ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ | ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠢ ᠪᠠᠳᠠᠷᠠᠭᠤᠯᠬᠤ ᠶᠢᠨ ᠲᠥᠯᠥᠭᠡ᠂ 2 ᠰᠠᠷ᠎ᠠ ᠶᠢᠨ 26 ᠤ | ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠵᠠᠯᠠᠨ ᠠᠶᠢᠯ ᠬᠤᠲᠠ ᠶᠢᠨ ᠰᠣᠶᠣᠯ ᠤᠨ ᠣᠷᠳᠣᠨ ᠥᠯᠵᠡᠶᠢᠲᠦ | ᠡᠳᠦᠷ ᠤᠨ ᠶᠠᠩᠭᠠᠷ ᠪᠥᠵᠢᠭ ᠤᠨ ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠬᠤᠲᠠ ᠶᠢᠨ ᠲᠣᠭᠤᠷᠢᠭ ᠤᠨ ᠡᠯ᠎ᠡ ᠲᠠᠯᠠᠪᠠᠶ ᠳᠤ ᠵᠡᠷᠭᠡᠪᠡᠷ ᠶᠠᠪᠤᠭᠳᠠᠪᠠ᠃ | ᠲᠣᠰ ᠤᠳᠠᠭᠠᠨ ᠤ ᠠᠵᠢᠯᠯᠠᠭ᠎ᠠ ᠨᠢ ︽ᠤᠯᠠᠮᠵᠢᠯᠠᠯᠲᠤ ᠶᠠᠩᠭᠠᠷ︾ ᠢᠶᠠᠷ ᠠᠴᠢᠶᠠᠯᠠᠪᠤᠷᠢ ᠪᠣᠯᠭᠠᠵᠤ᠂ | ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠠᠭᠤᠯᠤᠭᠳᠠᠬᠤᠨ ᠪᠠ ᠴᠠᠭ ᠦᠶ᠎ᠡ ᠶᠢᠨ ᠣᠨᠴᠠᠯᠢᠭ ᠢ ᠶᠡᠭᠡ ᠪᠠᠷ | ᠪᠠᠳᠠᠷᠠᠭᠤᠯᠤᠨ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠠᠶᠠᠷ ᠤᠨ ᠡᠳᠦᠷ ᠤᠨ ᠵᠠᠩ | ᠳᠠᠳᠬᠠᠯ ᠢ ᠢᠳᠡᠪᠬᠢᠲᠡᠶ ᠣᠷᠣᠯᠴᠠᠭᠤᠯᠤᠨ ᠣᠶᠢᠯᠠᠭᠠᠭᠤᠯᠵᠤ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠳᠡᠯᠭᠡᠨ | ᠦᠵᠡᠭᠦᠯᠵᠦ᠂ ᠰᠣᠶᠣᠯ ᠤᠨ ᠢᠲᠡᠭᠡᠯ ᠢ ᠨᠢ ᠨᠡᠮᠡᠭᠳᠡᠭᠦᠯᠦᠨ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ | ᠨᠡᠶᠢᠭᠡᠮ ᠢ ᠬᠠᠶᠢᠷᠠᠯᠠᠬᠤ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠪᠠ᠃ | ᠵᠠᠯᠠᠨ ᠠᠶᠢᠯ ᠬᠤᠲᠠ ᠶᠢᠨ ᠰᠣᠶᠣᠯ ᠤᠨ ᠣᠷᠳᠣᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ | ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ᠂ ᠬᠤᠲᠠ ᠶᠢᠨ ᠲᠣᠭᠤᠷᠢᠭ ᠤᠨ ᠡᠯ᠎ᠡ ᠲᠠᠯᠠᠪᠠᠶ ᠳᠤ 3 ᠦᠵᠡᠭᠦᠯᠭᠡ ᠶᠢᠨ | ᠲᠣᠭᠤᠷᠢᠭ ᠲᠣᠬᠢᠷᠠᠭᠤᠯᠪᠠ᠃ ᠡᠯᠪᠡᠭ ᠪᠠᠶᠠᠯᠢᠭ ᠤᠯᠠᠮᠵᠢᠯᠠᠯᠲᠤ ᠪᠠᠶᠠᠷ ᠳᠤᠷᠠᠰᠬᠠᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠢ ᠠᠷᠠᠳ ᠣᠯᠠᠨ ᠤ | ᠠᠮᠢᠳᠤᠷᠠᠯ ᠳᠤ ᠣᠷᠣᠭᠤᠯᠵᠤ᠂ ᠬᠥᠮᠦᠰ ᠤᠨ ᠰᠡᠳᠬᠢᠯ ᠢ ᠤᠮᠳᠠᠯᠠᠨ᠎ᠠ᠃ | | | | |