ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠺᠠᠳ᠋ᠷ ᠤᠨ ᠶᠡᠭᠡ ᠬᠤᠷᠠᠯ  ᠬᠤᠷᠠᠯᠳᠤᠭᠤᠯᠵᠤ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/2/26
       ᠬᠤᠷᠠᠯ ᠳᠡᠭᠡᠷ᠎ᠡ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠨᠡᠶᠢᠭᠡᠮᠯᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢᠦ ᠶᠠᠨ ᠸᠧᠶ ᠨᠥᠬᠦᠷ ᠪᠥᠬᠦ ᠺᠠᠳ᠋ᠷ ᠠᠵᠢᠯᠲᠠᠨ ᠢᠶᠠᠨ ᠳᠠᠭᠠᠭᠤᠯᠤᠨ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠲᠤᠬᠠᠶ ᠴᠢᠬᠤᠯᠠ ᠶᠠᠷᠢᠶ᠎ᠠ᠂ ᠶᠡᠷᠦᠩᠬᠡᠢ ᠰᠠᠶᠢᠳ ᠯᠢ ᠺᠧ ᠴᠢᠶᠠᠩ ᠪᠦᠬᠦ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠧᠯᠸᠢᠰ  ᠪᠠ ᠣᠳᠠᠰᠣᠨ ᠬᠤᠷᠠᠯ ᠳᠡᠭᠡᠷᠡᠬᠢ ᠶᠠᠷᠢᠶ᠎ᠠ᠂ ᠪᠥᠬᠦ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ︾  ᠵᠡᠷᠭᠡ ᠶᠢ ᠰᠣᠷᠣᠯᠴᠠᠵᠣ᠂ ᠡᠭᠦᠨ ᠤ ᠬᠠᠮᠲᠤ ︽ᠲᠦᠷᠪᠡᠨ ᠰᠤᠷᠲᠠᠯ︾ ᠢ ᠴᠥᠬᠦᠷᠡᠰᠢ ᠦᠭᠡᠢ ᠡᠰᠡᠷᠭᠦᠴᠡᠵᠦ᠂ ᠰᠤᠷᠲᠠᠯ ᠢᠶᠠᠨ  ᠬᠤᠪᠢᠷᠠᠭᠤᠯᠣᠨ ᠰᠢᠨ᠎ᠡ ᠰᠤᠷᠲᠠᠯ ᠢ ᠪᠤᠢ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ  ᠂ ︽ ᠲᠡᠮᠡᠴᠡᠬᠦ︾᠂ ︽ᠠᠳᠠᠯᠢᠳᠬᠠᠬᠤ︾᠂ ︽ᠲᠡᠮᠡᠦᠯᠬᠦ︾ ᠵᠣᠷᠢᠭ ᠰᠠᠨᠠᠭ᠎ᠠ ᠪᠠᠷ ᠠᠵᠢᠯ ᠬᠢᠵᠦ ᠦᠢᠯᠡᠰ ᠪᠤᠰᠬᠠᠬᠤ ᠬᠡᠷᠡᠭᠲᠡᠢ ᠭᠡᠵᠦ᠂ ᠠᠳᠠᠯᠢᠳᠬᠠᠬᠤ ᠰᠤᠷᠤᠯᠴᠠᠬᠤ ᠳᠠᠪᠠᠭ᠋ᠤ ᠠᠭᠤᠷ ᠠᠮᠢᠰᠬᠤᠯ ᠢ ᠪᠤᠢ ᠪᠣᠯᠭᠠᠵᠤ᠂ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠳᠤ ᠣᠷᠣᠯᠴᠠᠭᠰᠠᠨ ᠺᠠᠳ᠋ᠷ ᠠᠵᠢᠯᠲᠠᠨ ᠠᠵᠢᠯᠴᠢᠨ᠂ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠠᠵᠢᠯ ᠶᠠᠪᠤᠳᠠᠯ  ᠭᠦᠢᠴᠡᠳᠭᠡᠬᠦ  ᠦᠷ᠎ᠡ  ᠪᠦᠲᠦᠮᠵᠢ  ᠪᠣᠯᠤᠨ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠤᠨ ᠣᠪᠣᠷ ᠢᠶᠠᠨ ᠲᠥᠪ ᠪᠣᠯᠭᠠᠵᠤ ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ᠂ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠰᠤᠷᠲᠠᠯ ᠴᠢᠬᠡᠴᠢ᠂ ᠣᠪᠣᠷ ᠲᠥᠪ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠪᠦᠷᠢᠯᠳᠦᠭᠦᠯᠬᠦ ᠶᠢ ᠠᠬᠢᠭᠤᠯᠬᠤ ᠳᠤ ᠢᠳᠡᠪᠬᠢᠲᠡᠶ ᠴᠢᠷᠮᠠᠶᠢᠯᠭ᠎ᠠ ᠭᠠᠷᠭᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号