ᠮᠠᠨ ᠤ ᠬᠤᠲᠠ ᠶᠢᠨ ᠡᠪᠦᠯ ᠬᠠᠪᠤᠷ ᠤᠨ ᠤᠯᠠᠷᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠥᠯᠥᠨ ᠪᠤᠶᠢᠷ ᠬᠤᠲᠠ ᠶᠢᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 20 ᠳ᠋ᠤᠭᠠᠷ | ᠲᠣᠭᠠᠲᠤ ᠠᠯᠪᠠᠨ ᠵᠠᠷ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠬᠤᠲᠠ ᠶᠢᠨ ᠠᠷᠠᠳ ᠲᠦᠮᠡᠨ ᠤ ᠪᠠᠶᠠᠷ ᠬᠥᠷ ᠥᠯᠵᠡᠶ ᠪᠡᠯᠭᠡ ᠲᠠᠢ᠂ ᠡᠷᠡᠭᠦᠯ ᠮᠡᠨᠳᠦ ᠠᠮᠤᠷ ᠲᠦᠪᠰᠢᠨ ᠴᠠᠭᠠᠨ | ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ | ᠳᠣᠤᠷᠠᠬᠢ ᠮᠡᠲᠦ ᠵᠠᠷᠯᠠᠶ᠎ᠠ᠄ | 1 . ᠬᠢᠯᠢ ᠶᠢᠨ ᠭᠠᠳᠠᠨ᠎ᠠ ᠠᠴᠠ ᠮᠠᠨ ᠤ ᠬᠤᠲᠠ ᠳᠤ ᠬᠦᠷᠴᠦ ᠢᠷᠡᠭᠰᠡᠨ ᠬᠥᠮᠦᠰ ᠬᠢᠯᠢ ᠳᠤ ᠣᠷᠣᠵᠤ | ᠢᠷᠡᠭᠰᠡᠨ ᠭᠠᠵᠠᠷ ᠲᠠᠭᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠬᠡᠷᠡᠭᠵᠢᠭᠦᠯᠦᠭᠰᠡᠨ ᠤ ᠳᠠᠷᠠᠭ᠎ᠠ᠂ ᠮᠠᠨ ᠤ | ᠬᠤᠲᠠ ᠳᠤ ᠬᠦᠷᠴᠦ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + | 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ | 2 . ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 ᠡᠳᠦᠷ ᠤᠨ | ᠳᠣᠲᠣᠷ᠎ᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠵᠢᠭᠤᠯᠴᠢᠯᠠᠭᠰᠠᠨ ᠲᠡᠮᠳᠡᠭᠯᠡᠯ ᠲᠠᠢ ᠬᠥᠮᠦᠰ ᠲᠤᠬᠠᠶ ᠶᠢᠨ | ᠭᠠᠵᠠᠷ ᠲᠠᠭᠠᠨ ᠰᠢᠨᠡᠯᠡᠵᠦ ᠰᠢᠯᠵᠢᠬᠦ ᠥᠬᠡᠶ ᠪᠠᠶᠢᠬᠤ ᠬᠡᠷᠡᠭᠲᠡᠶ ᠂ ᠬᠡᠷᠪᠡ ᠮᠠᠨ ᠤ ᠬᠤᠲᠠ ᠳᠤ ᠬᠦᠷᠴᠦ ᠢᠷᠡᠭᠰᠡᠨ | ᠪᠠᠶᠢᠪᠠᠯ᠂ ᠡᠷᠬᠡᠪᠰᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + | 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠬᠡᠷᠡᠭᠲᠡᠶ᠃ | 3 . ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠤ ᠬᠥᠮᠦᠰ ᠪᠤᠶᠤ ᠣᠶᠢᠷ᠎ᠠ ᠶᠢᠨ 14 | ᠡᠳᠦᠷ ᠤᠨ ᠳᠣᠲᠣᠷ᠎ᠠ ᠳᠤᠮᠳᠠ ᠵᠡᠷᠭᠡ ᠶᠢᠨ ᠠᠶᠤᠯ ᠲᠦᠭᠰᠢᠭᠦᠷᠢ ᠲᠠᠢ ᠭᠠᠵᠠᠷ ᠣᠷᠣᠨ ᠳᠤ ᠵᠢᠭᠤᠯᠴᠢᠯᠠᠭᠰᠠᠨ | ᠲᠡᠮᠳᠡᠭᠯᠡᠯ ᠲᠠᠢ ᠬᠥᠮᠦᠰ ᠴᠠᠭᠠᠨ ᠰᠠᠷ᠎ᠠ ᠶᠢᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠲᠤᠬᠠᠶ ᠶᠢᠨ ᠭᠠᠵᠠᠷ ᠲᠠᠭᠠᠨ | ᠰᠢᠨᠡᠯᠡᠵᠦ᠂ ᠣᠨᠴᠠᠭᠠᠶ ᠪᠠᠶᠢᠳᠠᠯ ᠠᠴᠠ ᠪᠣᠯᠵᠣ ᠮᠠᠨ ᠤ ᠬᠤᠲᠠ ᠳᠤ ᠬᠦᠷᠴᠦ ᠢᠷᠡᠬᠦ ᠴᠢᠬᠤᠯᠠᠲᠠᠶ ᠪᠣᠯ ᠡᠷᠬᠡᠪᠰᠢ | ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠵᠦ᠂ | 72 ᠴᠠᠭ ᠤᠨ ᠳᠣᠲᠣᠷᠠᠬᠢ ᠬᠦᠴᠦᠨ ᠲᠠᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠪᠢᠯᠢᠭ ᠴᠢᠨᠠᠷᠲᠠᠶ ᠦᠷ᠎ᠡ ᠳ᠋ᠦᠩ ᠲᠠᠢ ᠪᠠᠶᠢᠵᠣ᠂ ︽14 ᠡᠳᠦᠷ ᠬᠡᠷ ᠲᠡᠭᠡᠨ | ᠲᠣᠰᠠᠭᠠᠷᠯᠠᠬᠤ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ︾ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ | 4 . ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠤ ᠪᠠᠶᠢᠭ᠎ᠠ ᠭᠠᠵᠠᠷ ᠤᠨ ᠬᠤᠲᠠ ᠶᠢᠨ ᠪᠤᠰᠤᠳ | ᠬᠥᠮᠦᠰ ᠴᠠᠭᠠᠨ ᠰᠠᠷ᠎ᠠ ᠶᠢᠨ ᠬᠤᠭᠤᠴᠠᠭᠠᠨ ᠳᠤ ᠮᠤᠵᠢ ︵ᠣᠷᠣᠨ᠂ ᠬᠤᠲᠠ︶ ᠠᠯᠤᠰᠯᠠᠨ ᠮᠠᠨ ᠤ ᠬᠤᠲᠠ ᠳᠤ | ᠬᠦᠷᠴᠦ ᠢᠷᠡᠭᠰᠡᠨ ᠪᠠᠶᠢᠪᠠᠯ᠂ ᠡᠷᠬᠡᠪᠰᠢ 7 ᠡᠳᠦᠷ ᠤᠨ ᠳᠣᠲᠣᠷᠠᠬᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ | ᠬᠦᠴᠢᠯ ᠤᠨ ᠪᠦᠲᠦᠮᠵᠢᠲᠡᠶ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠦᠷ᠎ᠡ ᠳ᠋ᠦᠩ ᠲᠠᠢ ᠪᠠᠶᠢᠬᠤ ᠬᠡᠷᠡᠭᠲᠡᠶ᠃ | | 5 . ᠲᠦᠭᠰᠢᠭᠦᠷᠢ ᠪᠠᠭᠠᠲᠠᠶ ᠪᠤᠰᠤᠳ ᠭᠠᠵᠠᠷ ᠣᠷᠣᠨ ᠤ ᠪᠤᠴᠠᠵᠤ ᠢᠷᠡᠭᠰᠡᠨ ᠬᠥᠮᠦᠰ ︵ᠮᠤᠵᠢ ᠠᠯᠤᠰᠯᠠᠨ | ᠮᠠᠨ ᠤ ᠬᠤᠲᠠ ᠶᠢᠨ ᠬᠥᠳᠡᠭᠡ ᠲᠣᠰᠬᠤᠨ ᠤ ᠭᠠᠵᠠᠷ ᠣᠷᠣᠨ ᠳᠤ ᠬᠦᠷᠴᠦ ᠢᠷᠡᠭᠰᠡᠨ ᠬᠥᠮᠦᠰ ᠢ ᠪᠠᠭᠲᠠᠭᠠᠬᠤ ᠥᠬᠡᠶ | ︶ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠵᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠶᠢ ᠰᠠᠶᠢᠲᠤᠷ ᠬᠢᠵᠦ᠂ | ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠲᠠᠢ ︽ᠨᠣᠭᠤᠭᠠᠨ ᠺᠣᠳ᠋︾ ᠲᠠᠢ ᠪᠠᠶᠢᠬᠤ ᠤᠷᠢᠲᠠᠯ ᠳᠣᠤᠷ᠎ᠠ᠂ ᠡᠮᠬᠢ | ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃ | 6 . ᠲᠣᠰ ᠡᠳᠦᠷ ᠠᠴᠠ ᠡᠬᠢᠯᠡᠨ 3 ᠰᠠᠷ᠎ᠠ ᠶᠢᠨ 8 ᠤ ᠡᠳᠦᠷ ᠪᠣᠯᠲᠠᠯ᠎ᠠ᠂ ᠮᠤᠵᠢ ︵ᠣᠷᠣᠨ᠂ ᠬᠤᠲᠠ︶ | ᠠᠯᠤᠰᠯᠠᠨ ᠮᠠᠨ ᠤ ᠬᠤᠲᠠ ᠶᠢᠨ ᠬᠥᠳᠡᠭᠡ ᠲᠣᠰᠬᠤᠨ ᠤ ᠭᠠᠵᠠᠷ ᠣᠷᠣᠨ ᠳᠤ ᠪᠤᠴᠠᠵᠤ ᠢᠷᠡᠭᠰᠡᠨ ᠨᠤᠲᠤᠭ ᠲᠠᠭᠠᠨ | ᠪᠤᠴᠠᠭᠰᠠᠨ ᠬᠥᠮᠦᠰ ︵ᠵᠣᠷᠢᠭᠰᠠᠨ ᠭᠠᠵᠠᠷ ᠨᠢ ᠬᠤᠲᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠢᠰᠢ︶᠂ | ᠲᠦᠭᠰᠢᠭᠦᠷᠢ ᠪᠠᠭᠠᠲᠠᠶ ᠭᠠᠵᠠᠷ ᠣᠷᠣᠨ ᠤ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠤ | ᠠᠵᠢᠯ ᠡᠷᠭᠢᠯᠡᠭᠰᠡᠳ᠂ ᠪᠣᠭᠤᠮᠲᠠ ᠠᠴᠠ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭᠠᠨ ᠤ ᠠᠵᠢᠯ ᠡᠷᠭᠢᠯᠡᠭᠰᠡᠳ᠂ | ᠲᠤᠰᠠᠭᠠᠷᠯᠠᠬᠤ ᠲᠠᠯᠠᠪᠤᠷ ᠤᠨ ᠠᠵᠢᠯᠲᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ᠤᠨ ᠠᠵᠢᠯ | ᠡᠷᠭᠢᠯᠡᠭᠰᠡᠳ ᠵᠡᠷᠭᠡ ᠭᠤᠣᠯᠳᠠᠯᠭ᠎ᠠ ᠲᠠᠢ ᠬᠥᠮᠦᠰ ᠤᠨ ᠨᠤᠲᠤᠭ ᠲᠠᠭᠠᠨ ᠪᠤᠴᠠᠭᠰᠠᠨ ᠬᠥᠮᠦᠰ 7 ᠡᠳᠦᠷ ᠤᠨ | ᠳᠣᠲᠣᠷᠠᠬᠢ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠦᠲᠦᠮᠵᠢᠲᠡᠶ ᠪᠠᠶᠢᠴᠠᠭᠠᠨ ᠬᠡᠮᠵᠢᠯᠲᠡ ᠬᠢᠭᠡᠳ | ᠪᠢᠯᠢᠭ ᠴᠢᠨᠠᠷᠲᠠᠶ ᠦᠷ᠎ᠡ ᠳ᠋ᠦᠩ ᠢᠶᠠᠷ ᠨᠤᠲᠤᠭ ᠲᠠᠭᠠᠨ ᠪᠤᠴᠠᠬᠤ ᠴᠢᠬᠤᠯᠠᠲᠠᠶ᠂ ᠨᠤᠲᠤᠭ ᠲᠠᠭᠠᠨ ᠪᠤᠴᠠᠭᠰᠠᠨ ᠤ | ᠳᠠᠷᠠᠭ᠎ᠠ 14 ᠡᠳᠦᠷ ᠬᠡᠷ ᠪᠦᠯᠢ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠵᠦ᠂ ᠡᠨᠡ ᠬᠤᠭᠤᠴᠠᠭᠠᠨ ᠳᠤ | ᠴᠤᠭᠯᠠᠷᠠᠬᠤ ᠥᠬᠡᠶ᠂ ᠰᠢᠯᠵᠢᠬᠦ ᠥᠬᠡᠶ ᠪᠠᠶᠢᠵᠤ᠂ 7 ᠡᠳᠦᠷ ᠪᠣᠯᠭᠠᠨ ᠨᠢᠭᠡ ᠣᠳᠠᠭ᠎ᠠ ᠪᠦᠭᠡᠮ ᠬᠦᠴᠢᠯ ᠤᠨ | ᠰᠢᠯᠭᠠᠨ ᠪᠠᠶᠢᠴᠠᠭᠠᠯᠲᠠ ᠬᠢᠬᠦ ᠬᠡᠷᠡᠭᠲᠡᠢ᠃ | 7 . ᠮᠠᠨ ᠤ ᠬᠤᠲᠠ ᠪᠣᠯ ᠲᠦᠭᠰᠢᠭᠦᠷᠢ ᠪᠠᠭᠠᠲᠠᠶ ᠭᠠᠵᠠᠷ ᠣᠷᠣᠨ ᠪᠠᠶᠢᠵᠤ᠂ ᠴᠢᠬᠤᠯᠠ ᠦᠭᠡᠢ ᠪᠣᠯ | ᠨᠤᠲᠤᠭ ᠲᠠᠭᠠᠨ ᠬᠠᠷᠢᠬᠤ ᠥᠬᠡᠶ᠂ ᠴᠢᠬᠤᠯᠠ ᠦᠭᠡᠢ ᠪᠣᠯ ᠭᠠᠳᠠᠭᠰᠢ ᠭᠠᠷᠬᠤ ᠥᠬᠡᠶ᠂ ᠴᠢᠬᠤᠯᠠ ᠦᠭᠡᠢ ᠪᠣᠯ | ᠴᠤᠭᠯᠠᠷᠠᠬᠤ ᠥᠬᠡᠶ ᠪᠠᠶᠢᠬᠤ ᠶᠢ ᠰᠠᠨᠠᠭᠠᠴᠢᠯᠠᠨ᠎ᠠ᠃ ᠡᠯ᠎ᠡ ᠭᠤᠣᠯᠳᠠᠯᠭ᠎ᠠ ᠲᠠᠢ ᠭᠠᠵᠠᠷ ᠰᠡᠷᠭᠡᠶᠢᠯᠡᠨ ᠡᠵᠡᠮᠳᠡᠬᠦ | ᠡᠷᠴᠢᠮ ᠢᠶᠠᠨ ᠴᠢᠩᠭᠠᠷᠠᠭᠤᠯᠵᠤ᠂ ︽ᠺᠣᠳ᠋ ᠰᠢᠷᠪᠢᠬᠦ + ᠳᠤᠯᠠᠭᠠᠨ ᠢ ᠬᠡᠮᠵᠢᠬᠦ + ᠠᠮᠠᠪᠴᠢ ᠵᠡᠭᠦᠬᠦ︾᠂ ︽ | ᠠᠷᠢᠭᠤᠳᠬᠠᠬᠤ + ᠰᠠᠯᠬᠢ ᠨᠡᠪᠲᠡᠷᠡᠭᠦᠯᠬᠦ + ᠨᠢᠭᠡ ᠮᠧᠲᠷ ᠤᠨ ᠱᠤᠭᠤᠮ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠬᠥᠮᠦᠰ ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ | ᠢᠯᠡᠷᠡᠭᠦᠯᠪᠡᠯ ᠵᠢᠷᠤᠮᠵᠢᠭᠤᠯᠤᠨ ᠰᠢᠢᠳᠪᠦᠷᠢᠯᠡᠵᠦ᠂ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠥᠷᠭᠡᠨ ᠤᠯᠠᠨ | ᠰᠠᠭᠤᠭᠠᠯᠢ ᠠᠷᠠᠳ ᠠᠯᠢ ᠴᠢᠳᠠᠬᠤ ᠪᠠᠷ ᠭᠠᠳᠠᠭᠰᠢ ᠭᠠᠷᠬᠤ ᠪᠠᠨ ᠴᠥᠭᠡᠳᠬᠡᠵᠦ᠂ ᠴᠥᠭᠡᠨ ᠠᠶᠢᠯᠴᠢᠯᠠᠬᠤ᠂ | ᠴᠤᠭᠯᠠᠷᠠᠬᠤ ᠦᠭᠡᠢ ᠪᠠᠶᠢᠬᠤ ᠶᠢ ᠰᠠᠨᠠᠭᠠᠴᠢᠯᠠᠵᠤ᠂ ︽ᠬᠤᠷᠢᠮ ᠨᠠᠶᠢᠷ ᠢ ᠰᠢᠨ᠎ᠡ ᠪᠠᠷ ᠬᠢᠬᠦ ᠪᠤᠶᠤ ᠬᠤᠶᠢᠰᠢᠯᠠᠭᠤᠯᠬᠤ᠂ | ᠣᠷᠣᠰᠢᠭᠤᠯᠭ᠎ᠠ ᠶᠢᠨ ᠶᠠᠪᠤᠳᠠᠯ ᠢ ᠳᠥᠭᠦᠮᠴᠢᠯᠡᠨ᠂ ᠳᠠᠶᠢᠯᠠᠯᠭ᠎ᠠ ᠶᠢ ᠬᠢᠬᠦ ᠦᠭᠡᠢ︾ ᠪᠠᠶᠢᠬᠤ ᠶᠢ ᠰᠠᠨᠠᠭᠠᠴᠢᠯᠠᠬᠤ | ᠬᠡᠷᠡᠭᠲᠡᠢ᠃ | 8 . ᠠᠷᠠᠳ ᠣᠯᠠᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠲᠤᠬᠠᠶ ᠶᠢᠨ ᠭᠠᠵᠠᠷ ᠲᠠᠭᠠᠨ ᠰᠢᠨᠡᠯᠡᠬᠦ ᠶᠢ | ᠰᠠᠨᠠᠭᠠᠴᠢᠯᠠᠵᠤ᠂ ᠪᠥᠬᠦ ᠬᠤᠲᠠ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠣᠯᠤᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠠᠵᠢᠯᠲᠠᠨ ᠲᠦᠷᠦᠭᠦᠯᠡᠨ ᠲᠤᠬᠠᠶ ᠶᠢᠨ ᠭᠠᠵᠠᠷ ᠲᠠᠭᠠᠨ ᠰᠢᠨᠡᠯᠡᠵᠦ᠂ ᠭᠠᠳᠠᠭᠰᠢ | ᠭᠠᠷᠬᠤ ᠴᠢᠬᠤᠯᠠᠲᠠᠶ ᠪᠣᠯ ᠵᠠᠷᠴᠢᠮ ᠳᠡᠭᠡᠷ᠎ᠡ ᠪᠠᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠣᠴᠢᠬᠤ | ᠥᠬᠡᠶ ᠪᠥᠭᠡᠳ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠵᠦ᠂ ᠱᠠᠭᠠᠷᠳᠠᠯᠭ᠎ᠠ ᠶᠣᠰᠣᠭᠠᠷ | ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ | ᠪᠠᠶᠢᠴᠠᠭᠠᠨ ᠰᠢᠯᠭᠠᠬᠤ ᠠᠵᠢᠯ ᠳᠤ ᠬᠠᠮᠵᠢᠯᠴᠠᠨ᠂ ᠰᠠᠨᠠᠭᠠᠴᠢᠯᠠᠭ᠎ᠠ ᠠᠴᠠ ᠪᠠᠨ ᠵᠣᠷᠢᠭᠰᠠᠨ ᠭᠠᠵᠠᠷ ᠤᠨ ᠢᠶᠠᠨ ᠨᠡᠶᠢᠭᠡᠮ | ᠲᠣᠭᠤᠷᠢᠭ ︵ᠭᠠᠴᠠᠭ᠎ᠠ ᠲᠣᠰᠬᠤᠨ︶᠂ ᠨᠢᠭᠡᠴᠢ ᠳᠤ ᠮᠡᠳᠡᠭᠦᠯᠦᠨ ᠳᠠᠩᠰᠠᠯᠠᠭᠤᠯᠵᠤ᠂ ᠵᠣᠷᠢᠭᠰᠠᠨ ᠭᠠᠵᠠᠷ ᠲᠠᠭᠠᠨ | ᠬᠦᠷᠦᠭᠰᠡᠨ ᠤ ᠳᠠᠷᠠᠭ᠎ᠠ᠂ ᠬᠤᠪᠢ ᠬᠥᠮᠦᠨ ᠤ ᠡᠷᠡᠭᠦᠯ ᠮᠡᠨᠳᠦ ᠶᠢᠨ ᠰᠢᠯᠭᠠᠨ ᠪᠠᠶᠢᠴᠠᠭᠠᠯᠲᠠ ᠶᠢ ᠰᠠᠶᠢᠲᠤᠷ ᠬᠢᠵᠦ᠂ | ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠵᠢᠷᠤᠮᠯᠠᠨ | ᠰᠠᠬᠢᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ᠂ ᠬᠤᠭᠤᠯᠠᠶ ᠡᠪᠡᠳᠬᠦ᠂ ᠰᠠᠭᠤᠯᠭᠠᠬᠤ᠂ ᠦᠨᠦᠷ ᠤᠨ ᠰᠡᠷᠡᠯ | ᠮᠠᠭᠤᠳᠠᠬᠤ ᠵᠡᠷᠭᠡ ᠡᠮᠴᠢᠯᠡᠭᠡᠨ ᠤ ᠰᠢᠨᠵᠢ ᠲᠡᠮᠳᠡᠭ ᠤᠨ ᠨᠢᠭᠡ ᠨᠢ ᠢᠯᠡᠷᠡᠪᠡᠯ᠂ ᠰᠡᠷᠭᠡᠶᠢᠯᠡᠨ ᠬᠠᠮᠠᠭᠠᠯᠠᠬᠤ ᠶᠢ ᠰᠠᠶᠢᠲᠤᠷ | ᠬᠢᠭᠰᠡᠨ ᠪᠠᠶᠢᠳᠠᠯ ᠳᠣᠤᠷ᠎ᠠ ᠲᠣᠭᠲᠠᠭᠰᠠᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ | ᠰᠠᠨᠠᠭᠠᠴᠢᠯᠠᠭ᠎ᠠ ᠠᠴᠠ ᠪᠠᠨ ᠴᠠᠭ ᠲᠤᠬᠠᠶ ᠳᠤᠨᠢ ᠬᠦᠷᠴᠦ ᠡᠮᠨᠡᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠪᠠᠭᠠᠵᠢ ᠳᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠭᠠᠳᠠᠭᠰᠢ ᠭᠠᠷᠴᠤ ᠵᠢᠭᠤᠯᠴᠢᠯᠠᠭᠰᠠᠨ ᠲᠡᠮᠳᠡᠭᠯᠡᠯ | ᠵᠢᠴᠢ ᠬᠥᠮᠦᠰ ᠤᠨ ᠣᠶᠢᠷᠠᠲᠤᠭᠰᠠᠨ ᠪᠠᠶᠢᠳᠠᠯ ᠢ ᠦᠨᠡᠨ ᠮᠥᠨ ᠢᠶᠠᠷ ᠨᠢ ᠮᠡᠳᠡᠭᠦᠯᠵᠦ᠂ ᠲᠠᠬᠤᠯ ᠡᠪᠡᠳᠴᠢᠨ ᠤ | ᠰᠤᠳᠤᠯᠤᠯ ᠤᠨ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠪᠤᠴᠠᠬᠤ ᠠᠴᠠ ᠪᠠᠨ ᠡᠮᠦᠨ᠎ᠡ ᠰᠠᠭᠤᠭ᠎ᠠ | ᠭᠠᠵᠠᠷ ᠤᠨ ᠨᠡᠶᠢᠭᠡᠮ ᠲᠣᠭᠤᠷᠢᠭ ︵ᠲᠣᠰᠬᠤᠨ︶᠂ ᠨᠢᠭᠡᠴᠢ ᠳᠡᠭᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ | ᠳᠠᠩᠰᠠᠯᠠᠭᠤᠯᠵᠤ᠂ ᠮᠠᠨ ᠤ ᠬᠤᠲᠠ ᠳᠤ ᠪᠤᠴᠠᠭᠰᠠᠨ ᠤ ᠳᠠᠷᠠᠭ᠎ᠠ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠤᠬᠠᠮᠰᠠᠷ ᠠᠴᠠ ᠪᠠᠨ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ | ᠬᠠᠮᠵᠢᠯᠴᠠᠬᠤ ᠪᠣᠯ ᠪᠠᠶᠢᠭᠤᠯᠭ᠎ᠠ ᠨᠢᠭᠡᠴᠢ ᠪᠠ ᠬᠤᠪᠢ ᠬᠥᠮᠦᠨ ᠤ ᠬᠠᠤᠯᠢ ᠪᠠᠷ ᠲᠣᠭᠲᠠᠭᠠᠭᠰᠠᠨ ᠬᠠᠷᠢᠭᠤᠴᠠᠯᠭ᠎ᠠ | ᠪᠣᠯᠤᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠬᠡᠷᠡᠭᠵᠢᠭᠦᠯᠬᠦ | ᠥᠬᠡᠶ ᠨᠢᠭᠡᠴᠢ ᠪᠠ ᠬᠤᠪᠢ ᠬᠥᠮᠦᠨ ᠠᠴᠠ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 2 ᠰᠠᠷ᠎ᠠ ᠶᠢᠨ 2 ᠤ ᠡᠳᠦᠷ |