︽ᠡᠮᠡᠭᠲᠡᠶᠢᠴᠦᠳ ᠤᠨ ᠬᠦᠴᠦᠨ ᠴᠢᠳᠠᠯ︾ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠪᠠ —ᠮᠥᠬᠦᠴᠢ ᠪᠠᠯᠭᠠᠰᠤᠨ ᠤ 22 ᠲᠣᠰᠬᠤᠨ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠲᠡᠭᠦᠰ ᠠᠮᠵᠢᠯᠲᠠ ᠤᠯᠪᠠ
ᠨᠡᠶᠢᠲᠡᠯᠡᠭᠰᠡᠨ ᠴᠠᠭ᠄
2021/2/26
       ᠮᠦᠭᠦᠴᠢ  ᠪᠠᠯᠭᠠᠰᠤ  ᠰᠣᠩᠭᠤᠭᠠᠯᠢ  ᠶᠢᠨ ᠠᠵᠢᠯ  ᠤᠨ ᠡᠮᠦᠨᠡᠬᠢ ᠬᠤᠭᠤᠴᠠᠭᠠᠨ ᠤ ᠨᠢᠮᠪᠠᠢ ᠪᠠᠶᠢᠷᠢᠯᠠᠭᠤᠯᠤᠯᠲᠠ᠂ ᠲᠣᠭᠲᠠᠴᠠ ᠪᠠᠨ ᠲᠡᠭᠦᠯᠳᠡᠷᠵᠢᠭᠦᠯᠬᠦ᠂ ᠤᠬᠠᠭᠤᠯᠤᠨ ᠬᠦᠳᠦᠯᠥᠨ ᠳᠠᠭᠠᠭᠤᠯᠬᠤ ᠪᠠᠷ ᠲᠠᠮᠵᠢᠨ᠂ 2  ᠰᠠᠷ᠎ᠠ  ᠶᠢᠨ  24      ᠤ ᠡᠳᠦᠷ 22 ᠲᠣᠰᠬᠤᠨ᠂ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠮᠡᠭᠲᠡᠶᠢᠴᠦᠳ ᠤᠨ ᠬᠤᠯᠪᠣᠭ᠎ᠠ ᠶᠢᠨ ᠡᠮᠡᠭᠲᠡᠶᠢᠴᠦᠳ  ᠢᠶᠠᠨ  ᠵᠣᠬᠢᠶᠠᠨ ᠪᠠᠶᠢᠭᠤᠯᠵᠤ ᠬᠦᠳᠦᠯᠥᠨ ᠳᠠᠭᠠᠭᠤᠯᠬᠤ᠂ ᠦᠢᠯᠡᠴᠢᠯᠡᠭᠡᠨ ᠤ ᠳᠠᠪᠠᠭᠤᠯᠢᠭ ᠢᠶᠠᠨ ᠪᠠᠳᠠᠷᠠᠭᠤᠯᠬᠤ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠳᠤ ︽ᠡᠮᠡᠭᠲᠡᠶᠢᠴᠦᠳ ᠤᠨ ᠬᠦᠴᠦᠨ ᠴᠢᠳᠠᠯ︾ ᠢ ᠲᠡᠭᠦᠯᠳᠡᠷᠵᠢᠭᠦᠯᠦᠨ ᠪᠤᠵᠠᠭᠠᠶᠢᠷᠠᠭᠤᠯᠪᠠ᠃       ᠬᠤᠭᠤᠴᠠᠭ᠎ᠠ ᠰᠣᠯᠢᠬᠤ ᠰᠠᠶᠢᠨ ᠠᠵᠠ ᠲᠣᠬᠢᠶᠠᠯ ᠢ ᠠᠮᠵᠢᠵᠤ᠂ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠣᠨ᠎ᠠ᠃ ᠡᠮᠡᠭᠲᠡᠶᠢᠴᠦᠳ ᠤᠨ ᠬᠤᠯᠪᠣᠭ᠎ᠠ ᠶᠢᠨ ᠰᠣᠩᠭᠤᠭᠤᠯᠢ ᠶᠢᠨ ᠰᠢᠨ᠎ᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠢ ᠭᠦᠢᠴᠡᠳ ᠰᠠᠶᠢᠲᠤᠷ ᠬᠢᠭᠰᠡᠨ ᠤᠷᠢᠲᠠᠯ ᠳᠣᠤᠷ᠎ᠠ᠂ ᠲᠣᠰᠬᠤᠨ ᠤ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠵᠢᠷᠤᠮᠵᠢᠭᠰᠠᠨ ᠬᠤᠭᠤᠴᠠᠭ᠎ᠠ ᠰᠣᠯᠢᠬᠤ ᠰᠣᠩᠭᠤᠭᠤᠯᠢ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠵᠢᠱᠢᠭᠳᠡᠭᠴᠢ ᠶᠢᠨ ᠪᠠᠷᠢᠮᠵᠢᠶ᠎ᠠ ᠶᠢ ᠴᠢᠩᠳᠠᠯᠠᠨ᠂ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂  ᠦᠢᠯᠡᠴᠢᠯᠡᠭᠡᠨ ᠤ ᠤᠬᠠᠮᠰᠠᠷ ᠢᠶᠠᠷ ᠴᠢᠩᠭ᠎ᠠ᠂ ᠡᠮᠡᠭᠲᠡᠶᠢᠴᠦᠳ ᠤᠨ ᠠᠵᠢᠯ ᠢ ᠬᠠᠶᠢᠷᠠᠯᠠᠳᠠᠭ᠂ ᠣᠯᠠᠨ ᠲᠦᠮᠡᠨ ᠳᠤ ᠮᠡᠳᠡᠷᠡᠭᠳᠡᠭᠰᠡᠨ ᠬᠡᠮᠵᠢᠶ᠎ᠡ ᠪᠠᠷ ᠥᠨᠳᠥᠷ ᠰᠢᠯᠢᠳᠡᠭ ᠡᠮᠡᠭᠲᠡᠶᠢᠴᠦᠳ ᠢ ᠰᠢᠯᠢᠨ ᠰᠣᠩᠭᠤᠵᠤ᠂ ᠡᠮᠡᠭᠲᠡᠶᠢᠴᠦᠳ ᠤᠨ ᠬᠤᠯᠪᠣᠭ᠎ᠠ ᠶᠢᠨ ᠡᠩᠨᠡᠭᠡ ᠳᠤ ᠦᠨᠡᠨ ᠬᠦ ᠰᠢᠯᠢᠳᠡᠭ ᠢ ᠨᠢ ᠰᠣᠩᠭᠤᠨ ᠬᠦᠴᠦᠷᠬᠡᠭ ᠢ ᠨᠢ ᠲᠣᠬᠢᠷᠠᠭᠤᠯᠤᠨ᠎ᠠ᠃ 22 ᠲᠣᠰᠬᠤᠨ᠂ ᠨᠡᠶᠢᠭᠡᠮ ᠲᠣᠭᠤᠷᠢᠭ ᠠᠴᠠ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ 22 ᠬᠥᠮᠦᠨ᠂ ᠳᠡᠳ᠋ ᠲᠡᠷᠢᠭᠦᠯᠡᠭᠴᠢ 22 ᠬᠥᠮᠦᠨ᠂ ᠭᠦᠢᠴᠡᠳᠬᠡᠬᠦ ᠺᠣᠮᠢᠰ ᠤᠨ ᠭᠡᠰᠢᠭᠦᠨ 63 ᠬᠥᠮᠦᠨ ᠢ ᠰᠣᠩᠭᠤᠨ ᠭᠠᠷᠭᠠᠪᠠ᠃        ᠲᠥᠪ ᠤᠨ ᠲᠣᠭᠤᠷᠢᠨ ᠳᠤ ᠥᠷᠭᠡᠨ ᠢᠶᠠᠷ ᠤᠬᠠᠭᠤᠯᠵᠤ᠂ ᠴᠡᠭ ᠲᠣᠭᠲᠠᠭᠠᠨ ᠳᠠᠭᠠᠵᠤ ᠱᠠᠯᠠᠪᠳᠠᠭᠤᠯᠤᠨ ᠵᠢᠯᠣᠭᠤᠳᠤᠨ᠎ᠠ᠃ ᠡᠮᠦᠨᠡᠬᠢ ᠬᠤᠭᠤᠴᠠᠭᠠᠨ ᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ᠬᠤᠭᠤᠴᠠᠭ᠎ᠠ ᠰᠣᠯᠢᠬᠤ ᠤᠬᠠᠭᠤᠯᠭ᠎ᠠ ᠶᠢᠨ ᠶᠠᠪᠤᠴᠠ ᠳᠤ᠂ ᠬᠠᠷᠢᠶ᠎ᠠ ᠣᠷᠣᠨ ᠤ ᠡᠮᠡᠭᠲᠡᠶᠢᠴᠦᠳ ᠢ ᠬᠠᠮᠲᠤ   ᠳᠤᠨᠢ ᠳᠠᠶᠢᠴᠢᠯᠠᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠣᠩᠭᠤᠭᠤᠯᠢ ᠳᠤ ᠢᠳᠡᠪᠬᠢᠲᠡᠶ ᠣᠷᠣᠯᠴᠠᠭᠤᠯᠵᠤ᠂ ᠡᠮᠡᠭᠲᠡᠶᠢᠴᠦᠳ ᠤᠨ ᠰᠣᠩᠭᠤᠭᠤᠯᠢ ᠳᠤ ᠣᠷᠣᠯᠴᠠᠬᠤ ᠬᠠᠮᠢᠶ᠎ᠠ ᠪᠥᠬᠦᠶ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠢᠯᠣᠭᠤᠳᠣᠯᠭ᠎ᠠ ᠶᠢ ᠰᠠᠶᠢᠲᠤᠷ ᠬᠢᠵᠦ᠂ ᠡᠮᠡᠭᠲᠡᠶᠢᠴᠦᠳ ᠤᠨ ᠪᠠᠶᠢᠳᠠᠯ ᠢ ᠮᠡᠳᠡᠬᠦ ᠡᠷᠬᠡ ᠪᠠ ᠰᠣᠩᠭᠤᠭᠤᠯᠢ ᠶᠢᠨ ᠡᠷᠬᠡ ᠶᠢ ᠪᠠᠲᠤᠯᠠᠨ᠎ᠠ᠃ ᠡᠯ᠎ᠡ ᠲᠣᠰᠬᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠣᠩᠭᠤᠭᠤᠯᠢ ᠶᠢ ᠵᠢᠩᠬᠢᠨᠢ ᠪᠠᠷ ᠶᠠᠪᠤᠭᠳᠠᠭᠤᠯᠬᠤ ᠦᠶ᠎ᠡ ᠳᠤ᠂ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠵᠠᠩ ᠵᠢᠶᠠᠨ ᠲᠣᠰᠬᠤᠨ ᠢ ᠳᠠᠭᠠᠵᠤ ᠱᠠᠯᠠᠪᠳᠠᠭᠤᠯᠤᠨ᠂ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠠᠵᠢᠯ ᠢ ︽ᠳᠤᠮᠳᠠᠳᠤ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠦᠷᠢᠮ︾᠂ ︽ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠰᠣᠩᠭᠤᠭᠤᠯᠢ ᠶᠢᠨ ᠠᠵᠢᠯ ᠤᠨ ᠲᠦᠷᠢᠮ︾ ᠶᠣᠰᠣᠭᠠᠷ ᠤᠷᠤᠭᠰᠢᠲᠠᠶ ᠠᠬᠢᠭᠤᠯᠬᠤ ᠶᠢ ᠦᠨᠡᠨ ᠬᠦ ᠪᠠᠲᠤᠯᠠᠪᠠ᠃       ᠲᠠᠷᠠᠭᠠᠴᠢ ᠶᠢᠨ ᠠᠯᠬᠤᠮ ᠳᠤ᠂ ᠮᠥᠬᠦᠴᠢ ᠪᠠᠯᠭᠠᠰᠤ ᠶᠢᠨ ᠬᠢᠨ ᠪᠣᠯᠪᠠᠰᠤᠷᠠᠯ ᠢᠶᠠᠨ ᠴᠢᠩᠭᠠᠳᠬᠠᠵᠤ᠂ ᠲᠣᠰᠬᠤᠨ᠂ ᠨᠡᠶᠢᠭᠡᠮ ᠲᠣᠭᠤᠷᠢᠭ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠤᠤᠯᠳᠠᠯᠭ᠎ᠠ ᠶᠢᠨ ᠲᠣᠭᠤᠷᠢᠨ ᠳᠤ ᠦᠨᠳᠦᠰᠦᠨ ᠱᠠᠲᠤᠨ ᠳᠤ  ᠦᠢᠯᠡᠴᠢᠯᠡᠵᠦ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠡᠮᠡᠭᠲᠡᠶᠢᠴᠦᠳ ᠢ ᠳᠠᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ︽ ᠡᠮᠡᠭᠲᠡᠶᠢᠴᠦᠳ ᠤᠨ ᠬᠦᠴᠦᠨ ᠴᠢᠳᠠᠯ︾ ᠢ ᠪᠠᠳᠠᠷᠠᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号