ᠸᠧ ᠨᠢᠦ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠣᠬᠢᠶᠠᠨ ᠪᠠᠶᠢᠭᠤᠯᠵᠤ ᠬᠠᠷᠢᠭᠤᠴᠠᠯᠭ᠎ᠠ ᠶᠢᠨ ᠪᠢᠴᠢᠭ  ᠲᠣᠭᠲᠠᠭᠠᠨ ᠭᠠᠷ ᠤᠨ ᠦᠰᠦᠭ ᠵᠢᠷᠣᠵᠣ᠂  ᠬᠠᠤᠯᠢ ᠬᠡᠷᠡᠭᠵᠢᠭᠦᠯᠬᠦ ᠪᠠᠶᠢᠭᠤᠯᠤᠯᠲᠠ  ᠳᠤ  ᠪᠠᠲᠣᠯᠠᠭ᠎ᠠ ᠬᠠᠩᠭᠠᠪᠠ
ᠨᠡᠶᠢᠲᠡᠯᠡᠭᠰᠡᠨ ᠴᠠᠭ᠄
2021/2/24
     ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠬᠠᠷᠢᠶ᠎ᠠ ᠣᠷᠣᠨ ᠤ ᠠᠷᠠᠳ ᠣᠯᠠᠨ ᠤ ᠤᠬᠠᠮᠰᠠᠷ ᠠᠴᠠ ᠪᠠᠨ ᠬᠠᠤᠯᠢ ᠶᠢ ᠮᠡᠳᠡᠵᠦ ᠬᠠᠤᠯᠢ ᠶᠢ ᠰᠠᠬᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ 2  ᠳ᠋ᠤᠭᠠᠷ  ᠰᠠᠷ᠎ᠠ  ᠶᠢᠨ  22      ᠤᠨ ᠡᠳᠦᠷ᠂  ᠸᠧ ᠨᠢᠤ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ 13 ᠲᠣᠰᠬᠤᠨ  ᠪᠠ 1 ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠵᠤ ︽ ᠸᠧ ᠨᠢᠤ ᠾᠧ ᠪᠠᠯᠭᠠᠰᠤᠨ ᠤ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠨᠠᠷᠢᠨ ᠲᠠᠩᠰᠠ ᠶᠢᠨ ᠠᠭᠤᠯᠭ᠎ᠠ ᠶᠢᠨ ᠤᠬᠠᠭᠤᠯᠭ᠎ᠠ ᠶᠢᠨ ᠬᠠᠷᠢᠭᠤᠴᠠᠯᠭ᠎ᠠ ᠶᠢᠨ ᠪᠢᠴᠢᠭ︾ ︵︽ᠬᠠᠷᠢᠭᠤᠴᠠᠯᠭ᠎ᠠ ᠶᠢᠨ ᠪᠢᠴᠢᠭ︾ ᠭᠡᠵᠦ ᠲᠣᠪᠴᠢᠯᠠᠨ᠎ᠠ︶ ᠲᠤ ᠭᠠᠷ ᠤᠨ ᠥᠰᠥᠭ ᠵᠢᠷᠤᠪᠠ᠃      ᠭᠠᠷ ᠤᠨ ᠥᠰᠥᠭ ᠵᠢᠷᠤᠬᠤ ᠠᠴᠠ ᠡᠮᠦᠨ᠎ᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  ᠶᠢᠨ ᠬᠠᠷᠢᠭᠤᠴᠠᠯᠭᠠᠲᠠᠨ ᠠᠴᠠ ︵ᠨᠡᠶᠢᠭᠡᠮ ᠲᠣᠭᠤᠷᠢᠭ︶  ᠲᠣᠰᠬᠤᠨ ᠤ ᠺᠠᠳ᠋ᠷ ᠲᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠬᠠᠷᠢᠭᠤᠴᠠᠯᠭ᠎ᠠ ᠶᠢᠨ ᠵᠦᠢᠯᠡᠰ᠂ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠲᠦᠷᠢᠮ︾ ᠵᠢᠴᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠤᠪᠤᠷᠠᠯ ᠤᠨ ᠲᠤᠬᠠᠶ ᠭᠤᠤᠯᠳᠠᠯᠭ᠎ᠠ ᠲᠠᠢ ᠨᠠᠷᠢᠨ ᠨᠢᠮᠪᠠᠶ ᠲᠠᠶᠢᠯᠤᠮᠵᠢ ᠬᠢᠭᠰᠡᠨ ᠪᠥᠭᠡᠳ ᠸᠧ ᠨᠢᠤ ᠾᠧ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠶᠢ ᠲᠤᠬᠠᠶ ᠶᠢᠨ ᠲᠠᠯᠠᠪᠠᠶ ᠳᠤ ᠨᠡᠶᠢᠲᠡᠯᠡᠵᠡᠶ᠃     ᠸᠧ ᠨᠢᠦ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠱᠦᠵᠢ ᠲᠠᠢ ᠲᠤᠬᠠᠶ ᠶᠢᠨ ᠲᠠᠯᠠᠪᠤᠷ ᠲᠤ ︽ᠬᠠᠷᠢᠭᠤᠴᠠᠯᠭ᠎ᠠ ᠶᠢᠨ ᠪᠢᠴᠢᠭ︾  ᠲᠣᠭᠲᠠᠨ ᠭᠠᠷ ᠤᠨ ᠦᠰᠦᠭ ᠵᠢᠷᠣᠪᠠ᠂︽ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠣᠬᠤ ᠪᠠᠷ ᠳᠠᠮᠵᠢᠨ ᠳᠠᠷᠤᠯᠲᠠ ᠶᠢ ᠱᠠᠲᠤ ᠳᠠᠷᠠᠭᠠᠯᠠᠨ ᠳᠠᠮᠵᠢᠭᠤᠯᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠵᠡᠢ  ᠂ ᠪᠦᠬᠦ  ᠲᠣᠪᠴᠢᠶᠠᠨ ᠤ ᠺᠠᠳ᠋ᠷ᠂ ᠠᠵᠢᠯᠳᠠᠨ ᠠᠵᠢᠯᠴᠢᠨ ᠤ ᠰᠢᠨ᠎ᠡ ᠪᠠᠶᠢᠳᠠᠯ ᠤᠨ ᠳᠣᠣᠷ᠎ᠠ ᠬᠠᠤᠯᠢ ᠬᠡᠷᠡᠭᠵᠢᠭᠦᠯᠬᠦ ᠪᠠᠶᠢᠭᠤᠯᠤᠯᠲᠠ᠂ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠷᠠᠭᠤᠯᠪᠠ᠂  ᠸᠧ ᠨᠢᠦ ᠾᠧ ᠪᠠᠯᠭᠠᠰᠤᠨ ᠤ 2021 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号