠨ ︽ᠬᠥᠷᠰᠢ ᠵᠡᠷᠭᠡᠯᠡᠳᠡᠭᠡ ᠨᠠᠮ ᠤᠨ ᠪᠠᠶᠢᠭᠤᠯᠤᠯᠲᠠ︾ ᠶᠢ ᠴᠡᠴᠡᠭᠯᠡᠨ ᠬᠥᠭᠵᠢᠭᠦᠯᠵᠦ᠂ ︽ᠬᠥᠷᠰᠢ ᠵᠡᠷᠭᠡᠯᠡᠳᠡᠭᠡ︾  ᠦᠢᠯᠡᠴᠢᠯᠡᠭᠡᠨ ᠤ ᠳᠠᠪᠠᠭᠤᠯᠢᠭ ᠢ ᠪᠠᠳᠠᠷᠠᠭᠤᠯᠣᠨ᠎ᠠ᠃       ᠨᠠᠰᠤᠲᠠᠶᠢᠴᠤᠳ ᠤᠨ ᠦᠢᠯᠡᠴᠢᠯᠡᠭᠡᠨ ᠤ ᠬᠦᠷᠲᠡᠭᠰᠡᠳ ᠣᠯᠠᠨ ᠠᠴᠠ ᠪᠣᠯᠵᠣ᠂  ᠱᠧᠩ ᠯᠢ ᠨᠡᠶᠢᠭᠡᠮ ᠲᠣᠭᠤᠷᠢᠭ ᠨᠢ ︽ᠬᠥᠷᠰᠢ ᠵᠡᠷᠭᠡᠯᠡᠳᠡᠭᠡ ᠨᠠᠮ ᠤᠨ ᠪᠠᠶᠢᠭᠤᠯᠤᠯᠲᠠ︾ ᠶᠢᠨ ᠠᠩᠬᠠᠨ ᠤ ᠠᠯᠬᠤᠮ ᠢ ᠬᠠᠷᠢᠶᠠᠲᠤ ᠣᠷᠣᠨ ᠤ ᠭᠡᠷ ᠢᠶᠠᠨ ᠰᠠᠬᠢᠭᠰᠠᠨ ᠨᠠᠰᠤᠲᠠᠶᠢᠴᠤᠳ ᠤᠨ ᠬᠡᠷ ᠲᠤ ᠡᠬᠢᠯᠡᠭᠦᠯᠪᠡ᠃ ᠣᠶᠢᠯᠠᠭᠠᠭᠰᠠᠨ ᠢᠶᠠᠷ᠂ ᠬᠠᠷᠢᠶᠠᠲᠤ ᠣᠷᠣᠨ ᠤ ᠬᠡᠷ ᠲᠡᠭᠡᠨ ᠬᠤᠴᠣᠷᠤᠭᠰᠠᠨ ᠨᠠᠰᠤᠲᠠᠨ ᠤ ᠲᠤᠭ᠎ᠠ ᠨᠡᠮᠡᠭᠳᠡᠵᠦ᠂ ᠣᠯᠠᠩᠬᠢ ᠨᠢ ᠬᠡᠤᠬᠡᠳ ᠨᠢ ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠬᠡᠷ ᠪᠦᠯᠢ ᠪᠠᠶᠢᠭᠤᠯᠵᠤ᠂ ᠨᠠᠰᠤᠲᠠᠨ ᠲᠠᠢ ᠪᠠᠨ ᠬᠠᠮᠲᠤ ᠰᠠᠭᠤᠭᠰᠠᠨ ᠥᠬᠡᠶ ᠠᠴᠠ ᠪᠣᠯᠵᠣ ᠬᠡᠷ ᠲᠡᠭᠡᠨ ᠬᠤᠴᠣᠷᠤᠭᠰᠠᠨ ᠨᠠᠰᠣᠲᠠᠳ ᠬᠠᠶᠢᠷ᠎ᠠ ᠬᠠᠯᠠᠮᠵᠢ ᠳᠤᠲᠠᠭᠳᠠᠵᠤ ᠪᠠᠶᠢᠨ᠎ᠠ᠃ ᠬᠠᠷᠢᠨ ᠨᠡᠢᠭᠡᠮ ᠲᠣᠭᠤᠷᠢᠭ ᠤᠨ ᠠᠵᠢᠯᠲᠠᠨ᠂ ᠵᠡᠷᠭᠡᠯᠡᠳᠡᠭᠡ ᠠᠶᠢᠯ ᠪᠣᠯ ᠲᠡᠳᠡᠨ ᠤ  ᠬᠠᠮᠤᠭ ᠤᠨ ᠲᠡᠷᠢᠭᠦᠨ ᠤ ᠬᠠᠪᠰᠣᠷᠣᠨ ᠣᠶᠢᠯᠠᠭᠠᠬᠤ ᠬᠥᠮᠦᠨ ᠪᠣᠯᠤᠨ᠎ᠠ᠃ ᠨᠠᠰᠤᠲᠠᠶᠢᠴᠤᠳ ᠬᠥᠷᠰᠢ ᠵᠡᠷᠭᠡᠯᠡᠳᠡᠭᠡ ᠲᠠᠢ ᠪᠠᠨ ᠵᠣᠭᠤᠭᠳᠠᠨ ᠶᠠᠷᠢᠯᠴᠠᠨ᠂ ᠬᠠᠷᠢᠯᠴᠠᠨ ᠬᠠᠪᠰᠤᠷᠤᠯᠴᠠᠵᠤ ᠪᠣᠯᠤᠨ᠎ᠠ᠂ ᠨᠡᠶᠢᠭᠡᠮ ᠲᠣᠭᠤᠷᠢᠭ ᠤᠨ ᠠᠵᠢᠯᠲᠠᠳ ᠴᠢᠳᠠᠯ ᠤᠨ ᠢᠶᠠᠨ ᠬᠢᠷᠢ ᠪᠠᠷ ᠬᠠᠪᠰᠤᠷᠤᠯᠭ᠎ᠠ ᠦᠵᠡᠭᠦᠯᠵᠦ᠂ ᠠᠰᠠᠭᠤᠳᠠᠯ ᠢ ᠨᠢ ᠰᠢᠢᠳᠪᠦᠷᠢᠯᠡᠵᠦ᠂ ᠨᠠᠰᠤᠲᠠᠶᠢᠴᠤᠳ ᠤᠨ ᠠᠮᠢᠳᠤᠷᠠᠯ ᠳᠤ ᠲᠦᠬᠦᠮ ᠦᠵᠡᠭᠦᠯᠵᠦ᠂ ᠪᠠᠰᠠ ᠨᠠᠰᠤᠲᠠᠶᠢᠴᠤᠳ ᠤᠨ ᠦᠷ᠎ᠡ ᠬᠡᠦᠬᠡᠳ ᠤᠨ ᠢᠶᠠᠨ ᠳᠡᠷᠭᠡᠳᠡ ᠪᠠᠶᠢᠬᠤ ᠦᠭᠡᠢ ᠪᠠᠶᠢᠬᠤ ᠦᠶ᠎ᠡ ᠶᠢᠨ ᠤᠷᠮ᠎ᠠ ᠰᠡᠳᠬᠢᠯᠭᠡ ᠶᠢ ᠨᠢ ᠲᠦᠷ ᠴᠠᠭ ᠲᠠᠶᠢᠳᠬᠤᠷᠠᠭᠤᠯᠵᠤ ᠪᠠᠶᠢᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ᠂ ᠢᠯᠠᠩᠭᠤᠶ᠎ᠠ ᠨᠠᠰᠤᠲᠠᠶᠢᠴᠤᠳ ᠤᠨ ᠬᠠᠮᠲᠤᠯᠢᠭ ᠲᠠᠢ ᠨᠢᠭᠲᠠ ᠤᠶᠠᠯᠳᠤᠭᠤᠯᠤᠨ᠂ ᠬᠥᠷᠰᠢ ᠵᠡᠷᠭᠡᠯᠡᠳᠡᠭᠡ ᠪᠠᠨ ᠰᠠᠬᠢᠨ ᠬᠠᠮᠠᠭᠠᠯᠠᠬᠤ᠂ ᠬᠥᠷᠰᠢ ᠵᠡᠷᠭᠡᠯᠡᠳᠡᠭᠡ ᠲᠠᠢ ᠪᠠᠨ ᠬᠠᠷᠢᠯᠴᠠᠨ ᠬᠠᠪᠰᠤᠷᠤᠯᠴᠠᠬᠤ ᠶᠠᠪᠤᠳᠠᠯ ᠨᠢ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠥᠩᠭᠡ ᠪᠤᠳᠤᠭ ᠨᠡᠮᠡᠷᠢᠯᠡᠪᠡ᠃      ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠪᠣᠯ ᠨᠡᠶᠢᠭᠡᠮ ᠲᠣᠭᠤᠷᠢᠭ ᠤᠨ ︽ᠬᠥᠷᠰᠢ ᠵᠡᠷᠭᠡᠯᠡᠳᠡᠭᠡ ᠨᠠᠮ ᠤᠨ ᠪᠠᠶᠢᠭᠤᠯᠤᠯᠲᠠ︾ ᠶᠢᠨ ᠠᠩᠬᠠᠨ ᠤ ᠠᠯᠬᠤᠮ ᠪᠣᠯᠤᠨ᠎ᠠ᠃ ᠱᠧᠩ ᠯᠢ ᠨᠡᠶᠢᠭᠡᠮ ᠲᠣᠭᠤᠷᠢᠭ ᠳᠠᠷᠠᠭᠠᠴᠢ ᠪᠠᠷ ︽ᠬᠥᠷᠰᠢ ᠵᠡᠷᠭᠡᠯᠡᠳᠡᠭᠡ ᠨᠠᠮ ᠤᠨ ᠪᠠᠶᠢᠭᠤᠯᠤᠯᠲᠠ︾ ᠶᠢᠨ ᠨᠠᠮ ᠤᠨ ᠭᠡᠰᠢᠭᠦᠨ ᠤ ᠬᠥᠮᠦᠵᠢᠯ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠰᠠᠶᠢᠨ ᠳᠤᠷ᠎ᠠ ᠶᠢᠨ ᠠᠵᠢᠯᠯᠠᠭ᠎ᠠ᠂ ᠲᠣᠣᠷᠵᠢᠭᠤᠯᠤᠭᠰᠠᠨ ᠬᠠᠮᠢᠶᠠᠷᠤᠯᠲᠠ ᠵᠡᠷᠭᠡ ᠠᠵᠢᠯ ᠳᠠᠬᠢ ᠦᠢᠯᠡᠳᠦᠯ ᠢ ᠠᠯᠬᠤᠮ ᠠᠯᠬᠤᠮ ᠢᠶᠠᠷ ᠠᠬᠢᠭᠤᠯᠬᠤ ᠪᠣᠯᠤᠨ᠎ᠠ᠃ ᠡᠭᠦᠨ ᠤ ᠵᠣᠷᠢᠯᠭ᠎ᠠ ᠨᠢ ᠣᠯᠠᠨ ᠲᠦᠮᠡᠨ ᠢ ᠤᠴᠢᠷ ᠶᠠᠪᠤᠳᠠᠯ ᠪᠣᠯᠭᠠᠨ ᠳᠤ ᠬᠠᠮᠢᠶᠠᠷᠬᠤ ᠬᠥᠮᠦᠨ ᠲᠠᠢ᠂ ᠭᠠᠵᠠᠷ ᠪᠣᠯᠭᠠᠨ ᠳᠤ ᠬᠠᠪᠰᠤᠷᠬᠤ ᠬᠥᠮᠦᠨ ᠲᠠᠢ᠂ ᠤᠴᠢᠷ ᠪᠣᠯᠭᠠᠨ ᠳᠤ ᠨᠠᠶᠢᠳᠠᠪᠤᠷᠢᠵᠢᠭᠤᠯᠬᠤ ᠬᠥᠮᠦᠨ ᠲᠠᠢ᠂ ᠦᠢᠯᠡᠴᠢᠯᠡᠭᠡ ᠳᠤᠨᠢ ︽ᠥᠴᠦᠬᠡᠨ ᠴᠦ ᠵᠠᠶ ᠦᠭᠡᠶ︾ ᠪᠠᠶᠢᠯᠭᠠᠬᠤ ᠶᠢᠨ ᠲᠥᠯᠥᠭᠡ ᠶᠤᠮ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号