ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤᠭᠤᠶᠢᠯᠠᠩ ᠬᠤᠪᠢᠶᠠᠵᠤ ᠬᠥᠯᠥᠨ ᠪᠣᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2021/3/1
      2  ᠳ᠋ᠤᠭᠠᠷ  ᠰᠠᠷ᠎ᠠ  ᠶᠢᠨ  25      ᠤ ᠡᠳᠦᠷ ᠤᠨ ᠦᠳᠡ ᠶᠢᠨ ᠡᠮᠦᠨ᠎ᠡ᠂ ᠬᠥᠯᠥᠨ ᠪᠤᠶᠢᠷ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠳᠤ ᠵᠠᠯᠠᠨ ᠠᠶᠢᠯ ᠤᠨ ᠲᠥᠯᠥᠭᠡᠯᠡᠭᠴᠢᠳ ᠤᠨ ᠪᠦᠯᠬᠦᠮ  ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠦᠪᠯᠡᠵᠦ᠂ ᠵᠢᠱᠢᠭᠳᠡᠭᠰᠡᠳ ᠤᠨ ᠨᠡᠷᠡᠰ ᠢ ᠶᠠᠷᠢᠯᠴᠠᠬᠤ  ᠵᠡᠷᠭᠡ  ᠳᠤ ᠣᠷᠣᠯᠴᠠᠪᠠ᠃ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠷᠧᠨ ᠢᠦᠶ ᠵᠢᠶᠠᠩ᠂ ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠱᠦ᠋ ᠶᠠᠨ ᠶᠠᠷᠢᠯᠴᠠᠭ᠎ᠠ ᠳᠤ ᠣᠷᠣᠯᠴᠠᠪᠠ᠃       ᠬᠤᠷᠠᠯ ᠳᠡᠭᠡᠷ᠎ᠡ ᠲᠥᠯᠥᠭᠡᠯᠡᠭᠴᠢᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠬᠥᠷ ᠬᠥᠭᠵᠢᠶᠡᠨ ᠢᠶᠠᠷ ᠪᠢᠯᠬᠠᠪᠠ ᠃ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠷᠧᠨ ᠢᠦᠢ ᠵᠢᠶᠠᠩ ᠲᠥᠯᠥᠭᠡᠯᠡᠭᠴᠢᠳ ᠤᠨ ᠶᠠᠷᠢᠶ᠎ᠠ ᠪᠣᠯᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠣᠭᠰᠠᠨ ᠤ ᠳᠠᠷᠠᠭ᠎ᠠ᠂  ᠲᠤᠰ ᠤᠳᠠᠭ᠎ᠠ ᠶᠢᠨ ᠬᠤᠷᠠᠯ ᠤᠨ ᠡᠯ᠎ᠡ ᠵᠦᠢᠯ ᠤᠨ ᠢᠯᠡᠳᠬᠡᠯ ᠪᠤᠰᠤᠳᠴᠢ ᠮᠦᠷᠲᠡᠭᠡᠨ ᠪᠦᠬᠦ ᠲᠠᠯ᠎ᠠ ᠶᠢᠨ ᠪᠠᠶᠢᠵᠤ᠂ ᠠᠵᠢᠯ ᠪᠠᠶᠢᠷᠢᠯᠠᠭᠤᠯᠬᠤ ᠰᠡᠳᠬᠢᠴᠡ ᠲᠣᠳᠣᠷᠬᠠᠢ᠂ ᠤᠯᠤᠰ ᠲᠦᠷᠦ ᠶᠢ ᠡᠷᠬᠢᠮᠯᠡᠵᠦ᠂ ᠤᠯᠠᠨ ᠲᠦᠮᠡᠨ ᠲᠠᠢ ᠣᠶᠢᠷᠠᠳᠴᠤ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠰᠠᠶᠢᠨ ᠢᠯᠡᠳᠬᠡᠯ ᠪᠣᠯᠤᠨ᠎ᠠ  ᠭᠡᠵᠦ ᠢᠯᠡᠳᠭᠡᠵᠡᠢ᠃ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠬᠦ ᠠᠩᠬᠠᠨ ᠤ ᠵᠢᠯ ᠪᠣᠯᠤᠨ᠎ᠠ᠂ ᠵᠠᠯᠠᠨ ᠠᠶᠢᠯ ᠬᠤᠲᠠ ︽ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ︾ ᠵᠠᠮ ᠢᠶᠠᠷ ᠡᠷᠡᠰ ᠭᠤᠶᠢᠪᠢᠰᠢ ᠥᠬᠡᠶ  ᠵᠠᠮᠨᠠᠵᠤ᠂ ᠲᠤᠰ ᠪᠡᠶ᠎ᠡ ᠶᠢᠨ ᠳᠠᠪᠠᠭᠤᠯᠢᠭ  ᠢᠶᠠᠨ ᠪᠠᠳᠠᠷᠠᠭᠤᠯᠣᠨ᠂ ᠹᠦ᠋ ᠹᠧᠩ ᠺᠣᠮᠫᠠᠨᠢ ᠵᠡᠷᠭᠡ ᠲᠠᠭᠠᠭᠤᠯᠤᠭᠴᠢ ᠠᠵᠤ ᠠᠬᠤᠶᠢᠯᠠᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠷᠳᠡᠨᠢ ᠰᠢᠰᠢ ᠶᠢᠨ ᠠᠵᠤ ᠦᠢᠯᠡᠰ ᠤᠨ ᠲᠣᠭᠤᠷᠢᠨ  ᠢᠶᠠᠷ ᠦᠷᠭᠦᠯᠵᠢᠯᠡᠨ ᠬᠦᠴᠦᠷᠬᠡᠭᠵᠢᠭᠦᠯᠦᠨ᠎ᠡ᠃ ᠠᠭᠠᠷ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠦᠷᠢᠯᠳᠦᠭᠦᠯᠵᠦ᠂ ᠬᠥᠯᠥᠨ ᠪᠤᠶᠢᠷ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃      ᠯᠢ  ᠱᠦ᠋ ᠶᠠᠨ ᠦᠭᠡ ᠬᠡᠯᠡᠬᠦ ᠳᠡᠭᠡᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠶᠢᠨ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠶ ᠶᠤᠮ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠪᠠ ᠪᠦᠬᠦ ᠬᠤᠲᠠ ᠶᠢᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠭᠦᠢᠴᠡᠳᠬᠡᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠤᠲᠠ ᠶᠢᠨ ᠥᠭᠡᠷᠡᠴᠢᠯᠡᠯᠲᠡ ᠬᠥᠭᠵᠢᠯᠲᠡ ᠳᠤ ᠬᠤᠯᠪᠣᠭᠳᠠᠬᠤ ᠶᠡᠭᠡ ᠶᠠᠪᠤᠳᠠᠯ ᠴᠢᠬᠤᠯᠠ  ᠶᠠᠪᠣᠳᠠᠯ  ᠪᠠ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠣᠭᠤᠷᠢᠨ ᠳᠤ᠂ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠱᠠᠲᠤᠨ ᠤ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠢᠵᠢᠷᠠᠯ ᠤᠨ ᠬᠦᠴᠦᠨ ᠢᠶᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠶᠢᠨ ᠠᠯᠬᠤᠭ᠎ᠠ ᠶᠢ ᠢᠮᠠᠭᠲᠠ ᠰᠠᠯᠤᠯ ᠦᠭᠡᠢ ᠳᠠᠭᠠᠬᠤ᠂ ᠴᠠᠭ ᠦᠶ᠎ᠡ ᠶᠢᠨ ᠣᠨᠴᠠᠯᠢᠭ ᠲᠠᠢ ᠪᠠᠶᠢᠬᠤ ᠶᠢ ᠦᠨᠡᠨ ᠬᠦ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠦ᠂ ᠰᠢᠨ᠎ᠡ ᠠᠶᠠᠨ ᠳᠠᠭᠠᠨ ᠪᠣᠬᠢᠷᠲᠤᠯ ᠦᠭᠡᠢ ᠬᠥᠭᠵᠢᠨ ᠮᠠᠨᠳᠤᠬᠤ ᠰᠢᠨ᠎ᠡ ᠪᠠᠶᠢᠳᠠᠯ ᠢ ᠡᠭᠦᠳᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃         ᠲᠥᠯᠥᠭᠡᠯᠡᠭᠴᠢᠳ  ᠠᠴᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠨᠢ ᠲᠠᠪᠤᠳᠤᠭᠠᠷ ᠬᠤᠷᠠᠯᠳᠤᠭᠠᠨ ᠠᠴᠠ ᠨᠠᠭᠠᠰᠢᠬᠢ ᠠᠵᠢᠯ ᠢᠶᠠᠨ ᠳ᠋ᠦᠩᠨᠡᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠪᠠᠷ ᠤᠯᠤᠰ ᠢᠶᠠᠨ ᠵᠠᠰᠠᠬᠤ ᠶᠢᠨ ᠣᠷᠭᠠᠨᠢᠭ ᠨᠢᠭᠡᠳᠦᠯ ᠢ ᠢᠯᠡᠷᠡᠭᠦᠯᠵᠦ᠂ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ  ᠪᠠᠶᠢᠩᠭᠤ ᠶᠢᠨ ᠬᠤᠷᠢᠶᠠᠨ ᠤ ᠵᠣᠷᠢᠭᠲᠠᠢ  ᠬᠠᠷᠢᠭᠤᠴᠠᠯᠭ᠎ᠠ ᠡᠭᠦᠷᠭᠡᠯᠡᠵᠦ᠂ ᠵᠠᠮ ᠨᠡᠭᠡᠭᠡᠨ ᠰᠢᠨ᠎ᠡ ᠶᠢ ᠡᠭᠦᠳᠬᠦ ᠠᠵᠢᠯ ᠤᠨ ᠰᠤᠷᠲᠠᠯ ᠢ ᠢᠯᠡᠷᠡᠭᠦᠯᠵᠡᠢ ᠭᠡᠵᠦ ᠢᠯᠡᠳᠭᠡᠵᠡᠭᠡᠪᠡ᠃ ᠬᠤᠷᠠᠯ ᠤᠨ ᠳᠠᠷᠠᠭ᠎ᠠ᠂  ᠲᠦᠯᠦᠭᠡᠯᠡᠭᠴᠢᠳ ᠯᠠᠪᠲᠠᠶ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠲᠠᠢ ᠪᠠᠨ ᠤᠶᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠵᠢᠯ ᠢ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠡᠷᠡᠭᠵᠢᠭᠦᠯᠦᠨ᠎ᠡ ᠭᠡᠵᠡᠢ᠃       ᠬᠤᠷᠠᠯ ᠠᠴᠠ ᠪᠠᠰᠠ ᠪᠤᠰᠤᠳ ᠶᠠᠪᠤᠳᠠᠯ ᠢ ᠬᠢᠨᠠᠨ ᠵᠥᠪᠯᠡᠪᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号