ᠬᠤᠤ ᠷᠤᠤ ᠱᠠᠨ ᠪᠠᠯᠭᠠᠰᠤᠨ ᠤ ᠲᠣᠰᠬᠤᠨ ᠤ ᠺᠠᠳ᠋ᠷ ᠤᠨ ᠲᠥᠷᠥ ᠶᠢᠨ ᠪᠣᠳᠣᠯᠭ᠎ᠠ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠤᠨ ᠠᠩᠭᠢ ᠶᠢᠨ ᠡᠬᠢᠯᠡᠬᠦ ᠶᠣᠰᠣᠯᠠᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2021/2/24
     2  ᠳ᠋ᠤᠭᠠᠷ  ᠰᠠᠷ᠎ᠠ  ᠶᠢᠨ  22      ᠤᠨ ᠡᠳᠦᠷ᠂ ᠬᠤᠤ ᠷᠤᠤ ᠱᠠᠨ ᠪᠠᠯᠭᠠᠰᠤᠨ ᠤ ᠲᠣᠰᠬᠤᠨ ᠤ ᠺᠠᠳ᠋ᠷ ᠤᠨ ᠲᠥᠷᠥ ᠶᠢᠨ ᠪᠣᠳᠣᠯᠭ᠎ᠠ ᠶᠢᠨ ᠣᠨᠣᠯ ᠪᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠵᠢᠩᠬᠢᠨᠢ ᠪᠠᠷ ᠡᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠺᠠᠳ᠋ᠷ᠂ ᠡᠯ᠎ᠡ ᠲᠣᠰᠬᠤᠨ ᠤ ᠰᠠᠭᠤᠭᠠᠯᠢ ᠠᠷᠠᠳ᠂ ᠡᠯ᠎ᠡ ᠥᠷᠲᠡᠭᠡ ᠭᠠᠵᠠᠷ ᠤᠨ ᠺᠠᠳ᠋ᠷ ᠨᠡᠶᠢᠲᠡ 40 ᠭᠠᠷᠤᠶ ᠬᠥᠮᠦᠨ ᠣᠷᠣᠯᠴᠠᠪᠠ᠃      ᠪᠣᠯᠪᠠᠰᠤᠷᠠᠭᠤᠯᠤᠯ ᠤᠨ ᠶᠠᠪᠤᠴᠠ ᠳᠤ᠂ ᠬᠤᠤ ᠷᠤᠤ ᠱᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠸᠧᠶ ᠰᠢᠤᠸᠠᠢ᠂ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠸᠠᠩ ᠭᠦᠸᠧ ᠴᠧᠨ ᠺᠠᠳ᠋ᠷᠴᠤᠳ ᠢᠶᠠᠨ ᠳᠠᠭᠠᠭᠤᠯᠤᠨ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠨᠠᠶᠢᠮᠠᠳᠣᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠭᠤᠯᠭ᠎ᠠ᠂ ᠬᠠᠤᠯᠢ ᠪᠠᠷ  ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠠᠷᠭ᠎ᠠ ᠬᠡᠮᠵᠢᠶ᠎ᠡ ᠨᠦᠭᠦᠳ ᠵᠡᠷᠭᠡ ᠠᠭᠤᠯᠭ᠎ᠠ ᠶᠢ ᠲᠣᠰ ᠲᠣᠰ ᠨᠠᠷᠢᠨ ᠨᠢᠮᠪᠠᠶ ᠰᠤᠷᠤᠯᠴᠠᠵᠠᠶ᠃     ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠨᠠᠮ ᠤᠨ ᠬᠤᠷᠢᠶᠠᠨ ᠤ ᠱᠦᠵᠢ ᠸᠠᠩ ᠸᠧᠶ ᠰᠢᠤᠸᠠᠢ ᠠᠴᠠ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠪᠥᠬᠦ ᠺᠠᠳ᠋ᠷᠴᠤᠳ ᠲᠣᠰ ᠤᠳᠠᠭ᠎ᠠ ᠶᠢᠨ ᠰᠤᠷᠤᠯᠴᠠᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠦᠵᠡᠯ ᠰᠠᠨᠠᠭ᠎ᠠ᠂  ᠦᠢᠯᠡ ᠠᠵᠢᠯᠯᠠᠭ᠎ᠠ ᠶᠢᠨ ᠲᠠᠯ᠎ᠠ ᠪᠠᠷ ᠳᠠᠷᠤᠶ ᠲᠦᠷᠭᠡᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠡᠬᠢᠯᠡᠯᠲᠡ ᠶᠢᠨ ᠣᠪᠣᠷ ᠠᠪᠴᠤ᠂ ᠳᠠᠷᠤᠶ ᠰᠢᠪᠲᠤᠯᠤᠯᠲᠠ ᠶᠢᠨ ᠣᠪᠣᠷ ᠠᠪᠴᠤ᠂ ᠣᠶᠤᠨ ᠰᠠᠨᠠᠭᠠᠨ ᠤ ᠳᠦᠷᠰᠦ ᠪᠠᠶᠢᠳᠠᠯ ᠳᠤ ᠳᠠᠷᠤᠶ ᠲᠦᠷᠭᠡᠨ ᠲᠣᠬᠢᠷᠠᠭᠤᠯᠤᠯᠲᠠ ᠬᠢᠵᠦ᠂ ᠰᠤᠷᠤᠯᠴᠠᠬᠤ  ᠪᠠ ᠬᠡᠷᠡᠭᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠠᠩ ᠴᠣ᠋ ᠰᠢᠨ᠎ᠡ ᠳᠦᠷᠰᠦ ᠪᠠᠶᠢᠳᠠᠯ᠂ ᠨᠠᠩ ᠬᠡᠬᠦᠳᠡᠭ ᠳᠦᠭᠦᠷᠡᠩ ᠵᠣᠷᠢᠭ ᠰᠠᠨᠠᠭ᠎ᠠ᠂ ᠨᠠᠩ ᠰᠠᠶᠢᠨ ᠰᠠᠶᠢᠬᠠᠨ ᠰᠤᠷᠲᠠᠯ ᠢᠶᠠᠷ ᠪᠥᠬᠦ ᠵᠢᠯ ᠤᠨ ᠠᠵᠢᠯ ᠳᠠᠭᠠᠨ ᠣᠷᠣᠯᠴᠠᠬᠤ ᠬᠡᠷᠡᠭᠲᠡᠶ ᠭᠡᠵᠦ ᠴᠢᠬᠤᠯᠠᠴᠢᠯᠠᠪᠠ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号