︽ᠵᠢᠵᠢᠭ ᠳᠡᠯᠳᠡᠦ᠂ ᠲᠤᠮᠤ ᠠᠵᠤ ᠦᠢᠯᠡᠰ︾ ᠴᠢᠩᠭᠢᠰ ᠬᠠᠭᠠᠨ ᠪᠠᠯᠭᠠᠰᠤ ᠬᠠᠷ᠎ᠠ ᠳᠠᠯᠳᠠᠤ ᠶᠢᠨ ᠠᠵᠤ ᠦᠢᠯᠡᠰ ᠤᠨ ᠬᠥᠭᠵᠢᠯᠲᠡ ᠶᠢᠨ ᠲᠣᠰᠬᠤᠨ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/1
      ᠬᠠᠷ᠎ᠠ ᠳᠠᠯᠳᠠᠤ ᠪᠠᠷ ᠤᠳᠤᠷᠢᠳᠤᠮᠵᠢ ᠪᠣᠯᠭᠠᠭᠰᠠᠨ ᠢᠳᠡᠭᠡᠨ ᠤ ᠮᠥᠭᠦ ᠶᠢᠨ ᠠᠵᠤ  ᠦᠢᠯᠡᠰ ᠤᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠴᠢᠩᠭᠢᠰ ᠬᠠᠭᠠᠨ ᠪᠠᠯᠭᠠᠰᠤ ᠬᠠᠷ᠎ᠠ ᠳᠠᠯᠳᠠᠤ ᠶᠢᠨ ᠠᠵᠤ  ᠦᠢᠯᠡᠰ  ᠤᠨ ᠬᠥᠭᠵᠢᠯᠲᠡ ᠶᠢᠨ ᠲᠣᠰᠬᠤᠨ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠭᠤᠯᠪᠠ᠃     ᠬᠤᠷᠠᠯ ᠠᠴᠠ ᠣᠳᠣᠬᠠᠨ ᠤ ᠥᠭᠡᠷᠡᠴᠢᠯᠡᠯᠲᠡ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠨᠳᠤᠰᠢ ᠶᠢᠨ ᠲᠤᠬᠠᠢ ᠲᠠᠶᠢᠯᠤᠮᠵᠢ ᠬᠢᠵᠡᠢ᠃  ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠤᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯ ᠠᠵᠤ  ᠦᠢᠯᠡᠰ ᠢ ᠬᠥᠭᠵᠢᠭᠦᠯᠦᠨ ᠮᠠᠨᠳᠤᠭᠤᠯᠬᠤ ᠶᠠᠪᠤᠳᠠᠯ ᠪᠣᠯᠤᠨ᠎ᠠ  ᠭᠡᠵᠦ᠂ ᠵᠠᠯᠠᠨ ᠠᠶᠢᠯ ᠬᠤᠲᠠ ᠶᠢᠨ ᠬᠢᠨ ᠬᠠᠷ᠎ᠠ ᠳᠠᠯᠳᠠᠤ ᠶᠢᠨ ᠠᠵᠤ ᠦᠢᠯᠡᠰ ᠤᠨ ᠲᠥᠷᠥᠯ  ᠵᠦᠢᠯ ᠳᠤ ᠶᠡᠭᠡ ᠬᠠᠷᠠᠭᠠᠯᠵᠠᠯ ᠦᠵᠡᠭᠦᠯᠬᠦ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠠᠷᠢᠶᠠᠴᠢᠨ ᠡᠷᠦᠬᠡ ᠪᠣᠯᠤᠨ ᠬᠤᠲᠠ ᠶᠢᠨ ᠬᠠᠷ᠎ᠠ ᠳᠠᠯᠳᠠᠤ ᠶᠢᠨ ᠲᠠᠷᠢᠮᠠᠯ ᠤᠨ ᠳᠠᠭᠠᠭᠤᠯᠤᠭᠴᠢ ᠠᠵᠤ ᠠᠬᠤᠶᠢᠯᠠᠯ ᠢ ᠬᠠᠪᠰᠤᠷᠤᠨ ᠵᠣᠯᠭᠠᠭᠤᠯᠵᠤ᠂ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠦᠷᠢᠯᠳᠦᠭᠦᠯᠵᠦ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ ᠪᠣᠯᠤᠨ᠎ᠠ ᠭᠡᠵᠦ ᠵᠢᠭᠠᠵᠤ ᠭᠠᠷᠭᠠᠪᠠ᠃      ᠬᠤᠷᠠᠯ ᠠᠴᠠ ᠣᠳᠣᠬᠠᠨ ᠤ ᠬᠠᠷ᠎ᠠ ᠳᠠᠯᠳᠠᠤ ᠶᠢᠨ ᠢᠷᠡᠭᠡᠳᠦᠢ ᠶᠢᠨ ᠪᠣᠷᠣᠯᠠᠭᠤᠯᠭ᠎ᠠ ᠪᠠ ᠠᠷᠭ᠎ᠠ ᠵᠠᠮ ᠢ ᠲᠠᠨᠢᠯᠴᠠᠭᠤᠯᠪᠠ᠃  ᠰᠧᠨ ᠲᠣᠩ ᠢᠳᠡᠭᠡᠨ ᠤ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ  ᠵᠠᠯᠠᠨ ᠠᠶᠢᠯ  ᠤᠨ ᠬᠠᠷ᠎ᠠ ᠳᠡᠯᠳᠡᠦ ᠶᠢᠨ ᠭᠠᠵᠠᠷ ᠣᠷᠣᠨ ᠤ ᠨᠡᠷᠡᠲᠦ ᠲᠡᠮᠳᠡᠭ ᠢ ᠬᠦᠴᠦᠯᠡᠨ ᠡᠭᠦᠳᠴᠦ᠂ ᠵᠠᠯᠠᠨ ᠠᠶᠢᠯ ᠬᠤᠲᠠ ᠶᠢᠨ ᠬᠠᠷ᠎ᠠ ᠳᠡᠯᠳᠡᠦ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠲᠠᠷᠢᠶᠠᠴᠢᠨ ᠡᠷᠦᠬᠡ ᠶᠢᠨ ᠪᠣᠷᠣᠯᠠᠭᠤᠯᠭ᠎ᠠ  ᠶᠢᠨ ᠡᠷᠡᠭᠡᠯᠵᠡᠭᠡ ᠶᠢ ᠦᠭᠡᠶᠢᠰᠬᠡᠭᠰᠡᠨ ᠤ ᠳᠠᠷᠠᠭ᠎ᠠ᠂ ᠢᠳᠡᠭᠡᠨ ᠤ ᠮᠥᠭᠦ ᠶᠢᠨ ᠠᠵᠤ ᠦᠢᠯᠡᠰ ᠲᠤ ᠨᠡᠯᠢᠶᠡᠳ ᠥᠨᠳᠥᠷ ᠠᠰᠢᠭ ᠬᠤᠨᠵᠢᠪᠣᠷᠢ ᠣᠯᠭᠤᠵᠤ᠂ ᠲᠠᠷᠢᠶᠠᠴᠢᠨ ᠡᠷᠦᠬᠡ ᠶᠢᠨ ᠠᠰᠢᠭ ᠲᠤᠰᠠ ᠶᠢ ᠬᠠᠮᠤᠭ ᠤᠨ ᠶᠡᠭᠡ ᠪᠣᠯᠭᠠᠵᠤ᠂ ᠬᠠᠷ᠎ᠠ ᠳᠠᠯᠳᠠᠤ ᠨᠢᠭᠡᠨᠲᠡ ᠧᠦ᠋ᠷᠣᠫᠠ ᠶᠢᠨ ᠬᠤᠯᠪᠣᠭᠠᠨ ᠤ ᠭᠡᠷᠡᠴᠢᠯᠡᠯ  ᠲᠠᠢ ᠪᠣᠯᠵᠣ᠂ ᠵᠠᠬ᠎ᠠ ᠳᠡᠯᠭᠡᠭᠦᠷ ᠤᠨ ᠢᠷᠡᠭᠡᠳᠦᠶ ᠲᠦᠢᠯ ᠤᠨ ᠭᠡᠭᠡᠨ ᠰᠠᠷᠠᠭᠤᠯ ᠪᠠᠶᠢᠨ᠎ᠠ᠃      ᠬᠤᠷᠠᠯ ᠠᠴᠠ᠂ ᠲᠡᠯᠳᠡᠦ ᠶᠢᠨ ᠠᠵᠤ ᠦᠢᠯᠡᠰ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠣᠰᠬᠤᠨ ᠤ ᠬᠢᠨ ᠲᠣᠰᠬᠤᠨ ᠤ ᠲᠡᠰ ᠤᠨ ᠰᠤᠯᠠ ᠲᠠᠯᠪᠢᠵᠤ ᠪᠠᠶᠢᠭ᠎ᠠ ᠬᠦᠯᠡᠮᠵᠢ ᠵᠡᠷᠭᠡ ᠲᠥᠬᠦᠭᠡᠷᠦᠮᠵᠢ ᠶᠢ ᠠᠮᠢᠳᠤᠯᠢᠭ ᠪᠣᠯᠭᠠᠨ ᠦᠷ᠎ᠡ ᠠᠰᠢᠭ ᠢ ᠨᠢ ᠦᠨᠡᠨ ᠬᠦ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ  ᠶᠢᠨ ᠵᠢᠷᠤᠮᠵᠢᠯᠲᠠ᠂ ᠬᠡᠪᠴᠢᠶᠡᠵᠢᠯ ᠤᠨ ᠰᠢᠨ᠎ᠡ ᠶᠢ ᠡᠭᠦᠳᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠠᠬᠢᠭᠤᠯᠤᠨ ᠪᠤᠵᠠᠭᠠᠶᠢᠷᠠᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠦᠨ᠂ ᠲᠠᠷᠢᠶᠠᠴᠢᠨ ᠡᠷᠦᠭᠡ ᠶᠢ ᠲᠠᠶᠢᠴᠢᠯᠠᠵᠤ ᠤᠨᠴᠠᠯᠢᠬᠳᠤ ᠠᠵᠤ ᠦᠢᠯᠡᠰ ᠢ ᠭᠤᠣᠯᠯᠠᠨ ᠤᠳᠤᠷᠢᠳᠴᠤ ᠣᠷᠣᠯᠭ᠎ᠠ ᠶᠢ ᠨᠢ ᠬᠠᠮᠲᠤ ᠪᠠᠷ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ  ᠭᠡᠵᠡᠢ᠃     ᠬᠤᠷᠠᠯ ᠳᠡᠭᠡᠷ᠎ᠡ᠂ ᠡᠯ᠎ᠡ ᠲᠣᠰᠬᠤᠨ ᠤ ᠺᠠᠳ᠋ᠷ ᠪᠣᠯᠤᠨ ᠬᠦᠯᠡᠮᠵᠢ ᠶᠢᠨ ᠡᠵᠡᠩᠨᠡᠭᠴᠢ ᠠᠵᠤ ᠠᠬᠤᠶᠢᠯᠠᠯ ᠲᠠᠢ ᠮᠦᠬᠦ ᠶᠢᠨ ᠪᠣᠭᠤᠯᠲᠠ ᠬᠤᠳᠠᠯᠳᠤᠨ ᠠᠪᠬᠤ ᠦᠨ᠎ᠡ᠂ ᠬᠠᠷ᠎ᠠ ᠳᠡᠯᠳᠡᠦ ᠦᠢᠯᠡᠳᠪᠦᠷᠢᠯᠡᠬᠦ ᠶᠠᠪᠤᠴᠠ᠂ ᠬᠠᠮᠢᠶᠠᠷᠤᠯᠲᠠ ᠳᠤ ᠠᠩᠬᠠᠷᠬᠤ ᠵᠦᠢᠯ᠂ ᠵᠠᠬᠢᠶᠠᠯᠠᠭ᠎ᠠ ᠶᠢᠨ ᠬᠠᠭᠤᠳᠠᠰᠤ ᠶᠢ ᠬᠤᠷᠢᠶᠠᠨ ᠠᠪᠬᠤ ᠵᠡᠷᠭᠡ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠪᠠᠨ ᠨᠠᠷᠢᠨ ᠰᠣᠯᠢᠯᠴᠠᠪᠠ᠃     ᠬᠤᠷᠠᠯ ᠠᠴᠠ᠂  ᠲᠠᠷᠠᠭᠠᠴᠢ ᠶᠢᠨ ᠠᠯᠬᠤᠮ ᠳᠤ ᠴᠢᠩᠭᠢᠰ ᠬᠠᠭᠠᠨ ᠪᠠᠯᠭᠠᠰᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠦᠷᠭᠦᠯᠵᠢᠯᠡᠨ ᠰᠠᠶᠢᠲᠤᠷ ᠬᠢᠵᠦ᠂ ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠪᠠᠷ ᠳᠠᠮᠵᠢᠭᠤᠯᠤᠨ᠂ ᠦᠢᠯᠡᠳᠭᠦᠨ ᠤ ᠦᠷ᠎ᠡ ᠠᠰᠢᠭ ᠢ ᠳᠡᠭᠡᠭᠰᠢᠯᠡᠭᠦᠯᠵᠦ᠂ ᠣᠷᠣᠨ ᠨᠤᠲᠤᠭ ᠤᠨ ᠣᠨᠴᠠᠯᠢᠭ ᠲᠠᠢ ᠠᠵᠤ ᠦᠢᠯᠡᠰ  ᠢᠶᠠᠷ  ᠠᠵᠣ ᠦᠢᠯᠡᠰ ᠢ ᠬᠥᠭᠵᠢᠭᠦᠯᠦᠨ  ᠮᠠᠨᠳᠣᠭᠤᠯᠵᠣ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠵᠣ᠂ ᠲᠠᠷᠢᠶᠠᠴᠢᠳ ᠢ ᠦᠨᠡᠨ ᠬᠦ ᠪᠠᠶᠠᠵᠢᠭᠤᠯᠵᠤ ᠪᠠᠶᠠᠷ ᠪᠠᠶᠠᠰᠤᠯ ᠲᠠᠢ ᠪᠣᠯᠭᠠᠨ᠎ᠠ ᠭᠡᠵᠡᠢ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号