ᠭᠤᠤ ᠲᠠᠢ ᠽᠢ ᠵᠡᠭᠡᠯᠢ ᠭᠤᠳᠤᠮᠵᠢ ᠠᠯᠪᠠᠨ ᠵᠢᠷᠤᠮ ᠤᠨ ᠦᠰᠦ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/3/1
      2  ᠰᠠᠷ᠎ᠠ  ᠶᠢᠨ  26      ᠤ  ᠡᠳᠦᠷ᠂ ᠭᠤᠤ ᠲᠠᠢ ᠽᠢ ᠵᠡᠭᠡᠯᠢ ᠭᠤᠳᠤᠮᠵᠢ ᠶᠢᠨ ᠰᠢᠬᠢᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠰᠠᠶᠢᠨ ᠲᠤᠷᠠᠴᠤᠳ ᠵᠠᠯᠠᠨ ᠠᠶᠢᠯ ᠤᠨ ᠭᠠᠯ ᠤᠨᠲᠠᠷᠠᠭᠠᠬᠤ ᠶᠡᠭᠡ ᠠᠩᠭᠢ ᠳᠤ ᠬᠦᠷᠴᠦ ᠳᠠᠷᠤᠭ᠎ᠠ ᠪᠠᠶᠢᠯᠳᠤᠭᠴᠢᠳ ᠲᠤ ᠦᠰᠦ ᠵᠠᠰᠠᠬᠤ ᠦᠶ᠋ᠯᠡᠴᠢᠯᠡᠭᠡ ᠥᠷᠨᠢᠭᠦᠯᠵᠦ᠂ ᠳᠠᠷᠤᠭ᠎ᠠ ᠪᠠᠶᠢᠯᠳᠤᠭᠴᠢᠳ ᠤᠨ ᠰᠠᠶᠢᠨ ᠦᠨᠡᠯᠡᠯᠲᠡ ᠶᠢ ᠤᠯᠪᠠ᠃       ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠪᠣᠯ ᠬᠠᠮᠤᠭ ᠤᠨ ᠬᠦᠨᠳᠦᠲᠦ ᠬᠥᠮᠦᠨ ᠮᠦᠨ᠃ ᠠᠶᠤᠯ ᠲᠦᠭᠰᠢᠭᠦᠷᠢ ᠬᠦᠷᠴᠦ ᠢᠷᠡᠬᠦ ᠦᠶ᠎ᠡ ᠳᠤ᠂ ᠲᠡᠳᠡ ᠡᠷᠡᠯᠬᠡᠭᠯᠡᠨ ᠤᠷᠤᠭᠰᠢᠯᠠᠵᠤ᠂ ᠦᠬᠦᠯ ᠤᠨ ᠰᠠᠬᠢᠭᠤᠯᠰᠤᠨ ᠲᠠᠢ ᠦᠵᠡᠯᠴᠡᠬᠦ ᠤᠷᠤᠯᠳᠤᠭᠠᠨ ᠤ ᠵᠠᠮ ᠳᠡᠭᠡᠷ᠎ᠡ ᠰᠥᠷᠭᠡᠦ ᠤᠷᠤᠭᠰᠢᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠪᠠ᠃ ᠭᠠᠯ ᠤᠨᠲᠠᠷᠠᠭᠠᠬᠤ ᠳᠠᠷᠤᠭ᠎ᠠ ᠪᠠᠶᠢᠯᠳᠤᠭᠴᠢᠳ ᠡᠷᠡᠭᠡᠯᠵᠡᠯ ᠦᠭᠡᠢ ᠲᠡᠮᠡᠴᠡᠵᠦ᠂ ᠠᠷᠠᠳ ᠤᠯᠠᠨ ᠤ ᠰᠡᠳᠬᠢᠯ ᠢ ᠴᠠᠭ ᠢᠮᠠᠭᠲᠠ ᠳᠤᠯᠠᠭᠠᠴᠠᠭᠤᠯᠵᠤ᠂ ᠡᠨᠡᠬᠦ ᠠᠵᠢᠯᠯᠠᠭ᠎ᠠ ᠨᠢ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠲᠤᠰᠬᠠᠵᠠᠢ᠃       ᠲᠤᠰ ᠠᠵᠢᠯᠯᠠᠭ᠎ᠠ ᠶᠢ ᠥᠷᠨᠢᠭᠦᠯᠦᠭᠰᠡᠨ ᠨᠢ ᠭᠠᠯ ᠤᠨᠲᠠᠷᠠᠭᠠᠬᠤ ᠵᠢᠯᠤᠭᠤᠳᠤᠭᠴᠢ ᠪᠠᠶᠢᠯᠳᠤᠭᠴᠢ ᠪᠣᠯᠤᠨ ᠤᠯᠠᠨ ᠲᠦᠮᠡᠨ  ᠢ ᠳᠣᠲᠣᠨᠣᠴᠢᠯᠠᠭᠤᠯᠵᠣ᠂ ᠵᠢᠯᠤᠭᠤᠳᠤᠬᠴᠢ ᠪᠠᠶᠢᠯᠳᠤᠭᠴᠢ ᠶᠢᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠢ ᠴᠢᠩᠭᠠᠳᠬᠠᠵᠤ᠂ ᠬᠠᠷᠢᠶ᠎ᠠ ᠣᠷᠣᠨ ᠤ ᠠᠮᠤᠷ ᠲᠦᠪᠰᠢᠨ ᠢ ᠬᠠᠮᠠᠭᠠᠯᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号