ᠵᠥᠩ ᠾᠧ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠩᠭᠠᠳᠬᠠᠵᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠠᠮᠤᠭᠤᠯᠠᠩ ᠥᠯᠵᠡᠶ ᠪᠡᠯᠭᠡ ᠶᠢ ᠪᠠᠲᠤᠯᠠᠨ᠎ᠠ
ᠨᠡᠶᠢᠲᠡᠯᠡᠭᠰᠡᠨ ᠴᠠᠭ᠄
2021/2/23
       ᠥᠯᠵᠡᠶᠢᠲᠦ ᠡᠳᠦᠷ ᠬᠦᠷᠴᠦ ᠢᠷᠡᠬᠦ ᠲᠠᠰᠢᠷᠠᠮ ᠳᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠠᠷᠢᠶ᠎ᠠ ᠣᠷᠣᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨ ᠠᠶᠤᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ  ᠶᠢᠨ ᠲᠦᠯᠦᠭᠡ᠂ 2  ᠳ᠋ᠤᠭᠠᠷ  ᠰᠠᠷ᠎ᠠ   ᠶᠢᠨ  22      ᠤᠨ ᠡᠳᠦᠷ᠂ ᠵᠥᠩ ᠾᠧ ᠪᠠᠯᠭᠠᠰᠤᠨ ᠤ ᠫᠢᠩ ᠠᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠭᠤᠣᠯᠳᠠᠯᠭ᠎ᠠ ᠬᠤᠸᠠᠷ ᠫᠤᠤᠵᠢᠩ ᠤᠨ ᠡᠵᠡᠩᠨᠡᠯᠲᠡ ᠶᠢᠨ ᠲᠠᠯᠠᠪᠤᠷ ᠭᠠᠵᠠᠷ᠂ ᠲᠣᠰᠣ ᠨᠡᠮᠡᠬᠦ ᠥᠷᠲᠡᠭᠡ᠂ ᠰᠢᠩᠭᠡᠵᠢᠯ ᠬᠡᠶ ᠶᠢᠨ ᠥᠷᠲᠡᠭᠡ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃        ᠬᠤᠸᠠᠷ ᠫᠤᠤᠵᠢᠩ ᠤᠨ ᠡᠵᠡᠩᠨᠡᠯᠲᠡ ᠶᠢᠨ ᠲᠠᠯᠠᠪᠤᠷ ᠲᠤ᠂ ᠪᠠᠶᠢᠴᠠᠭᠠᠬᠤ ᠳᠤᠭᠤᠶᠢᠯᠠᠩ ᠬᠤᠸᠠᠷ ᠫᠤᠤᠵᠢᠩ ᠪᠣᠷᠣᠯᠠᠭᠤᠯᠬᠤ ᠵᠥᠪᠰᠢᠶᠡᠷᠡᠯ ᠤᠨ ᠦᠨᠡᠮᠯᠡᠯ᠂ ᠡᠵᠡᠩᠨᠡᠯᠲᠡ ᠶᠢᠨ ᠦᠨᠡᠮᠯᠡᠯ ᠪᠠ ᠠᠵᠢᠯᠯᠠᠭᠴᠢᠳ ᠤᠨ ᠪᠣᠯᠪᠠᠰᠤᠷᠠᠯ ᠤᠨ ᠬᠢᠷᠢ ᠲᠡᠩᠴᠡᠭᠰᠡᠨ ᠦᠨᠡᠮᠯᠡᠯ ᠢ ᠭᠤᠤᠯᠳᠠᠯᠭ᠎ᠠ ᠲᠠᠢ ᠪᠠᠶᠢᠴᠠᠭᠠᠵᠤ᠂ ᠪᠠᠷᠠᠭ᠎ᠠ ᠣᠷᠣᠭᠤᠯᠬᠤ ᠠᠷᠭ᠎ᠠ ᠵᠠᠮ ᠵᠢᠴᠢ ︽ᠭᠤᠷᠪᠠ ᠥᠬᠡᠶ︾ ᠪᠦᠲᠦᠭᠡᠭᠳᠡᠬᠦᠨ ᠢ ᠪᠣᠷᠣᠯᠠᠭᠤᠯᠤᠭᠰᠠᠨ ᠪᠠᠶᠢᠳᠠᠯ ᠣᠷᠣᠰᠢᠵᠤ ᠪᠠᠶᠢᠬᠤ ᠡᠰᠡᠬᠦ ᠶᠢ ᠯᠠᠪᠯᠠᠨ ᠠᠰᠠᠭᠤᠵᠤ᠂ ᠬᠤᠸᠠᠷ ᠫᠤᠤᠵᠢᠩ ᠢ ᠬᠠᠳᠠᠭᠠᠯᠠᠬᠤ ᠵᠢᠴᠢ ᠲᠠᠯᠪᠢᠬᠤ᠂ ᠭᠠᠯ ᠤᠨᠲᠠᠷᠠᠭᠠᠬᠤ ᠬᠡᠷᠡᠭᠰᠡᠯ ᠢ ᠲᠣᠬᠢᠷᠠᠭᠤᠯᠬᠤ᠂ ᠬᠤᠸᠠᠷ ᠫᠤᠤᠵᠢᠩ ᠤᠨ ᠢᠯᠡᠳᠬᠡᠮᠵᠢ ᠲᠡᠮᠳᠡᠭ ᠭᠠᠷᠭᠠᠬᠤ ᠶᠢ ᠴᠢᠩᠭ᠎ᠠ ᠴᠠᠭᠠᠵᠠᠯᠠᠬᠤ ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠡᠯ᠎ᠡ ᠪᠣᠷᠣᠯᠠᠭᠤᠯᠭ᠎ᠠ ᠶᠢᠨ ᠲᠤᠰᠬᠠᠶ ᠳᠡᠯᠭᠡᠭᠦᠷ ᠤᠨ ᠡᠵᠡᠩᠨᠡᠯᠲᠡ ᠶᠢᠨ ᠥᠮᠴᠢᠲᠡᠨ ᠳᠤ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠤᠬᠠᠭᠤᠯᠵᠤ᠂ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠪᠠ᠃       ᠬᠠᠷᠢᠶ᠎ᠠ ᠣᠷᠣᠨ ᠤ ᠲᠣᠰᠣ ᠨᠡᠮᠡᠬᠦ ᠥᠷᠲᠡᠭᠡ ᠳᠤ᠂ ᠪᠠᠶᠢᠴᠠᠭᠠᠬᠤ ᠳᠤᠭᠤᠶᠢᠯᠠᠩ ᠠᠴᠠ ᠲᠣᠰᠣ ᠨᠡᠮᠡᠬᠦ ᠥᠷᠲᠡᠭᠡ ᠶᠢᠨ ᠲᠣᠰᠣ ᠨᠡᠮᠡᠬᠦ ᠣᠷᠣᠨ  ᠂ ᠦᠢᠯᠡᠴᠢᠯᠡᠭᠡᠨ ᠤ ᠲᠠᠪᠴᠠᠩ  ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠭᠤᠣᠯᠴᠢᠯᠠᠨ ᠪᠠᠶᠢᠴᠠᠭᠠᠪᠠ᠂ ᠨᠢᠭᠡ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠮᠵᠢ ᠲᠣᠬᠢᠷᠠᠭᠤᠯᠤᠭᠰᠠᠨ ᠪᠠᠶᠢᠳᠠᠯ ᠵᠢᠴᠢ ᠳᠡᠯᠪᠡᠷᠡᠯᠲᠡ ᠠᠴᠠ ᠰᠡᠷᠭᠡᠶᠢᠯᠡᠵᠦ ᠳᠠᠷᠤᠯᠲᠠ ᠭᠠᠷᠭᠠᠬᠤ ᠲᠠᠶᠢᠪᠤᠩ ᠴᠠᠬᠢᠯᠭᠠᠨ ᠢ ᠰᠡᠷᠭᠡᠶᠢᠯᠡᠬᠦ᠂ ᠠᠶᠤᠩᠭ᠎ᠠ ᠰᠡᠷᠭᠡᠶᠢᠯᠡᠬᠦ ᠪᠠᠶᠢᠴᠠᠭᠠᠨ ᠬᠡᠮᠵᠢᠯᠲᠡ ᠨᠢ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ  ᠳᠤ ᠨᠡᠶᠢᠴᠡᠭᠰᠡᠨ‌ᠡᠰᠡᠬᠦ ᠶᠢ ᠪᠠᠶᠢᠴᠠᠭᠠᠨ ᠦᠵᠡᠪᠡ︔ ᠬᠤᠶᠠᠷ ᠲᠤ ᠠᠮᠤᠷ ᠲᠦᠪᠰᠢᠨ ᠤ ᠳᠦᠷᠢᠮ ᠤᠨ ᠨᠠᠶᠢᠳᠠᠪᠤᠷᠢᠵᠢᠭᠤᠯᠤᠯᠲᠠ᠂ ᠪᠡᠯᠡᠳᠬᠡᠮᠵᠢ ᠶᠢᠨ ᠠᠵᠢᠯᠯᠠᠭᠠᠨ ᠵᠢᠴᠢ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ  ᠪᠠᠶᠢᠴᠠᠭᠠᠪᠠ︔ ᠭᠤᠷᠪᠠ ᠳᠤ ᠰᠤᠯᠠ ᠪᠠᠷ ᠰᠠᠪᠠᠯᠠᠭᠰᠠᠨ ᠴᠢᠶ᠋ᠢᠦ ᠲᠣᠰᠣᠨ ᠤ ᠪᠣᠷᠣᠯᠠᠭᠤᠯᠭ᠎ᠠ ᠶᠢᠨ ᠪᠠᠶᠢᠳᠠᠯ ᠢ ᠤᠶᠢᠯᠠᠭᠠᠨ ᠡᠵᠡᠮᠰᠢᠵᠦ᠂ ᠰᠤᠯᠠ ᠪᠠᠷ ᠰᠠᠪᠠᠯᠠᠭᠰᠠᠨ ᠴᠢᠶ᠋ᠢᠦ ᠲᠣᠰᠣᠨ ᠤ ᠵᠢᠵᠢᠭᠯᠡᠨ ᠬᠤᠳᠠᠯᠳᠤᠬᠤ ᠡᠬᠡ ᠲᠠᠩᠰᠠ᠂ ᠠᠵᠢᠯᠲᠠᠨ ᠤ ᠲᠣᠰᠣ ᠨᠡᠮᠡᠬᠦ ᠠᠵᠢᠯᠯᠠᠭᠠᠨ ᠤ ᠲᠠᠰ ᠳᠠᠷᠠᠭᠠᠯᠠᠯ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠠ᠃ ᠲᠣᠰᠣ ᠨᠡᠮᠡᠬᠦ ᠥᠷᠲᠡᠭᠡ ᠶᠢᠨ ᠬᠠᠮᠢᠶᠠᠷᠤᠯᠲᠠ ᠶᠢᠨ ᠠᠵᠢᠯᠲᠠᠨ ᠢ ᠭᠠᠯ ᠢ ᠰᠡᠷᠭᠡᠶᠢᠯᠡᠬᠦ᠂ ᠬᠤᠯᠠᠭᠠᠶ ᠶᠢ ᠰᠡᠷᠭᠡᠶᠢᠯᠡᠬᠦ᠂ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠲᠣᠰᠣ ᠨᠡᠮᠡᠬᠦ ᠥᠷᠲᠡᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠰᠢᠩᠭᠡᠨᠵᠢᠮᠡᠯ ᠬᠡᠶ ᠶᠢᠨ ᠥᠷᠲᠡᠭᠡ ᠶᠢᠨ ᠪᠠᠶᠢᠴᠠᠭᠠᠯᠲᠠ ᠳᠤ᠂ ᠠᠵᠢᠯᠲᠠᠳ ᠠᠵᠤ ᠠᠬᠤᠶᠢᠯᠠᠯ ᠤᠨ ᠳᠦᠭᠦᠷᠭᠡᠨ ᠤᠭᠰᠠᠷᠠᠬᠤ ᠵᠥᠪᠰᠢᠶᠡᠷᠡᠯ ᠤᠨ ᠬᠢᠷᠢ ᠬᠡᠮ ᠢ ᠭᠤᠤᠯᠳᠠᠯᠭ᠎ᠠ ᠲᠠᠢ ᠪᠠᠶᠢᠴᠠᠭᠠᠵᠤ᠂ ᠰᠢᠩᠭᠡᠨᠵᠢᠮᠡᠯ ᠴᠢᠯᠠᠭᠤᠨ ᠲᠣᠰᠣᠨ ᠤ ᠬᠡᠶ ᠶᠢᠨ ᠲᠦᠩᠰᠡ ᠶᠢᠨ ᠪᠦᠷᠢᠳᠬᠡᠯ ᠤᠨ ᠮᠡᠳᠡᠭᠡ ᠵᠠᠩᠭᠢ᠂ ᠳᠦᠭᠦᠷᠭᠡᠨ ᠤᠭᠰᠠᠷᠠᠬᠤ ᠠᠵᠢᠯᠲᠠᠨ ᠤ ᠦᠨᠡᠮᠯᠡᠯ ᠲᠠᠢ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢᠨ ᠲᠡᠮᠳᠡᠭᠯᠡᠯ ᠵᠡᠷᠭᠡ ᠶᠢ ᠬᠠᠷᠭᠤᠭᠤᠯᠵᠠᠶ᠃ ᠰᠢᠩᠭᠡᠵᠢᠮᠠᠯ ᠬᠡᠢ ᠶᠢᠨ ᠥᠷᠲᠡᠭᠡ ᠶᠢ ᠦᠨᠡᠮᠯᠡᠯ ᠦᠭᠡᠶ ᠪᠠᠷ ᠰᠠᠪᠠᠯᠠᠬᠤ᠂ ᠬᠤᠭᠤᠴᠠᠭ᠎ᠠ ᠬᠡᠲᠦᠷᠡᠭᠰᠡᠨ ᠪᠠᠶᠢᠴᠠᠭᠠᠭᠰᠠᠨ ᠦᠭᠡᠶ ᠬᠡᠢ ᠶᠢᠨ ᠲᠦᠩᠰᠡ ᠶᠢ ᠬᠡᠷᠡᠭᠯᠡᠬᠦ᠂ ᠬᠡᠢ ᠶᠢᠨ ᠲᠦᠩᠰᠡ ᠶᠢ ᠥᠭᠡᠷᠡᠴᠢᠯᠡᠨ ᠰᠠᠪᠠᠯᠠᠬᠤ᠂ ᠬᠡᠢ ᠶᠢᠨ ᠲᠦᠩᠰᠡ ᠶᠢ ᠰᠢᠨᠡᠳᠬᠡᠬᠦ᠂ ᠬᠠᠶᠠᠭᠳᠠᠮᠠᠯ ᠬᠡᠢ ᠶᠢᠨ ᠲᠦᠩᠰᠡ ᠶᠢ ᠬᠠᠶᠠᠭᠳᠠᠮᠠᠯ ᠪᠣᠯᠭᠠᠬᠤ ᠵᠢᠴᠢ ᠮᠡᠷᠭᠡᠵᠢᠯ ᠤᠨ ᠵᠢᠷᠤᠮᠵᠢᠯ ᠶᠣᠰᠣᠭᠠᠷ ᠰᠠᠪᠠᠯᠠᠬᠤ ᠦᠭᠡᠶ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃      ᠲᠤᠰ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠪᠠᠷ ᠳᠠᠮᠵᠢᠨ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠡᠵᠡᠩᠨᠡᠯᠲᠡ ᠶᠢᠨ ᠭᠠᠵᠠᠷ  ᠤᠨ ᠠᠵᠢᠯᠲᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠭᠦᠯᠵᠦ᠂ ᠭᠠᠯ ᠤᠨ ᠠᠶᠤᠯ ᠤᠨ ᠠᠳᠡᠯ ᠭᠠᠷᠬᠤ ᠶᠢ ᠤᠯᠠᠮ ᠨᠢᠭᠡ ᠠᠯᠬᠤᠮ ᠬᠤᠷᠢᠭᠯᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号