ᠭᠤᠤ ᠲᠠᠢ ᠽᠢ ᠵᠡᠭᠡᠯᠢ ᠭᠤᠳᠤᠮᠵᠢ 2021 ᠣᠨ ᠤ ᠨᠢᠭᠡᠳᠦᠭᠡᠷ ᠤᠯᠠᠷᠢᠯ ᠤᠨ ᠬᠡᠷ ᠪᠠᠶᠢᠰᠢᠩ ᠤᠨ ᠨᠥᠬᠦᠪᠥᠷᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/2/24
      2021 ᠣᠨ ᠤ ᠣᠷᠣᠨ ᠰᠠᠭᠤᠴᠠ ᠶᠢᠨ ᠨᠥᠬᠦᠪᠥᠷᠢ ᠶᠢᠨ ᠣᠨ ᠤ ᠬᠠᠷᠭᠤᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠭᠤᠤ ᠲᠠᠢ ᠽᠢ ᠵᠡᠭᠡᠯᠢ ᠭᠤᠳᠤᠮᠵᠢ ᠶᠢᠨ ᠵᠢᠶᠠᠨ ᠱᠧ  ᠨᠡᠶᠢᠭᠡᠮ ᠲᠣᠭᠤᠷᠢᠭ ᠤᠨ ᠬᠢᠨ ᠬᠠᠷᠢᠶ᠎ᠠ ᠲᠣᠭᠤᠷᠢᠭ ᠤᠨ ᠳᠣᠲᠣᠷᠠᠬᠢ ᠣᠷᠣᠨ ᠰᠠᠭᠤᠴᠠ ᠶᠢᠨ ᠨᠥᠬᠦᠪᠥᠷᠢ ᠶᠢ ᠭᠥᠷᠳᠡᠵᠦ ᠪᠠᠶᠢᠭ᠎ᠠ ᠰᠠᠭᠤᠭᠠᠯᠢ ᠠᠷᠠᠳ ᠲᠤ ᠬᠠᠮᠤᠭ ᠤᠨ ᠲᠡᠷᠢᠭᠦᠨ ᠳᠤ ᠮᠡᠳᠡᠭᠳᠡᠵᠦ ᠨᠡᠶᠢᠭᠡᠮ ᠲᠣᠭᠤᠷᠢᠭ ᠲᠤ ᠣᠴᠢᠭᠤᠯᠤᠨ ᠬᠠᠷᠭᠤᠭᠤᠯᠤᠨ ᠪᠠᠶᠢᠴᠠᠭᠠᠯᠲᠠ ᠬᠢᠯᠭᠡᠵᠦ᠂ ᠲᠡᠳᠡᠨ ᠤ ᠪᠡᠯᠡᠳᠬᠡᠬᠦ ᠴᠢᠬᠤᠯᠠᠲᠠᠶ ᠮᠠᠲ᠋ᠧᠷᠢᠶᠠᠯ ᠢ ᠮᠡᠳᠡᠭᠳᠡᠬᠦ ᠶᠢᠨ ᠬᠠᠮᠲᠤ ᠬᠡᠷ ᠪᠦᠯᠢ ᠶᠢᠨ ᠬᠥᠮᠦᠨ ᠠᠮᠠ ᠶᠢᠨ ᠲᠤᠭ᠎ᠠ᠂ ᠣᠷᠣᠨ ᠰᠠᠭᠤᠴᠠ᠂ ᠣᠷᠤᠭ ᠬᠤᠷᠢᠮ ᠪᠠ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃     ᠣᠷᠣᠨ ᠰᠠᠭᠤᠴᠠ ᠶᠢᠨ ᠨᠥᠬᠦᠪᠥᠷᠢ ᠶᠢ ᠬᠠᠷᠭᠤᠭᠤᠯᠤᠨ ᠪᠠᠶᠢᠴᠠᠭᠠᠬᠤ ᠠᠵᠢᠯ ᠤᠨ ᠢᠯᠡ ᠲᠣᠳᠣ ᠶᠢᠨ ᠬᠡᠮᠵᠢᠶ᠎ᠡ ᠪᠠ ᠲᠥᠪ ᠭᠤᠤᠯᠴᠢ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯᠲᠠᠨ ᠬᠡᠷ ᠪᠠᠶᠢᠰᠢᠩ ᠤᠨ ᠨᠥᠬᠦᠪᠥᠷᠢ ᠭᠥᠷᠳᠡᠵᠦ ᠪᠠᠶᠢᠭ᠎ᠠ ᠡᠷᠦᠬᠡ ᠳᠤ ᠲᠥᠷᠥ ᠶᠢᠨ ᠪᠣᠳᠣᠯᠭ᠎ᠠ ᠶᠢᠨ ᠪᠣᠭᠤᠮᠲᠠ ᠶᠢ ᠴᠢᠩᠭ᠎ᠠ ᠠᠳᠬᠤᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠢᠭᠡᠳ ᠨᠢᠭᠡ ᠪᠠᠷ ᠬᠠᠷᠭᠤᠭᠤᠯᠤᠨ᠂ ᠨᠥᠬᠦᠴᠡᠯ ᠳᠤ ᠨᠡᠶᠢᠴᠡᠬᠦ ᠨᠢᠭᠡ ᠡᠷᠦᠬᠡ  ᠶᠢ ᠴᠦ ᠣᠷᠬᠢᠭᠳᠠᠭᠤᠯᠬᠤ ᠥᠬᠡᠶ᠂ ᠮᠠᠲ᠋ᠧᠷᠢᠶᠠᠯ ᠤᠨ ᠨᠠᠷᠢᠨ ᠪᠣᠳᠠᠲᠠᠶ ᠪᠠᠶᠢᠬᠤ ᠶᠢ ᠪᠡᠶᠡᠯᠡᠭᠦᠯᠵᠦ᠂ ᠨᠠᠶᠢᠷ ᠲᠠᠯ᠎ᠠ ᠶᠢᠨ ᠨᠥᠬᠦᠪᠥᠷᠢ ᠣᠯᠭᠤᠬᠤ ᠶᠢ ᠡᠷᠡᠰ ᠬᠤᠷᠢᠭᠯᠠᠵᠤ᠂ ᠲᠥᠪ ᠭᠤᠤᠯᠴᠢ᠂ ᠢᠯᠡ ᠲᠣᠳᠣ ᠪᠠᠶᠢᠬᠤ ᠶᠢ ᠪᠡᠶᠡᠯᠡᠭᠦᠯᠦᠨ᠂ ᠨᠥᠬᠦᠴᠡᠯ ᠳᠤ ᠨᠡᠶᠢᠴᠡᠬᠦ ᠣᠷᠣᠯᠭ᠎ᠠ ᠪᠠᠭᠠᠲᠠᠶ ᠪᠥᠭᠡᠳ ᠬᠡᠷ ᠪᠠᠶᠢᠰᠢᠩ ᠥᠬᠡᠶ ᠬᠡᠷ ᠪᠦᠯᠢ ᠳᠤ ᠨᠠᠮ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ ᠨᠥᠬᠦᠪᠥᠷᠢ ᠶᠢᠨ ᠨᠢᠭᠡᠳᠦᠭᠡᠷ ᠤᠯᠠᠷᠢᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠲᠤᠯᠠᠨ᠎ᠠ᠃     ᠣᠳᠣᠬᠠᠨ ᠳᠤ᠂ ᠨᠡᠶᠢᠭᠡᠮ ᠲᠣᠭᠤᠷᠢᠭ ᠤᠨ 19 ᠡᠷᠦᠬᠡ ᠣᠷᠣᠨ ᠰᠠᠭᠤᠴᠠ ᠶᠢᠨ ᠨᠥᠬᠦᠪᠥᠷᠢ ᠬᠢᠨᠠᠨ ᠪᠠᠶᠢᠴᠠᠭᠠᠯᠲᠠ ᠳᠤ ᠣᠷᠣᠯᠴᠠᠵᠤ᠂ ᠣᠲᠣ ᠶᠠᠭ ᠮᠠᠲ᠋ᠧᠷᠢᠶᠠᠯ ᠴᠤᠭᠯᠠᠭᠤᠯᠵᠤ ᠠᠩᠬᠠᠨ ᠤ ᠬᠢᠨᠠᠯᠲᠠ ᠬᠢᠵᠦ ᠪᠠᠶᠢᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号