ᠵᠠᠯᠠᠨ ᠠᠶᠢᠯ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/3/11
       ᠵᠠᠯᠠᠨ ᠠᠶᠢᠯ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ                       ᠵᠠᠯᠠᠨ ᠵᠠᠰᠠᠭ ᠠᠯᠪᠠᠨ ᠦᠰᠦᠭ ﹇2020﹈ 43 ᠳ᠋ᠤᠭᠠᠷ ᠲᠣᠭᠠᠲᠤ             ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠠᠭᠤᠭ᠎ᠠ ᠡᠯ᠎ᠡ ᠨᠢᠭᠡᠴᠡ ᠳᠤ᠄      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠡᠳᠦᠭᠡ ︽ᠵᠠᠯᠠᠨ ᠠᠶᠢᠯ ᠬᠤᠲᠠ ᠶᠢᠨ ᠠᠮᠤ ᠪᠤᠳᠠᠭ᠎ᠠ ᠪᠠ ᠡᠳ᠋ ᠪᠠᠷᠠᠭ᠎ᠠ ᠶᠢᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ ︵2020 ᠣᠨ︶︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                           2020  ᠣᠨ  ᠤ  12  ᠰᠠᠷ᠎ᠠ  ᠶᠢᠨ  18      ᠤ  ᠡᠳᠦᠷ                                                 ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ︶                  ᠵᠠᠯᠠᠨ ᠠᠶᠢᠯ ᠬᠤᠲᠠ ᠶᠢᠨ ᠠᠮᠤ ᠪᠤᠳᠠᠭ᠎ᠠ ᠪᠠ ᠡᠳ᠋ ᠪᠣᠳᠠᠰ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ       ᠨᠢᠭᠡ᠂ ᠶᠡᠷᠦᠩᠬᠡᠶ ᠳᠦᠷᠢᠮ       ︵ᠨᠢᠭᠡ︶  ᠨᠠᠶᠢᠷᠠᠭᠤᠯᠣᠨ ᠲᠣᠭᠲᠠᠭᠠᠬᠤ ᠵᠣᠷᠢᠯᠭ᠎ᠠ ᠬᠢᠭᠡᠳ ᠦᠨᠳᠦᠰᠦᠯᠡᠯ       ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ᠂ ᠨᠡᠶᠢᠭᠡᠮ ᠤᠨ ᠠᠮᠤᠷ ᠲᠦᠪᠰᠢᠨ ᠤ ᠬᠡᠷᠡᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠣᠯᠤᠨ ᠠᠮᠤ ᠪᠤᠳᠠᠭ᠎ᠠ ︵ᠲᠤᠰ ᠪᠡᠯᠡᠳᠬᠡᠯ ᠲᠥᠰᠦᠯ ᠳᠤ ᠬᠡᠯᠡᠵᠦ ᠪᠠᠶᠢᠭ᠎ᠠ ︽ᠠᠮᠤ ᠪᠤᠳᠠᠭ᠎ᠠ︾ ᠳᠤ ᠢᠳᠡᠰᠢᠨ ᠤ ᠤᠷᠭᠤᠮᠠᠯ ᠤᠨ ᠲᠣᠰᠣ ᠪᠠᠭᠲᠠᠨ᠎ᠠ︶ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠪᠤᠰᠤᠳ ᠭᠡᠨᠡᠳᠲᠡ ᠶᠢᠨ ᠬᠡᠷᠡᠭ  ᠭᠠᠷᠴᠣ᠂ ᠠᠮᠤ ᠪᠤᠳᠠᠭᠠᠨ ᠤ  ᠣᠬᠤᠷ  ᠬᠤᠭᠤᠴᠠᠭᠠᠨ ᠤ ᠬᠠᠩᠭᠠᠯᠭ᠎ᠠ ᠪᠠ ᠬᠠᠩᠭᠠᠯᠭ᠎ᠠ ᠲᠠᠰᠤᠯᠳᠠᠬᠤ ᠵᠡᠷᠭᠡ ᠪᠣᠷᠣᠯᠠᠭᠤᠯᠭ᠎ᠠ ᠲᠠᠰᠤᠯᠳᠠᠬᠤ ᠦᠵᠡᠭᠳᠡᠯ  ᠭᠠᠷᠬᠤ ᠠᠴᠠ ᠰᠡᠷᠭᠡᠶᠢᠯᠡᠬᠦ ᠶᠢᠨ ᠲᠦᠯᠦᠭᠡ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠵᠦᠶ ᠵᠣᠬᠢᠰᠲᠠᠶ ᠬᠡᠯᠪᠡᠯᠵᠡᠯ ᠤᠨ ᠬᠡᠪᠴᠢᠶᠡᠨ ᠳᠤ ᠪᠠᠶᠢᠬᠤ ᠶᠢ ᠪᠠᠲᠤᠯᠠᠵᠤ᠂ ᠶᠡᠭᠡ ᠪᠠᠷ ᠥᠰᠴᠦ ᠶᠡᠭᠡ ᠪᠠᠷ ᠪᠠᠭᠤᠷᠠᠬᠤ ᠶᠢ ᠰᠡᠷᠭᠡᠶᠢᠯᠡᠨ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠥᠭᠵᠢᠯᠲᠡ ᠪᠠ ᠲᠣᠭᠲᠠᠭᠤᠨ ᠪᠠᠶᠢᠬᠤ ᠶᠢ   ᠪᠠᠲᠣᠯᠠᠨ᠂ ᠪᠦᠲᠦᠮᠵᠢᠲᠡᠶ ᠬᠠᠩᠭᠠᠯᠭ᠎ᠠ ᠪᠠ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠠᠮᠤᠷ ᠲᠦᠪᠰᠢᠨ ᠢ ᠪᠠᠲᠤᠯᠠᠵᠤ᠂ ᠪᠦᠬᠦ ᠬᠤᠲᠠ ᠶᠢᠨ ᠠᠷᠠᠳ ᠲᠦᠮᠡᠨ ᠤ ᠠᠮᠢᠳᠤᠷᠠᠯ ᠤᠨ ᠠᠮᠤᠷ ᠲᠣᠭᠲᠠᠭᠤᠨ ᠪᠠ ᠨᠡᠶᠢᠭᠡᠮ ᠤᠨ ᠠᠵᠢᠯ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠠᠵᠤ ᠠᠬᠤᠶ ᠨᠡᠶᠢᠭᠡᠮ ᠤᠨ ᠪᠦᠬᠦ ᠲᠠᠯ᠎ᠠ ᠶᠢᠨ᠂ ᠵᠣᠬᠢᠴᠠᠩᠭᠤᠶ᠂ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ  ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ︽ᠠᠮᠤ ᠪᠤᠳᠠᠭᠠᠨ ᠤ  ᠭᠦᠢᠯᠭᠡᠭᠡᠨ ᠤ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠪᠡᠯᠡᠳᠬᠡᠯ ᠲᠥᠰᠦᠯ ᠢ ᠲᠣᠭᠲᠠᠭᠠᠪᠠ᠃        ︵ᠬᠤᠶᠠᠷ︶ ᠠᠮᠤ ᠪᠤᠳᠠᠭᠠᠨ ᠤ ᠭᠡᠨᠡᠳᠲᠡ ᠶᠢᠨ ᠬᠡᠷᠡᠭ  ᠤᠨ ᠳᠡᠰ  ᠬᠤᠪᠢᠶᠠᠷᠢᠯᠠᠯᠲᠠ        1. ᠰᠡᠷᠭᠡᠶᠢᠯᠡᠯᠲᠡ ᠶᠢᠨ ᠪᠠᠶᠢᠳᠠᠯ᠃ ᠠᠮᠤ ᠪᠤᠳᠠᠭᠠᠨ ᠤ ᠦᠨ᠎ᠡ ᠬᠠᠩᠰᠢ ᠶᠢᠨ 3 - 5 ᠡᠳᠦᠷ ᠤᠨ ᠳᠣᠲᠣᠷᠠᠬᠢ ᠥᠰᠥᠯᠲᠡ ᠶᠢᠨ ᠬᠡᠮᠵᠢᠶ᠎ᠡ ᠨᠢ 20% ᠠᠴᠠ ᠳᠡᠭᠡᠭᠰᠢ  ᠮᠥᠷᠲᠡᠭᠡᠨ ᠠᠮᠤ ᠪᠤᠳᠠᠭᠠᠨ ᠤ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠭᠤᠣᠯ ᠪᠣᠯᠬᠤ ᠠᠮᠤ ᠪᠤᠳᠠᠭᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠡᠷᠭᠢᠯᠲᠡ ᠶᠢᠨ ᠪᠣᠯᠪᠠᠰᠤᠷᠠᠭᠤᠯᠤᠭᠰᠠᠨ ᠠᠮᠤ ᠪᠤᠳᠠᠭ᠎ᠠ ᠨᠢ ᠴᠢᠬᠤᠯᠠ ᠪᠦᠬᠦᠢ ᠬᠥᠮᠥᠷᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢᠨ 50% ᠠᠴᠠ ᠳᠣᠣᠷ᠎ᠠ ᠪᠠᠶᠢᠵᠤ᠂ ᠵᠠᠬ᠎ᠠ ᠳᠡᠯᠭᠡᠭᠦᠷ ᠤᠨ ᠠᠮᠤ ᠪᠤᠳᠠᠭᠠᠨ ᠤ ᠬᠠᠩᠭᠠᠯᠭ᠎ᠠ ᠪᠠᠴᠢᠮ ᠪᠤᠯᠵᠤ᠂ ᠬᠡᠪ ᠤᠨ ᠪᠤᠰᠤ ᠪᠠᠷ ᠠᠮᠤ ᠪᠤᠳᠠᠭ᠎ᠠ ᠬᠤᠳᠠᠯᠳᠤᠨ ᠠᠪᠬᠤ ᠦᠵᠡᠭᠳᠡᠯ  ᠭᠠᠷᠬᠤ᠃       2. ᠪᠠᠴᠢᠮ ᠪᠠᠶᠢᠳᠠᠯ  ᠃ ᠰᠡᠷᠭᠡᠶᠢᠯᠡᠯᠲᠡ ᠶᠢᠨ ᠪᠠᠶᠢᠳᠠᠯ ᠨᠢᠭᠡ ᠭᠠᠷᠠᠭ ᠠᠴᠠ ᠳᠡᠭᠡᠭᠰᠢ ᠦᠷᠭᠦᠯᠵᠢᠯᠡᠵᠦ᠂ ᠠᠮᠤ ᠪᠤᠳᠠᠭᠠᠨ ᠤ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ 30% ᠠᠴᠠ ᠳᠡᠭᠡᠭᠰᠢ ᠪᠠᠶᠢᠵᠤ᠂ ᠵᠠᠬ᠎ᠠ ᠳᠡᠯᠭᠡᠭᠦᠷ ᠤᠨ ᠡᠷᠭᠢᠯᠲᠡ ᠶᠢᠨ ᠪᠣᠯᠪᠠᠰᠤᠷᠠᠭᠤᠯᠤᠭᠰᠠᠨ ᠠᠮᠤ ᠪᠤᠳᠠᠭ᠎ᠠ ᠨᠢ ᠴᠢᠬᠤᠯᠠ ᠪᠦᠬᠦᠢ ᠬᠥᠮᠥᠷᠭᠡ ᠶᠢᠨ ᠬᠠᠳᠠᠭᠠᠯᠠᠮᠵᠢ ᠶᠢᠨ ᠬᠡᠮᠵᠢᠶ᠎ᠡ ᠶᠢᠨ ᠠᠮᠤ ᠳᠤᠰᠤᠨ ᠤ ᠵᠠᠬ᠎ᠠ ᠳᠡᠯᠭᠡᠭᠦᠷ ᠲᠤ ᠨᠢᠭᠡ ᠭᠠᠷᠠᠭ  ᠦᠷᠭᠦᠯᠵᠢᠯᠡᠭᠰᠡᠨ ᠠᠷᠠᠳ ᠤᠯᠠᠨ ᠲᠥᠪᠯᠡᠷᠡᠭᠦᠯᠦᠨ ᠬᠤᠳᠠᠯᠳᠤᠨ ᠠᠪᠬᠤ ᠦᠵᠡᠭᠳᠡᠯ  ᠭᠠᠷᠴᠣ᠂ ᠦᠨ᠎ᠡ ᠬᠠᠩᠰᠢ ᠮᠡᠳᠡᠭᠳᠡᠮ᠎ᠡ ᠥᠰᠴᠦ᠂ ᠠᠷᠠᠳ ᠤᠯᠠᠨ ᠠᠮᠤ ᠪᠤᠳᠠᠭ᠎ᠠ ᠶᠢ ᠪᠤᠯᠢᠶᠠᠯᠳᠤᠨ ᠬᠤᠳᠠᠯᠳᠤᠨ ᠠᠪᠬᠤ ᠦᠵᠡᠭᠳᠡᠯ ᠢ ᠡᠭᠦᠰᠭᠡᠵᠦ ᠮᠡᠳᠡᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠠᠴᠠ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠮᠡᠳᠡᠭᠦᠯᠵᠦ  ᠂ ᠪᠠᠴᠢᠮ ᠪᠠᠶᠢᠳᠠᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠢᠶᠠᠷ ᠳᠠᠮᠵᠢᠭᠤᠯᠤᠨ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠵᠤ᠂ ᠠᠮᠤ ᠲᠤᠰᠤᠨ ᠤ ᠦᠨ᠎ᠡ ᠬᠠᠩᠰᠢ ᠶᠢ ᠲᠣᠭᠲᠠᠭᠤᠨ ᠪᠠᠶᠢᠯᠭᠠᠨ᠎ᠠ᠃      3. ᠪᠠᠴᠢᠮ ᠲᠣᠯᠭᠠᠮ᠎ᠠ ᠪᠠᠶᠢᠳᠠᠯ  ᠃ ᠪᠠᠴᠢᠮ ᠪᠠᠶᠢᠳᠠᠯ 10 ᠡᠳᠦᠷ ᠠᠴᠠ ᠳᠡᠭᠡᠭᠰᠢ ᠦᠷᠭᠦᠯᠵᠢᠯᠡᠵᠦ᠂ ᠠᠮᠤ ᠪᠤᠳᠠᠭᠠᠨ ᠤ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ 50% ᠠᠴᠠ ᠳᠡᠭᠡᠭᠰᠢ ᠪᠠᠶᠢᠵᠤ᠂ ᠵᠠᠬ᠎ᠠ ᠳᠡᠯᠭᠡᠭᠦᠷ ᠲᠠᠬᠢ ᠡᠷᠭᠢᠯᠲᠡ ᠶᠢᠨ ᠪᠣᠯᠪᠠᠰᠤᠷᠠᠭᠤᠯᠤᠭᠰᠠᠨ ᠠᠮᠤ ᠪᠤᠳᠠᠭ᠎ᠠ ᠨᠢ ᠴᠢᠬᠤᠯᠠ ᠪᠦᠬᠦᠢ ᠬᠥᠮᠥᠷᠭᠡ ᠶᠢᠨ ᠬᠠᠳᠠᠭᠠᠯᠠᠯᠲᠠ ᠶᠢᠨ ᠬᠡᠮᠵᠢᠶ᠎ᠡ ᠶᠢᠨ 15% ᠠᠴᠠ ᠳᠣᠣᠷ᠎ᠠ ᠪᠠᠶᠢᠵᠤ᠂  ᠵᠠᠯᠭᠠᠬᠤ ᠠᠮᠤ ᠪᠤᠳᠠᠭᠠᠨ ᠤ ᠢᠷᠡᠯᠲᠡ ᠬᠦᠷᠦᠯᠴᠡᠬᠦ ᠦᠭᠡᠶ ᠪᠣᠯᠵᠤ᠂ ᠡᠷᠭᠢᠨ ᠲᠣᠭᠤᠷᠢᠨ ᠤ ᠭᠠᠵᠠᠷ ᠣᠷᠣᠨ ᠴᠢᠨᠠᠭᠰᠢᠯᠠᠪᠠᠯ ᠪᠦᠬᠦ ᠤᠯᠤᠰ ᠤᠨ ᠣᠯᠠᠨ ᠭᠠᠵᠠᠷ ᠣᠷᠣᠨ ᠳᠤ ᠠᠮᠤ ᠪᠤᠳᠠᠭ᠎ᠠ ᠶᠢ  ᠲᠦᠪᠯᠡᠷᠡᠨ ᠬᠤᠳᠠᠯᠳᠤᠨ ᠠᠪᠬᠤ ᠦᠵᠡᠭᠳᠡᠯ ᠭᠠᠷᠴᠤ᠂ ᠶᠡᠬᠡᠩᠬᠢ ᠭᠠᠵᠠᠷ ᠣᠷᠣᠨ ᠳᠤ ᠠᠮᠤ ᠪᠤᠳᠠᠭᠠᠨ ᠤ ᠪᠣᠷᠣᠯᠠᠭᠤᠯᠭ᠎ᠠ ᠲᠠᠰᠤᠷᠠᠵᠤ  ᠂ ᠡᠭᠦᠨ ᠤ ᠵᠡᠷᠭᠡ ᠳᠤ ᠮᠠᠨ ᠤ ᠬᠤᠲᠠ ᠳᠤ ᠥᠷᠭᠡᠵᠢᠨ ᠳᠡᠯᠭᠡᠷᠡᠵᠦ᠂ ᠴᠢᠨᠠᠭᠰᠢᠯᠠᠪᠠᠯ ᠠᠮᠤ ᠪᠤᠳᠠᠭ᠎ᠠ ᠶᠢ ᠲᠥᠪᠯᠡᠷᠡᠭᠦᠯᠦᠨ ᠬᠤᠳᠠᠯᠳᠤᠨ ᠠᠪᠬᠤ ᠦᠵᠡᠭᠳᠡᠯ  ᠭᠠᠷᠬᠤ᠃ ᠬᠤᠲᠠ ᠶᠢᠨ ᠠᠮᠤ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠵᠢᠯᠣᠭᠤᠳᠬᠤ ᠭᠠᠵᠠᠷ ᠠᠴᠠ ᠪᠠᠴᠢᠮ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠶᠢᠨ ᠬᠠᠮᠲᠤ᠂ ᠲᠣᠰ ᠪᠡᠯᠡᠳᠬᠡᠯ ᠲᠥᠰᠦᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠣᠰᠣᠭᠠᠷ᠂ ᠬᠡᠷᠡᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠬᠤ ᠬᠡᠷᠡᠭᠲᠡᠶ᠃     4.ᠣᠨᠴᠠ ᠪᠠᠴᠢᠮ ᠪᠠᠶᠢᠳᠠᠯ᠃ ᠪᠠᠴᠢᠮ  ᠲᠣᠯᠭᠠᠮ᠎ᠠ ᠪᠠᠶᠢᠳᠠᠯ 15 ᠡᠳᠦᠷ ᠠᠴᠠ ᠳᠡᠭᠡᠭᠰᠢ ᠦᠷᠭᠦᠯᠵᠢᠯᠡᠵᠦ᠂ ᠠᠮᠤ ᠪᠤᠳᠠᠭᠠᠨ ᠤ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ 100% ᠠᠴᠠ ᠳᠡᠭᠡᠭᠰᠢ ᠪᠠᠶᠢᠵᠤ᠂ ᠵᠠᠬ᠎ᠠ ᠳᠡᠯᠭᠡᠭᠦᠷ ᠲᠠᠬᠢ ᠡᠷᠭᠢᠯᠲᠡ ᠶᠢᠨ ᠪᠣᠯᠪᠠᠰᠤᠷᠠᠭᠤᠯᠤᠭᠰᠠᠨ ᠠᠮᠤ ᠪᠤᠳᠠᠭᠠᠨ ᠤ ᠬᠥᠮᠥᠷᠭᠡ ᠶᠢᠨ ᠬᠠᠳᠠᠭᠠᠯᠠᠮᠵᠢ 5%  ᠠᠴᠠ ᠳᠣᠷᠣᠭᠰᠢ  ᠪᠣᠯᠵᠣ  ᠂ ᠪᠦᠬᠦ ᠬᠤᠳᠠ ᠳᠤ ᠠᠮᠤ ᠪᠤᠳᠠᠭ᠎ᠠ ᠶᠢ ᠲᠥᠪᠯᠡᠷᠡᠭᠦᠯᠦᠨ ᠬᠤᠳᠠᠯᠳᠤᠨ ᠠᠪᠬᠤ ᠦᠵᠡᠭᠳᠡᠯ ᠨᠢᠭᠡᠨᠲᠡ ᠶᠡᠭᠡ ᠬᠡᠪᠴᠢᠶ᠎ᠡ ᠪᠠᠷ ᠭᠠᠷᠤᠭᠰᠠᠨ ᠪᠥᠭᠡᠳ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠲᠠᠰᠤᠷᠠᠬᠤ᠂ ᠳᠠᠩᠰᠠ ᠡᠪᠬᠡᠮᠡᠯ ᠲᠠᠰᠤᠷᠠᠬᠤ ᠪᠠᠶᠢᠳᠠᠯ  ᠭᠠᠷᠬᠤ᠃ ᠣᠨᠴᠠ ᠪᠠᠴᠢᠮ ᠪᠠᠶᠢᠳᠠᠯ ᠭᠠᠷᠬᠤ ᠦᠶ᠎ᠡ ᠳᠤ᠂ ᠬᠤᠳᠠ ᠶᠢᠨ ᠵᠠᠰᠠᠭ ᠤᠨ ᠣᠷᠳᠣᠨ ᠠᠴᠠ ᠣᠨᠴᠠ ᠪᠠᠴᠢᠮ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠲᠤᠰ ᠪᠡᠯᠡᠳᠬᠡᠯ ᠲᠥᠰᠦᠯ ᠢ ᠪᠦᠬᠦ ᠲᠠᠯ᠎ᠠ ᠪᠠᠷ  ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠮᠤ ᠳᠤᠰᠤᠨ ᠤ ᠭᠦᠢᠯᠭᠡᠭᠡ ᠶᠢ ᠬᠢᠵᠠᠭᠠᠷᠯᠠᠵᠤ᠂ ᠠᠮᠤ ᠳᠤᠰᠤᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢ ᠪᠠᠲᠤᠯᠠᠨ᠎ᠠ᠃       ︵ᠭᠤᠷᠪᠠ︶  ᠣᠳᠣᠷᠢᠳᠣᠯᠭ᠎ᠠ ᠶᠢᠨ ᠬᠠᠷᠢᠭᠤᠴᠠᠯᠭ᠎ᠠ       ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠬᠤᠳᠠ ᠶᠢᠨ ᠳᠠᠷᠤᠭ᠎ᠠ ᠬᠠᠷᠢᠭᠤᠴᠠᠬᠤ ᠲᠦᠷᠢᠮ ᠤᠨ ᠱᠠᠭᠠᠷᠳᠠᠯᠭ᠎ᠠ ᠶᠣᠰᠣᠭᠠᠷ᠂ ᠠᠮᠤ ᠪᠤᠳᠠᠭᠠᠨ ᠤ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠬᠤᠳᠠ ᠶᠢᠨ ᠭᠤᠣᠯ ᠤᠳᠤᠷᠢᠳᠤᠯᠭ᠎ᠠ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠲᠠᠢ ᠬᠥᠮᠦᠨ ᠢ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠠᠷᠭ᠎ᠠ ᠶᠢ ᠲᠣᠭᠲᠠᠭᠠᠨ᠎ᠠ᠃      1. ᠲᠣᠬᠢᠷᠠᠭᠤᠯᠤᠯ ᠡᠵᠡᠮᠳᠡᠯ ᠤᠨ ᠬᠠᠷᠠᠯᠲᠠᠲᠤ ᠡᠭᠦᠷᠭᠡ       ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠠᠭ ᠲᠤᠬᠠᠶ ᠳᠤᠨᠢ ᠡᠬᠢᠯᠡᠭᠦᠯᠬᠦ ᠶᠢ ᠪᠠᠲᠤᠯᠠᠵᠤ᠂ ᠵᠢᠱᠢᠭᠰᠡᠨ ᠲᠣᠬᠢᠷᠠᠭᠤᠯᠤᠯ ᠡᠵᠡᠮᠳᠡᠯ ᠤᠨ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠳᠣᠤᠷᠠᠬᠢ ᠠᠵᠢᠯ ᠤᠳ ᠢ ᠤᠷᠢᠳᠠᠪᠠᠷ ᠰᠠᠶᠢᠲᠤᠷ ᠬᠢᠬᠦ ᠬᠡᠷᠡᠭᠲᠡᠶ᠄ ︵1︶ ᠣᠷᠣᠭᠤᠯᠤᠯᠲᠠ ᠪᠠᠨ ᠨᠡᠮᠡᠭᠳᠡᠭᠦᠯᠵᠦ᠂ ᠠᠮᠢᠳᠤᠯᠢᠭ ᠲᠤᠰᠬᠠᠯ ᠲᠠᠢ ᠠᠮᠤ ᠪᠤᠳᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ  ᠰᠢᠰᠲ᠋ᠧᠮ ᠶᠢ ᠲᠦᠷᠭᠡᠳᠬᠡᠨ ᠪᠠᠶᠢᠭᠤᠯᠤᠨ᠎ᠠ᠃ ︵2︶ ᠠᠮᠤ ᠪᠤᠳᠠᠭ᠎ᠠ ᠨᠥᠭᠡᠴᠡᠯᠡᠬᠦ ᠲᠥᠷᠥᠯ ᠵᠦᠢᠯ ᠪᠣᠯᠤᠨ ᠪᠣᠯᠪᠠᠰᠤᠷᠠᠭᠤᠯᠤᠭᠰᠠᠨ ᠠᠮᠤ ᠪᠤᠳᠠᠭ᠎ᠠ  ᠶᠢᠨ ᠪᠠᠴᠢᠮ ᠪᠠᠶᠢᠳᠠᠯ  ᠢ ᠠᠷᠭᠠᠴᠠᠬᠤ ᠨᠥᠭᠡᠴᠡᠯᠡᠬᠦ  ᠶᠢ ᠵᠦᠢ ᠵᠣᠬᠢᠰᠲᠠᠶ ᠲᠣᠬᠢᠷᠠᠭᠤᠯᠵᠤ᠂ ᠵᠠᠬ᠎ᠠ ᠳᠡᠯᠭᠡᠭᠦᠷ  ᠤᠨ ᠬᠠᠩᠭᠠᠬᠤ ᠪᠣᠯᠪᠠᠰᠤᠷᠠᠭᠤᠯᠤᠭᠰᠠᠨ ᠠᠮᠤ ᠪᠤᠳᠠᠭ᠎ᠠ   ᠶᠢᠨ ᠲᠤᠭ᠎ᠠ ᠬᠡᠮᠵᠢᠶ᠎ᠡ  ᠶᠢ ᠦᠨᠡᠨᠬᠦ ᠪᠠᠲᠤᠯᠠᠨ᠎ᠠ  ᠃ ︵3︶ ᠪᠠᠴᠢᠮ ᠪᠠᠶᠢᠳᠠᠯ ᠢ ᠠᠷᠭᠠᠴᠠᠬᠤ ᠠᠮᠤ ᠪᠤᠳᠠᠭᠠᠨ ᠤ ᠲᠡᠭᠡᠭᠡᠪᠦᠷᠢ ᠶᠢᠨ ᠭᠦᠢᠯᠭᠡᠭᠡᠨ ᠤ ᠴᠢᠭᠯᠡᠯ᠂  ᠭᠦᠢᠯᠭᠡᠭᠡᠨ ᠤ ᠬᠡᠮᠵᠢᠶ᠎ᠡ᠂  ᠭᠦᠢᠯᠭᠡᠭᠡᠨ ᠤ ᠬᠤᠷᠳᠤᠴᠠ᠂ ᠪᠠᠴᠢᠮ ᠪᠠᠶᠢᠳᠠᠯ ᠢ ᠠᠷᠭᠠᠴᠠᠬᠤ ᠠᠮᠤ ᠪᠤᠳᠠᠭᠠᠨ ᠤ ᠪᠣᠯᠪᠠᠰᠤᠷᠠᠭᠤᠯᠤᠯᠲᠠ ᠶᠢᠨ ᠲᠦᠷᠦᠯ ᠵᠦᠢᠯ᠂ ᠲᠤᠭ᠎ᠠ ᠬᠡᠮᠵᠢᠶ᠎ᠡ᠂ ᠬᠥᠮᠥᠷᠭᠡ ᠶᠢᠨ ᠬᠠᠳᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠠᠮᠤ ᠪᠤᠳᠠᠭᠠᠨ ᠤ ᠪᠣᠷᠣᠯᠠᠭᠤᠯᠤᠯᠲᠠ ᠶᠢᠨ ᠴᠠᠭ᠂ ᠦᠨ᠎ᠡ ᠬᠠᠩᠰᠢ᠂ ᠠᠷᠭ᠎ᠠ ᠶᠢ ᠵᠦᠢ ᠵᠣᠬᠢᠰᠲᠠᠶ ᠲᠥᠯᠥᠪᠯᠡᠨ᠎ᠡ  ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠡᠭᠦᠷᠭᠡ  ᠶᠢᠨ ᠲᠡᠭᠡᠭᠡᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠠᠵᠤ ᠠᠬᠤᠶᠢᠯᠠᠯ ᠢ ᠵᠢᠭᠠᠨ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠠᠷᠢᠭᠤᠴᠠᠯᠭ᠎ᠠ᠂ ᠡᠷᠬᠡ ᠪᠠ ᠡᠭᠦᠷᠭᠡ ᠶᠢ ᠵᠣᠬᠢᠴᠠᠩᠭᠤᠶ ᠪᠠᠷ ᠲᠣᠭᠲᠠᠭᠠᠨ᠎ᠠ᠃     2. ᠪᠠᠴᠢᠮ ᠪᠠᠶᠢᠳᠠᠯ ᠢ ᠠᠷᠭᠠᠴᠠᠬᠤ ᠬᠢᠨᠠᠨ ᠬᠡᠮᠵᠢᠯᠲᠡ  ᠃ ︵1︶ ᠬᠡᠪ ᠤᠨ ᠬᠢᠨᠠᠨ ᠬᠡᠮᠵᠢᠯᠲᠡ᠃ ᠵᠠᠬ᠎ᠠ ᠳᠡᠯᠭᠡᠭᠦᠷ ᠬᠡᠪ ᠤᠨ ᠪᠠᠶᠢᠳᠠᠯ ᠳᠣᠣᠷ᠎ᠠ᠂ ᠦᠨ᠎ᠡ ᠬᠠᠩᠰᠢ ᠶᠢᠨ ᠭᠠᠷᠠᠭ ᠤᠨ ᠮᠡᠳᠡᠭᠦᠯᠦᠯᠲᠡ ᠪᠠ ᠬᠥᠮᠥᠷᠭᠡ  ᠶᠢᠨ ᠬᠠᠳᠠᠭᠠᠯᠠᠯᠲᠠ ᠶᠢᠨ ᠰᠠᠷ᠎ᠠ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠲᠦᠷᠢᠮ ᠢ ᠬᠡᠷᠡᠭᠵᠢᠭᠦᠯᠦᠨ᠎ᠡ᠃ ᠵᠠᠯᠠᠨ ᠠᠶᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶ ᠠᠴᠠ ᠬᠥᠯᠥᠨ ᠪᠤᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶ ᠳᠤ ᠴᠠᠭ ᠲᠤᠬᠠᠶ ᠳᠤᠨᠢ ᠬᠤᠷᠢᠶᠠᠩᠭᠤᠶᠢᠯᠠᠨ ᠮᠡᠳᠡᠭᠦᠯᠦᠨ᠎ᠡ  ᠃ ︵2︶ ᠪᠠᠴᠢᠮ ᠪᠠᠶᠢᠳᠠᠯ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ  ᠳᠤ ᠪᠠᠴᠢᠮ ᠪᠠᠶᠢᠳᠠᠯ ᠭᠠᠷᠤᠭᠰᠠᠨ ᠦᠶ᠎ᠡ ᠳᠤ᠂ ᠦᠨ᠎ᠡ ᠬᠠᠩᠰᠢ ᠶᠢᠨ ᠡᠳᠦᠷ  ᠲᠤ  ᠮᠡᠳᠡᠭᠦᠯᠬᠦ ᠪᠠ ᠬᠥᠮᠥᠷᠭᠡ ᠶᠢᠨ ᠬᠠᠳᠠᠭᠠᠯᠠᠯᠲᠠ ᠶᠢ ᠭᠠᠷᠠᠭ ᠲᠤ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠬᠢᠨᠠᠨ ᠬᠡᠮᠵᠢᠬᠦ ᠬᠡᠪᠴᠢᠶ᠎ᠡ ᠶᠢ ᠠᠮᠤ ᠪᠤᠳᠠᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠪᠠ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠲᠡᠯ᠎ᠡ ᠥᠷᠭᠡᠳᠬᠡᠨ᠎ᠡ ᠃ ᠵᠠᠯᠠᠨ ᠠᠶᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠥᠯᠥᠨ ᠪᠤᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠴᠠᠭ ᠲᠤᠬᠠᠶ ᠳᠤᠨᠢ ᠬᠤᠷᠢᠶᠠᠩᠭᠤᠶᠢᠯᠠᠨ ᠮᠡᠳᠡᠭᠦᠯᠦᠨ᠎ᠡ  ᠃ ︵3︶ ᠪᠠᠴᠢᠮ  ᠲᠤᠯᠭᠠᠮ᠎ᠠ ᠪᠠᠶᠢᠳᠠᠯ ᠢ ᠬᠢᠨᠠᠨ ᠬᠡᠮᠵᠢᠬᠦ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠳᠤ ᠪᠠᠴᠢᠮ ᠲᠣᠯᠭᠠᠮ᠎ᠠ ᠪᠠᠶᠢᠳᠠᠯ ᠭᠠᠷᠤᠭᠰᠠᠨ ᠦᠶ᠎ᠡ ᠳᠤ᠂ ᠦᠨ᠎ᠡ ᠬᠠᠩᠰᠢ ᠶᠢᠨ ᠡᠳᠦᠷ ᠤᠨ ᠮᠡᠳᠡᠭᠦᠯᠦᠯᠲᠡ ᠪᠠ ᠬᠥᠮᠥᠷᠭᠡ ᠶᠢᠨ ᠬᠠᠳᠠᠭᠠᠯᠠᠯᠲᠠ ᠶᠢᠨ ᠡᠳᠦᠷ ‍ᠤᠨ‌ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠵᠦ᠂ ᠬᠢᠨᠠᠨ ᠬᠡᠮᠵᠢᠬᠦ ᠬᠦᠷᠢᠶ᠎ᠡ ᠬᠡᠪᠴᠢᠶ᠎ᠡ  ᠪᠠᠴᠢᠮ ᠪᠠᠶᠢᠳᠠᠯ ᠲᠠᠢ ᠠᠳᠠᠯᠢ ᠪᠠᠶᠢᠬᠤ ᠬᠡᠷᠡᠭᠲᠡᠶ᠃ ᠵᠠᠯᠠᠨ ᠠᠶᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠥᠯᠥᠨ ᠪᠤᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠴᠠᠭ ᠲᠤᠬᠠᠶ ᠳᠤᠨᠢ ᠬᠤᠷᠢᠶᠠᠩᠭᠤᠶᠢᠯᠠᠨ ᠮᠡᠳᠡᠭᠦᠯᠦᠨ᠎ᠡ  ᠃ ︵4︶ ᠣᠨᠴᠠ ᠪᠠᠴᠢᠮ ᠪᠠᠶᠢᠳᠠᠯ ᠢ ᠬᠢᠨᠠᠨ ᠬᠡᠮᠵᠢᠬᠦ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠳᠤ ᠣᠨᠴᠠ ᠪᠠᠴᠢᠮ ᠪᠠᠶᠢᠳᠠᠯ ᠭᠠᠷᠤᠭᠰᠠᠨ ᠦᠶ᠎ᠡ ᠳᠤ᠂ ᠦᠨ᠎ᠡ ᠬᠠᠩᠰᠢ᠂ ᠬᠥᠮᠥᠷᠭᠡ ᠶᠢᠨ ᠬᠠᠳᠠᠭᠠᠯᠠᠯᠲᠠ ᠶᠢ 6 ᠴᠠᠭ ᠢᠶᠠᠷ ᠦᠶᠡᠯᠡᠨ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠬᠢᠨᠠᠨ ᠬᠡᠮᠵᠢᠬᠦ ᠬᠦᠷᠢᠶ᠎ᠡ ᠬᠡᠪᠴᠢᠶ᠎ᠡ ᠨᠢ ᠪᠠᠴᠢᠮ ᠪᠠᠶᠢᠳᠠᠯ ᠲᠠᠢ ᠠᠳᠠᠯᠢ ᠪᠠᠶᠢᠬᠤ ᠬᠡᠷᠡᠭᠲᠡᠶ᠃ ᠵᠠᠯᠠᠨ ᠠᠶᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠥᠯᠥᠨ ᠪᠤᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠴᠠᠭ ᠲᠤᠬᠠᠶ ᠳᠤᠨᠢ ᠬᠤᠷᠢᠶᠠᠩᠭᠤᠶᠢᠯᠠᠨ ᠮᠡᠳᠡᠭᠦᠯᠦᠨ᠎ᠡ᠃        3.ᠪᠠᠴᠢᠮ ᠪᠠᠶᠢᠳᠠᠯ  ᠢ ᠠᠷᠭᠠᠴᠠᠵᠤ ᠤᠷᠢᠳᠴᠢᠯᠠᠨ ᠰᠡᠷᠡᠮᠵᠢᠯᠡᠭᠦᠯᠬᠦ᠃ ︵1︶ ᠪᠠᠴᠢᠮ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ  ᠳᠤ ᠪᠠᠴᠢᠮ ᠪᠠᠶᠢᠳᠠᠯ ᠭᠠᠷᠪᠠᠯ ᠂ ᠵᠠᠯᠠᠨ ᠠᠶᠢᠯ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠯᠣᠭᠤᠳᠬᠤ ᠭᠠᠵᠠᠷ ᠤᠨ ᠵᠥᠪᠰᠢᠶᠡᠷᠡᠯ ᠢᠶᠠᠷ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠨ᠎ᠡ  ᠃ ︵2︶ ᠪᠠᠴᠢᠮ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ  ᠳᠤ ᠪᠠᠴᠢᠮ ᠪᠠᠶᠢᠳᠠᠯ ᠭᠠᠷᠪᠠᠯ᠂ ᠵᠠᠯᠠᠨ ᠠᠶᠢᠯ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠯᠣᠭᠤᠳᠬᠤ ᠭᠠᠵᠠᠷ ᠤᠨ ᠵᠥᠪᠰᠢᠶᠡᠷᠡᠯ ᠢᠶᠠᠷ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠨ᠎ᠡ  ᠃ ︵3︶ ᠣᠨᠴᠠ ᠪᠠᠴᠢᠮ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠬᠦ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ  ᠳᠤ ᠣᠨᠴᠠ ᠪᠠᠴᠢᠮ ᠪᠠᠶᠢᠳᠠᠯ ᠭᠠᠷᠪᠠᠯ᠂ ᠵᠠᠯᠠᠨ ᠠᠶᠢᠯ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠯᠣᠭᠤᠳᠬᠤ ᠭᠠᠵᠠᠷ  ᠤᠨ ᠵᠦᠪᠰᠢᠶᠡᠷᠡᠯ ᠢᠶᠠᠷ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠤᠯᠠᠭᠠᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠬᠦ ᠬᠡᠷᠡᠭᠲᠡᠶ᠃       ᠬᠤᠶᠠᠷ᠂ ᠪᠠᠴᠢᠮ ᠪᠠᠶᠢᠳᠠᠯ  ᠢ ᠠᠷᠭᠠᠴᠠᠬᠤ ᠪᠡᠯᠡᠳᠬᠡᠯ      ︵ᠨᠢᠭᠡ︶ ᠠᠮᠤ ᠪᠤᠳᠠᠭ᠎ᠠ ᠲᠣᠰᠣᠨ ᠤ ᠬᠠᠩᠭᠠᠯᠭ᠎ᠠ ᠬᠡᠷᠡᠭᠴᠡᠭᠡ ᠵᠢᠴᠢ ᠦᠨ᠎ᠡ ᠬᠠᠩᠰᠢ ᠶᠢᠨ ᠪᠠᠶᠢᠳᠠᠯ ᠢ ᠬᠢᠨᠠᠨ ᠬᠡᠮᠵᠢᠬᠦ᠂ ᠲᠥᠰᠦᠭᠡᠯᠡᠬᠦ ᠪᠠ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠤᠲᠠ ᠶᠢᠨ ᠳᠣᠲᠣᠨ᠎ᠠ ᠭᠠᠳᠠᠨᠠᠬᠢ ᠬᠤᠯᠪᠣᠭᠳᠠᠯ ᠪᠥᠬᠦᠶ ᠠᠮᠤ ᠪᠤᠳᠠᠭ᠎ᠠ ᠲᠣᠰᠣᠨ ᠤ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠯᠡᠬᠦ᠂ ᠵᠠᠳᠠᠯᠬᠤ᠂ ᠲᠥᠰᠦᠭᠡᠯᠡᠬᠦ ᠶᠢ ᠦᠨᠡᠨᠬᠦ ᠰᠠᠶᠢᠲᠤᠷ ᠬᠢᠵᠦ᠂ ᠬᠤᠲᠠ ᠶᠢᠨ ᠵᠠᠰᠠᠭ ᠤᠨ ᠣᠷᠳᠣᠨ ᠵᠢᠴᠢ ᠰᠢᠶᠠᠩ ︵ᠪᠠᠯᠭᠠᠰᠤ︶᠂ ᠬᠡᠷᠡᠭ ᠡᠷᠬᠢᠯᠡᠬᠦ ᠭᠠᠵᠠᠷ ᠲᠤ ᠴᠠᠭ ᠲᠤᠬᠠᠶ ᠳᠤᠨᠢ ᠰᠡᠷᠡᠮᠵᠢᠯᠡᠭᠦᠯᠬᠦ ᠳᠣᠬᠢᠶ᠎ᠠ ᠥᠭᠬᠦ ᠬᠡᠷᠡᠭᠲᠡᠶ᠃      ︵ᠬᠤᠶᠠᠷ︶ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠶᠣᠰᠣᠭᠠᠷ᠂ ᠲᠡᠷᠡᠴᠢᠯᠡᠨ ᠬᠤᠷᠸ᠎ᠠ ᠲᠣᠬᠢᠷᠠᠭᠤᠯᠤᠯ ᠡᠵᠡᠮᠳᠡᠯ ᠤᠨ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠥᠰᠦᠪ ᠲᠤ ᠠᠮᠤ ᠪᠤᠳᠠᠭ᠎ᠠ ᠲᠣᠰᠣᠨ ᠤ ᠲᠦᠭᠰᠢᠭᠦᠷᠢ ᠶᠢᠨ ᠰᠠᠭᠤᠷᠢ ᠮᠥᠩᠭᠦ ᠶᠢ ᠳᠣᠭᠢᠷᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠪᠠᠶᠢᠳᠠᠯ ᠳᠣᠤᠷ᠎ᠠ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠪᠥᠬᠦᠶ ᠠᠮᠤ ᠪᠤᠳᠠᠭ᠎ᠠ ᠲᠣᠰᠣᠨ ᠤ ᠲᠣᠬᠢᠷᠠᠭᠤᠯᠤᠯᠲᠠ ᠶᠢᠨ ᠪᠠᠯᠠ ᠮᠥᠩᠭᠦ ᠶᠢ ᠡᠵᠡᠮᠰᠢᠬᠦ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶ ᠨᠢ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠨ ᠰᠡᠷᠡᠮᠵᠢᠯᠡᠭᠦᠯᠬᠦ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠭᠤᠣᠯ ᠠᠭᠤᠯᠭ᠎ᠠ  ᠨᠢ ᠳᠣᠣᠷᠠᠬᠢ ᠮᠡᠲᠦ᠄      1. ᠬᠤᠯᠪᠣᠭᠳᠠᠯ ᠪᠥᠬᠦᠶ ᠠᠵᠤ ᠠᠬᠤᠶᠢᠯᠠᠯ ︵ᠤᠯᠤᠰ ᠤᠨ ᠨᠥᠭᠡᠴᠡᠯᠡᠬᠦ ᠬᠥᠮᠥᠷᠭᠡ᠂ ᠨᠡᠶᠢᠭᠡᠮ ᠤᠨ ᠬᠤᠳᠠᠯᠳᠤᠭ᠎ᠠ᠂ ᠠᠮᠤ ᠪᠤᠳᠠᠭᠠᠨ ᠤ ᠠᠵᠤ ᠠᠬᠤᠶᠢᠯᠠᠯ ᠪᠠᠭᠲᠠᠨ᠎ᠠ︶ ᠢ ᠵᠣᠬᠢᠶᠠᠨ ᠪᠠᠶᠢᠭᠤᠯᠤᠨ ᠤᠰᠤᠨ ᠲᠤᠲᠤᠷᠭ᠎ᠠ᠂ ᠪᠤᠭᠤᠳᠠᠶ ᠶᠢᠨ ᠭᠤᠤᠯ ᠪᠣᠯᠬᠤ ᠠᠮᠤ ᠪᠤᠳᠠᠭᠠᠨ ᠤ ᠭᠠᠷᠤᠯᠲᠠ ᠶᠢᠨ ᠣᠷᠣᠨ ᠯᠤᠭ᠎ᠠ ᠣᠷᠳᠣ ᠬᠤᠭᠤᠴᠠᠭ᠎ᠠ ᠪᠠᠷ ᠲᠣᠭᠲᠠᠪᠤᠷᠢᠲᠠᠶ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠠᠮᠵᠢᠯᠴᠠᠬᠤ ᠬᠠᠷᠢᠴᠠᠭ᠎ᠠ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠠᠶᠢᠳᠠᠯ ᠳᠣᠤᠷᠠᠬᠢ ᠠᠮᠤ ᠪᠤᠳᠠᠭᠠᠨ ᠤ ᠢᠷᠡᠯᠲᠡ ᠶᠢᠨ ᠬᠠᠩᠭᠠᠯᠭ᠎ᠠ ᠶᠢ ᠦᠨᠡᠨᠬᠦ ᠪᠠᠲᠤᠯᠠᠨ᠎ᠠ᠃     2. ᠣᠷᠣᠨ ᠨᠤᠲᠤᠭ ᠤᠨ ᠠᠮᠤ ᠪᠤᠳᠠᠭ᠎ᠠ ᠲᠣᠰᠣ ᠨᠥᠭᠡᠴᠡᠯᠡᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃     3. ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠨ ᠬᠠᠩᠭᠠᠵᠤ ᠡᠳ᠋ᠰᠢᠭᠦᠯᠬᠦ ᠰᠢᠰᠲ᠋ᠧᠮ ᠢ ᠪᠠᠶᠢᠭᠤᠯᠤᠨ᠎ᠠ᠃     4. ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠪᠣᠷᠣᠯᠠᠭᠤᠯᠬᠤ ᠰᠢᠰᠲ᠋ᠧᠮ ᠢ ᠪᠠᠶᠢᠭᠤᠯᠤᠨ᠎ᠠ᠃    5. ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠤᠨ᠎ᠠ᠃     6. ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ  ᠵᠣᠯᠭᠠᠭᠤᠯᠬᠤ  ᠰᠢᠰᠲ᠋ᠧᠮ ᠢ ᠪᠠᠶᠢᠭᠤᠯᠤᠨ᠎ᠠ᠃     ᠭᠤᠷᠪᠠ᠂ ᠲᠣᠬᠢᠷᠠᠭᠤᠯᠤᠨ ᠡᠵᠡᠮᠳᠡᠬᠦ ᠠᠷᠭ᠎ᠠ ᠬᠡᠮᠵᠢᠶ᠎ᠡ      ︵ᠨᠢᠭᠡ︶ ᠵᠠᠬ᠎ᠠ ᠳᠡᠯᠭᠡᠭᠦᠷ ᠤᠨ ᠠᠮᠤ ᠪᠤᠳᠠᠭᠠᠨ ᠤ ᠦᠨ᠎ᠡ ᠬᠠᠩᠰᠢ ᠪᠠ ᠬᠠᠩᠭᠠᠯᠭ᠎ᠠ ᠶᠢᠨ ᠪᠠᠶᠢᠳᠠᠯ ᠢ ᠪᠦᠬᠦᠯᠢ ᠡᠳᠦᠷ ᠤᠨ 24 ᠴᠠᠭ ᠢᠶᠠᠷ ᠬᠢᠨᠠᠨ ᠡᠵᠡᠮᠳᠡᠵᠦ᠂ ᠪᠠᠴᠢᠮ ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃      ︵ᠬᠤᠶᠠᠷ︶ ᠨᠡᠶᠢᠭᠡᠮ ᠤᠨ ᠠᠮᠤ ᠪᠤᠳᠠᠭ᠎ᠠ ᠪᠣᠯᠪᠠᠰᠤᠷᠠᠭᠤᠯᠬᠤ᠂ ᠡᠵᠡᠩᠨᠡᠬᠦ ᠠᠵᠤ ᠠᠬᠤᠶᠢᠯᠠᠯ ︵ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ ᠪᠠᠭᠲᠠᠨ᠎ᠠ︶ ᠤᠨ ᠬᠤᠳᠠᠯᠳᠤᠨ ᠠᠪᠬᠤ᠂ ᠪᠣᠷᠣᠯᠠᠭᠤᠯᠬᠤ᠂ ᠬᠥᠮᠥᠷᠭᠡᠯᠡᠨ ᠬᠠᠳᠠᠭᠠᠯᠠᠬᠤ ᠲᠤᠭ᠎ᠠ ᠬᠡᠮᠵᠢᠶ᠎ᠡ ᠪᠠ ᠦᠨ᠎ᠡ ᠬᠠᠩᠰᠢ ᠶᠢᠨ ᠡᠳᠦᠷ ᠤᠨ  ᠮᠡᠳᠡᠭᠦᠯᠦᠯᠲᠡ ᠶᠢᠨ ᠲᠦᠷᠢᠮ ᠢ ᠪᠠᠶᠢᠭᠤᠯᠤᠨ᠎ᠠ᠃      ︵ᠭᠤᠷᠪᠠ︶ ᠲᠤᠬᠠᠶ ᠶᠢᠨ ᠭᠠᠵᠠᠷ ᠤᠨ ᠠᠮᠤ ᠪᠤᠳᠠᠭᠠᠨ ᠤ ᠠᠵᠤ ᠠᠬᠤᠶᠢᠯᠠᠯ ᠢ ᠳᠠᠷᠦ᠋ᠢᠬᠠᠨ ᠵᠣᠬᠢᠶᠠᠨ ᠪᠠᠶᠢᠭᠤᠯᠵᠤ᠂ ᠣᠷᠣᠨ ᠤ  ᠲᠣᠲᠣᠨ᠎ᠠ ᠭᠠᠳᠠᠨᠠᠬᠢ ᠠᠮᠤ ᠪᠤᠳᠠᠭᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠪᠠᠴᠢᠮ ᠬᠤᠳᠠᠯᠳᠤᠨ ᠠᠪᠬᠤ ᠪᠠᠷ ᠳᠠᠮᠵᠢᠭᠤᠯᠤᠨ ᠠᠮᠤ ᠪᠤᠳᠠᠭᠠᠨ ᠤ ᠢᠷᠡᠯᠲᠡ ᠪᠠ ᠪᠣᠯᠪᠠᠰᠤᠷᠠᠭᠤᠯᠤᠭᠰᠠᠨ ᠠᠮᠤ ᠪᠤᠳᠠᠭ᠎ᠠ ᠲᠣᠰᠣ ᠶᠢ ᠴᠤᠭᠯᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠶ᠃     ︵ᠲᠦᠷᠪᠡ︶ ᠲᠤᠬᠠᠶ ᠶᠢᠨ ᠭᠠᠵᠠᠷ ᠤᠨ ᠭᠤᠣᠯ ᠪᠣᠯᠬᠤ ᠠᠮᠤ ᠪᠤᠳᠠᠭᠠᠨ ᠤ ᠬᠡᠷᠡᠭᠯᠡᠭᠡᠨ ᠤ ᠲᠦᠷᠦᠯ ᠤᠨ ᠨᠡᠶᠢᠭᠡᠮ ᠤᠨ ᠬᠥᠮᠥᠷᠭᠡ ᠶᠢᠨ ᠬᠠᠳᠠᠭᠠᠯᠠᠯᠲᠠ ᠶᠢᠨ ᠲᠤᠭ᠎ᠠ ᠬᠡᠮᠵᠢᠶ᠎ᠡ ᠨᠢ 7 ᠡᠳᠦᠷ ᠤᠨ ᠨᠡᠶᠢᠭᠡᠮ ᠤᠨ ᠬᠡᠷᠡᠭᠯᠡᠭᠡᠨ ᠤ ᠬᠡᠮᠵᠢᠶ᠎ᠡ ᠠᠴᠠ ᠳᠣᠣᠷ᠎ᠠ ᠪᠠᠶᠢᠪᠠᠯ᠂ ᠠᠮᠤ ᠪᠤᠳᠠᠭᠠᠨ ᠤ ᠨᠥᠭᠡᠴᠡ ᠶᠢ ᠬᠥᠳᠡᠯᠭᠡᠨ ᠪᠠᠴᠢᠮ ᠡᠳ᠋ᠰᠢᠭᠦᠯᠭᠡ ᠬᠢᠯᠭᠡᠬᠦ ᠪᠠᠷ ᠱᠠᠳᠤ ᠳᠠᠷᠠᠭᠠᠯᠠᠨ ᠭᠤᠶᠤᠴᠢᠯᠠᠵᠤ᠂ ᠵᠠᠬ᠎ᠠ ᠳᠡᠯᠭᠡᠭᠦᠷ ᠲᠤ ᠬᠠᠩᠭᠠᠨ᠎ᠠ᠃ ᠵᠠᠯᠠᠨ ᠠᠶᠢᠯ ᠬᠤᠲᠠ ᠳᠤ ᠣᠷᠣᠨ ᠨᠤᠲᠤᠭ ᠤᠨ ᠠᠮᠤ ᠪᠤᠳᠠᠭᠠᠨ ᠤ ᠨᠥᠭᠡᠴᠡ ᠪᠠᠶᠢᠬᠤ ᠦᠭᠡᠶ ᠣᠴᠢᠷ ᠠᠴᠠ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠳᠤ ᠬᠥᠯᠥᠨ ᠪᠤᠶᠢᠷ ᠬᠤᠲᠠ ᠶᠢᠨ ᠠᠮᠤ ᠪᠤᠳᠠᠭᠠᠨ ᠤ ᠨᠥᠭᠡᠴᠡ ᠶᠢ ᠬᠥᠳᠡᠯᠭᠡᠨ ᠬᠡᠷᠡᠭᠯᠡᠬᠦ ᠪᠠᠷ ᠭᠤᠶᠤᠴᠢᠯᠠᠬᠤ ᠴᠢᠬᠤᠯᠠᠲᠠᠶ᠂ ᠬᠥᠯᠥᠨ ᠪᠤᠶᠢᠷ ᠬᠤᠲᠠ ᠶᠢᠨ ᠠᠮᠤ ᠪᠤᠳᠠᠭᠠᠨ ᠤ ᠨᠥᠭᠡᠴᠡ ᠬᠦᠷᠦᠯᠴᠡᠬᠦ ᠥᠬᠡᠶ ᠪᠣᠯ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠨᠥᠭᠡᠴᠡ ᠶᠢ ᠬᠥᠳᠡᠯᠭᠡᠨ ᠬᠡᠷᠡᠭᠯᠡᠬᠦ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠭᠤᠶᠤᠴᠢᠯᠠᠵᠤ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠨᠥᠭᠡᠴᠡ ᠬᠦᠷᠦᠯᠴᠡᠬᠦ ᠥᠬᠡᠶ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠳᠤ ᠲᠥᠪ ᠤᠨ ᠨᠥᠭᠡᠴᠡ ᠶᠢᠨ ᠠᠮᠤ ᠪᠤᠳᠠᠭ᠎ᠠ ᠶᠢ  ᠬᠦᠳᠡᠯᠭᠡᠨ ᠬᠡᠷᠡᠭᠯᠡᠬᠦ ᠪᠠᠷ ᠭᠤᠶᠣᠴᠢᠯᠠᠨ᠎ᠠ᠃     ︵ᠲᠠᠪᠤ︶ ᠪᠠᠴᠢᠮ ᠪᠠᠶᠢᠳᠠᠯ  ᠢ  ᠠᠷᠭᠠᠴᠠᠬᠤ ᠳᠤ ᠡᠳ᠋ᠰᠢᠭᠦᠯᠬᠦ  ᠡᠭᠦᠷᠭᠡ ᠶᠢ ᠡᠭᠦᠷᠭᠡᠯᠡᠵᠦ ᠪᠠᠶᠢᠭ᠎ᠠ ᠠᠮᠤ ᠪᠤᠳᠠᠭ᠎ᠠ ᠡᠳ᠋ᠰᠢᠭᠦᠯᠬᠦ ᠠᠵᠤ ᠠᠬᠤᠶᠢᠯᠠᠯ  ᠭᠦᠢᠴᠡᠳ ᠳᠠᠭᠠᠭᠠᠴᠠ ᠲᠠᠢ ᠡᠳ᠋ᠰᠢᠭᠦᠯᠵᠦ᠂ ᠵᠠᠬ᠎ᠠ ᠳᠡᠯᠭᠡᠭᠦᠷ  ᠤᠨ ᠬᠠᠩᠭᠠᠯᠭ᠎ᠠ ᠬᠡᠷᠡᠭᠴᠡᠭᠡ ᠶᠢ ᠪᠠᠲᠤᠯᠠᠬᠤ ᠬᠡᠷᠡᠭᠲᠡᠶ᠃     ︵ᠵᠢᠷᠭᠤᠭ᠎ᠠ︶ ᠲᠡᠮᠤᠷ ᠵᠠᠮ᠂ ᠵᠠᠮ ᠲᠡᠭᠡᠭᠡᠪᠦᠷᠢ ᠶᠢᠨ ᠬᠦᠴᠦᠨ ᠢ ᠲᠥᠪᠯᠡᠷᠡᠭᠦᠯᠦᠨ ᠪᠦᠳᠦᠭᠦᠯᠢᠭ ᠠᠮᠤ ᠪᠠ ᠪᠣᠯᠪᠠᠰᠤᠷᠠᠭᠤᠯᠤᠭᠰᠠᠨ ᠠᠮᠤ ᠪᠤᠳᠠᠭ᠎ᠠ ᠶᠢ ᠲᠦᠷᠭᠡᠨ ᠰᠢᠯᠵᠢᠭᠦᠯᠦᠨ ᠲᠡᠭᠡᠭᠡᠪᠦᠷᠢᠯᠡᠵᠦ᠂ ᠠᠮᠤ ᠪᠤᠳᠠᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠤᠨ ᠲᠦᠭᠦᠬᠡᠶ ᠡᠳ᠋ ᠪᠠ ᠠᠮᠤ ᠪᠤᠳᠠᠭ᠎ᠠ ᠪᠣᠷᠣᠯᠠᠭᠤᠯᠬᠤ ᠠᠵᠤ ᠠᠬᠤᠶᠢᠯᠠᠯ ᠤᠨ ᠪᠠᠷᠠᠭᠠᠨ ᠤ ᠢᠷᠡᠯᠳᠡ ᠶᠢ ᠪᠠᠲᠤᠯᠠᠬᠤ ᠬᠡᠷᠡᠭᠲᠡᠶ᠃    ︵ᠲᠤᠯᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠠᠮᠤ ᠪᠤᠳᠠᠭ᠎ᠠ ᠪᠣᠷᠣᠯᠠᠭᠤᠯᠬᠤ ᠠᠵᠤ ᠠᠬᠤᠶᠢᠯᠠᠯ᠂ ᠪᠥᠭᠡᠮ ᠢᠶᠠᠷ ᠬᠤᠳᠠᠯᠳᠤᠬᠤ ᠠᠮᠤ ᠪᠤᠳᠠᠭᠠᠨ ᠤ ᠳᠡᠯᠭᠡᠭᠦᠷ ᠡᠵᠡᠩᠨᠡᠬᠦ ᠴᠠᠭ ᠢᠶᠠᠨ ᠤᠷᠲᠤᠳᠬᠠᠵᠤ᠂ ᠪᠦᠬᠦᠯᠢ ᠡᠳᠦᠷ ᠤᠨ 24 ᠴᠠᠭ  ᠢᠶᠠᠷ ᠡᠵᠡᠩᠨᠡᠬᠦ ᠬᠡᠷᠡᠭᠲᠡᠶ᠃     ︵ᠨᠠᠶᠢᠮᠠ︶ ᠪᠣᠯᠪᠠᠰᠤᠷᠠᠭᠤᠯᠤᠭᠰᠠᠨ ᠠᠮᠤ ᠪᠤᠳᠠᠭ᠎ᠠ ᠲᠤᠰᠤ ᠪᠣᠯᠪᠠᠰᠤᠷᠠᠭᠤᠯᠬᠤ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠭᠤᠭᠴᠤᠭ᠎ᠠ ᠳᠤ ᠦᠨ᠎ᠡ ᠬᠠᠩᠰᠢ ᠶᠢᠨ ᠵᠥᠷᠢᠶ᠎ᠡ ᠶᠢᠨ ᠨᠤᠷᠮ᠎ᠠ ᠶᠢ  ᠬᠢᠵᠠᠭᠠᠷᠯᠠᠵᠤ᠂ ᠴᠢᠬᠤᠯᠠ ᠲᠠᠢ ᠦᠶ᠎ᠡ  ᠲᠤ ᠥᠪᠡᠷᠲᠡᠭᠡᠨ ᠵᠠᠰᠠᠬᠤ ᠣᠷᠣᠨ ᠤ ᠵᠠᠰᠠᠭ  ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ᠂ ᠪᠣᠷᠣᠯᠠᠭᠤᠯᠤᠯᠲᠠ ᠶᠢᠨ ᠬᠠᠮᠤᠭ  ᠤᠨ ᠥᠨᠳᠥᠷ ᠬᠢᠵᠠᠭᠠᠷᠲᠤ ᠦᠨ᠎ᠡ ᠶᠢ ᠬᠡᠷᠡᠭᠵᠢᠭᠦᠯᠵᠦ᠂  ᠡᠳ᠋ᠰᠢᠭᠦᠯᠬᠦ ᠪᠤᠶᠤ ᠡᠵᠡᠩᠨᠡᠬᠦ ᠭᠤᠭᠴᠤᠭ᠎ᠠ  ᠳᠤ ᠭᠠᠷᠤᠭᠰᠠᠨ ᠠᠯᠳᠠᠭᠳᠠᠯ  ᠳᠤ ᠬᠤᠳᠠ ᠶᠢᠨ ᠵᠠᠰᠠᠭ  ᠤᠨ ᠣᠷᠳᠣᠨ ᠠᠴᠠ  ᠡᠳ᠋ ᠤᠨ ᠵᠠᠰᠠᠭ  ᠤᠨ ᠨᠥᠬᠦᠪᠥᠷᠢ ᠣᠯᠭᠤᠨ᠎ᠠ᠃     ︵ᠶᠢᠰᠦ︶  ᠬᠡᠷᠡᠭ ᠶᠠᠪᠣᠳᠠᠯ  ᠤᠨ ᠬᠥᠭᠵᠢᠯᠲᠡ ᠪᠠ ᠠᠮᠤ ᠪᠤᠳᠠᠭᠠᠨ ᠤ ᠢᠷᠡᠯᠲᠡ ᠶᠢᠨ ᠪᠠᠶᠢᠳᠠᠯ ᠢ ᠦᠨᠳᠦᠰᠦᠯᠡᠨ᠂ ᠣᠨᠴᠠ ᠲᠣᠭᠲᠠᠭᠠᠭᠰᠠᠨ ᠬᠥᠮᠦᠰ ᠤᠨ ᠬᠠᠩᠭᠠᠯᠭ᠎ᠠ ᠶᠢᠨ ᠪᠠᠷᠢᠮᠵᠢᠶ᠎ᠠ᠂ ᠬᠡᠪᠴᠢᠶ᠎ᠡ ᠪᠠ ᠦᠨ᠎ᠡ ᠬᠠᠩᠰᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠠᠭᠤᠭᠠᠯᠢ ᠠᠷᠠᠳ ᠲᠤ ᠭᠡᠷᠡᠴᠢ ᠲᠡᠮᠳᠡᠭ ᠢᠶᠠᠷ ᠲᠣᠭᠲᠠᠭᠰᠠᠨ ᠬᠡᠮᠵᠢᠶ᠎ᠡ ᠲᠠᠢ ᠬᠠᠩᠭᠠᠬᠤ ᠶᠢ ᠬᠡᠷᠡᠭᠵᠢᠭᠦᠯᠦᠨ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ᠂ ᠠᠰᠠᠷᠠᠮᠵᠢ ᠶᠢᠨ ᠬᠦᠷᠢᠶᠡᠯᠡᠩ᠂ ᠡᠮᠨᠡᠯᠭᠡ ᠶᠢᠨ ᠬᠤᠷᠢᠶ᠎ᠠ ᠶᠢᠨ ᠬᠤᠭᠤᠯᠠᠨ ᠬᠡᠷ ᠤᠨ  ᠠᠮᠤ  ᠪᠣᠳᠠᠭ᠎ᠠ ᠬᠡᠷᠡᠭᠯᠡᠬᠦ ᠬᠡᠮᠵᠢᠶ᠎ᠡ ᠳᠤ ᠬᠠᠷᠠᠭᠠᠯᠵᠠᠯ ᠦᠵᠡᠭᠦᠯᠵᠦ᠂ ᠴᠡᠷᠢᠭ ᠤᠨ ᠠᠮᠤ ᠪᠤᠳᠠᠭ᠎ᠠ ᠶᠢᠨ ᠴᠢᠨᠠᠷ ᠴᠢᠨᠰᠠᠭ᠎ᠠ ᠲᠤᠭ᠎ᠠ ᠬᠡᠮᠵᠢᠶ᠎ᠡ  ᠶᠢ ᠪᠠᠲᠣᠯᠠᠨ  ᠴᠠᠭ ᠲᠤᠬᠠᠶ ᠳᠤᠨᠢ ᠬᠠᠩᠭᠠᠬᠤ ᠶᠢ ᠪᠠᠲᠤᠯᠠᠬᠤ ᠬᠡᠷᠡᠭᠲᠡᠶ᠃     ︵ᠠᠷᠪᠠ︶  ᠪᠣᠯᠪᠠᠰᠣᠷᠠᠭᠰᠠᠨ‌ᠠᠮᠤ ᠪᠤᠳᠠᠭ᠎ᠠ ᠲᠤᠰᠤ ᠪᠣᠯᠪᠠᠰᠤᠷᠠᠭᠤᠯᠬᠤ᠂ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ  ᠳᠤ ᠬᠠᠮᠤᠭ   ᠤᠨ ᠥᠨᠳᠥᠷ ᠬᠥᠮᠥᠷᠭᠡ ᠶᠢᠨ ᠬᠠᠳᠠᠭᠠᠯᠠᠮᠵᠢ ᠶᠢᠨ ᠬᠡᠮᠵᠢᠶ᠎ᠡ ᠶᠢᠨ ᠲᠣᠭᠲᠠᠭᠠᠯ   ᠢ ᠬᠡᠷᠡᠭᠵᠢᠭᠦᠯᠵᠦ᠂ ᠲᠤᠬᠠᠶ ᠶᠢᠨ ᠭᠠᠵᠠᠷ   ᠤᠨ ᠪᠣᠯᠪᠠᠰᠤᠷᠠᠭᠤᠯᠤᠭᠰᠠᠨ ᠠᠮᠤ ᠪᠤᠳᠠᠭ᠎ᠠ ᠲᠤᠰᠤ ᠭᠠᠳᠠᠭᠰᠢ ᠪᠣᠷᠣᠯᠠᠭᠤᠯᠬᠤ ᠶᠢ ᠵᠣᠭᠰᠣᠭᠠᠵᠤ᠂ ᠴᠢᠬᠤᠯᠠ ᠲᠠᠢ ᠦᠶ᠎ᠡ ᠳᠤ ᠵᠠᠬ᠎ᠠ ᠳᠡᠯᠭᠡᠭᠦᠷ   ᠤᠨ ᠲᠥᠷ ᠴᠠᠭ ᠤᠨ ᠵᠠᠬᠢᠷᠤᠨ ᠬᠠᠮᠢᠶᠠᠷᠬᠤ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ  ᠤᠨ ᠪᠤᠢ ᠪᠥᠬᠦᠢ ᠠᠮᠤ ᠪᠤᠳᠠᠭ᠎ᠠ ᠠᠷᠠᠯᠵᠢᠶᠠᠯᠠᠬᠤ ᠶᠢ ᠵᠣᠭᠰᠣᠭᠠᠵᠤ᠂ ᠬᠤᠳᠠ ᠶᠢᠨ ᠵᠠᠰᠠᠭ   ᠤᠨ ᠣᠷᠳᠣᠨ ᠠᠴᠠ ᠨᠡᠶᠢᠭᠡᠮ   ᠤᠨ ᠤᠳᠤ  ᠳᠤ ᠪᠠᠶᠢᠭ᠎ᠠ ᠠᠮᠤ ᠪᠤᠳᠠᠭ᠎ᠠ  ᠲᠣᠰᠣᠨ ᠤ ᠡᠬᠢ ᠪᠠᠶᠠᠯᠢᠭ   ᠢ ᠠᠯᠪᠠᠳᠠᠯᠭ᠎ᠠ ᠪᠠᠷ ᠲᠠᠲᠠᠪᠤᠷᠢᠯᠠᠨ ᠬᠤᠳᠠᠯᠳᠤᠨ ᠠᠪᠬᠤ ᠪᠤᠶᠤ ᠲᠠᠲᠠᠪᠤᠷᠢᠯᠠᠨ ᠬᠡᠷᠡᠭᠯᠡᠵᠦ᠂ ᠨᠢᠭᠡᠳᠦᠯᠲᠡᠶ ᠬᠤᠪᠢᠶᠠᠷᠢᠯᠠᠨ ᠬᠠᠩᠭᠠᠨ᠎ᠠ᠃     ︵ᠠᠷᠪᠠᠨ ᠨᠢᠭᠡ︶ ᠪᠠᠴᠢᠮ ᠪᠠᠶᠢᠳᠠᠯ  ᠢ ᠰᠡᠷᠡᠮᠵᠢᠯᠡᠭᠦᠯᠬᠦ  ᠪᠠᠶᠢᠳᠠᠯ ᠭᠠᠷᠬᠤ ᠦᠶᠡᠰ      1. ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ  ᠠᠯᠪᠠᠨ ᠬᠡᠷ ᠨᠢ ᠵᠠᠬ᠎ᠠ ᠳᠡᠯᠭᠡᠭᠦᠷ ᠤᠨ  ᠪᠠᠶᠢᠳᠠᠯ ᠢ ᠨᠢᠭᠲᠠ ᠠᠩᠬᠠᠷᠴᠤ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠬᠢᠨᠠᠨ ᠬᠡᠮᠵᠢᠭᠰᠡᠨ ᠮᠡᠳᠡᠭᠡ ᠵᠠᠩᠭᠢ ᠪᠣᠯᠤᠨ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      2. ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶ ᠨᠢ ᠳᠠᠷᠦ᠋ᠢᠬᠠᠨ ᠵᠠᠬ᠎ᠠ ᠳᠡᠯᠭᠡᠭᠦᠷ ᠢᠶᠠᠷ ᠳᠠᠮᠵᠢᠭᠤᠯᠤᠨ᠂ ᠢᠯᠠᠩᠭᠤᠶ᠎ᠠ ᠠᠮᠤ ᠪᠤᠳᠠᠭ᠎ᠠ ᠶᠢ ᠪᠥᠭᠡᠮ ᠢᠶᠠᠷ ᠬᠤᠳᠠᠯᠳᠤᠬᠤ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠬᠥᠲᠥᠯᠦᠨ ᠵᠢᠯᠣᠭᠤᠳᠴᠤ ᠪᠠᠶᠢᠭᠠᠳ ᠲᠣᠬᠢᠷᠠᠭᠤᠯᠤᠯᠲᠠ ᠬᠢᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ  ᠴᠢᠭ ᠤᠨ ᠪᠣᠷᠣᠯᠠᠭᠤᠯᠭ᠎ᠠ ᠶᠢᠨ ᠪᠡᠯᠡᠳᠬᠡᠯ ᠠᠵᠢᠯ ᠢ ᠳᠠᠷᠦ᠋ᠢᠬᠠᠨ ᠰᠠᠶᠢᠲᠤᠷ ᠬᠢᠬᠦ ᠬᠡᠷᠡᠭᠲᠡᠶ᠃     3 . ᠬᠤᠳᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠵᠠᠷᠯᠢᠭ ᠪᠠᠭᠤᠯᠭᠠᠵᠤ᠂ ᠠᠮᠤ ᠪᠤᠳᠠᠭᠠᠨ ᠤ ᠭᠠᠳᠠᠭᠰᠢ ᠭᠠᠷᠬᠤ ᠶᠢ ᠳᠠᠷᠤᠶ ᠲᠦᠷᠭᠡᠨ ᠬᠢᠵᠠᠭᠠᠷᠯᠠᠬᠤ ᠬᠡᠷᠡᠭᠲᠡᠶ᠃    ︵ᠠᠷᠪᠠᠨ ᠬᠤᠶᠠᠷ︶ ᠪᠠᠴᠢᠮ ᠰᠡᠷᠡᠮᠵᠢᠯᠡᠭᠦᠯᠬᠦ ᠪᠠᠶᠢᠳᠠᠯ ᠭᠠᠷᠬᠤ ᠦᠶᠡᠰ     1. ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠠᠴᠠ ᠪᠠᠴᠢᠮ ᠪᠠᠶᠢᠳᠠᠯ ᠢ ᠠᠷᠭᠠᠴᠠᠬᠤ ᠡᠳ᠋ᠰᠢᠭᠦᠯᠦᠨ ᠬᠠᠩᠭᠠᠬᠤ ᠰᠢᠰᠲ᠋ᠧᠮ ᠢ ᠳᠠᠷᠦ᠋ᠢᠬᠠᠨ ᠡᠬᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠬᠤ ᠦᠢᠯᠡᠳᠪᠦᠷᠢ ᠶᠢ ᠵᠣᠬᠢᠶᠠᠨ ᠪᠠᠶᠢᠭᠤᠯᠤᠨ ᠠᠮᠤ ᠪᠤᠳᠠᠭ᠎ᠠ ᠳᠤᠰᠤᠨ ᠤ ᠪᠣᠯᠪᠠᠰᠤᠷᠠᠭᠤᠯᠤᠯᠲᠠ ᠬᠢᠯᠭᠡᠵᠦ᠂ ᠦᠢᠯᠡᠳᠬᠦᠨ ᠢ  ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠵᠢᠯᠣᠭᠤᠳᠬᠤ ᠭᠠᠵᠠᠷ ᠠᠴᠠ ᠨᠢᠭᠡᠳᠦᠯᠲᠡᠶ ᠲᠣᠬᠢᠷᠠᠭᠤᠯᠤᠨ᠎ᠠ᠃ ︽ ᠤᠷᠢᠳᠠᠪᠠᠷ ᠡᠮᠦᠨ᠎ᠡ ᠲᠠᠯ᠎ᠠ  ᠳᠠᠷᠠᠭᠠᠯᠠᠭᠠᠳ ᠬᠤᠶᠢᠨ᠎ᠠ ᠲᠠᠯ᠎ᠠ᠂ ᠣᠷᠢᠳᠠᠪᠠᠷ ᠴᠡᠷᠢᠭ  ᠠᠩᠭᠢ ᠳᠠᠬᠢᠭᠠᠳ ᠭᠠᠵᠠᠷ ᠣᠷᠣᠨ  》  ᠭᠡᠬᠦ ᠵᠠᠷᠴᠢᠮ ᠢᠶᠠᠷ ᠲᠣᠬᠠᠢ ᠶᠢᠨ ᠭᠠᠵᠠᠷ  ᠤᠨ ᠴᠡᠷᠢᠭ ᠠᠩᠭᠢ ᠶᠢᠨ ᠠᠮᠤ ᠲᠣᠰᠣᠨ ᠤ ᠬᠠᠩᠭᠠᠯᠭ᠎ᠠ ᠶᠢ ᠪᠠᠲᠣᠯᠠᠨ᠎ᠠ  ᠃     2. ᠠᠮᠤ ᠪᠤᠳᠠᠭᠠᠨ ᠤ  ᠬᠠᠩᠭᠠᠯᠭ᠎ᠠ ᠬᠦᠷᠦᠯᠴᠡᠬᠦ ᠥᠬᠡᠶ ᠭᠡᠵᠦ ᠵᠢᠱᠢᠪᠡᠯ᠂ ᠬᠤᠲᠠ ᠶᠢᠨ ᠵᠠᠰᠠᠭ ᠤᠨ ᠣᠷᠳᠣᠨ ᠠᠴᠠ ᠳᠠᠷᠦ᠋ᠢᠬᠠᠨ ᠵᠢᠭᠠᠪᠤᠷᠢ ᠠᠪᠴᠤ ᠬᠥᠯᠥᠨ ᠪᠤᠶᠢᠷ ᠬᠤᠲᠠ᠂ ᠥᠪᠡᠷᠲᠡᠭᠡᠨ ᠵᠠᠰᠠᠬᠤ ᠣᠷᠣᠨ ᠤ ᠨᠥᠭᠡᠴᠡ ᠠᠮᠤ ᠪᠤᠳᠠᠭ᠎ᠠ ᠶᠢ ᠬᠥᠳᠡᠯᠭᠡᠨ ᠬᠡᠷᠡᠭᠯᠡᠨ᠎ᠡ᠃    3. ᠬᠤᠳᠠᠯᠳᠤᠨ ᠠᠪᠬᠤ ᠶᠢ ᠳᠠᠷᠦ᠋ᠢᠬᠠᠨ ᠵᠣᠬᠢᠶᠠᠨ ᠪᠠᠶᠢᠭᠤᠯᠵᠤ᠂ ᠠᠮᠤ ᠪᠤᠳᠠᠭ᠎ᠠ ᠢᠳᠡᠰᠢᠨ ᠲᠤᠰᠤ ᠶᠢ ᠰᠢᠯᠵᠢᠭᠦᠯᠦᠨ ᠲᠣᠬᠢᠷᠠᠭᠤᠯᠬᠤ ᠠᠵᠢᠯ  ᠢ ᠰᠠᠶᠢᠲᠤᠷ ᠬᠢᠬᠦ ᠬᠡᠷᠡᠭᠲᠡᠶ᠃ ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ᠂ ᠲᠤᠮᠤ ᠬᠡᠯᠪᠡᠷᠢ ᠶᠢᠨ ᠬᠤᠳᠠᠯᠳᠤᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ  ᠭᠠᠳᠠᠨ᠎ᠠ ᠣᠷᠣᠨ ᠠᠴᠠ ᠠᠮᠤ ᠪᠤᠳᠠᠭ᠎ᠠ ᠬᠤᠳᠠᠯᠳᠤᠨ ᠠᠪᠴᠤ᠂ ᠪᠠᠷᠠᠭ᠎ᠠ ᠣᠷᠣᠭᠤᠯᠬᠤ ᠬᠡᠮᠵᠢᠶ᠎ᠡ ᠶᠢ ᠨᠢ ᠨᠡᠮᠡᠭᠳᠡᠭᠦᠯᠬᠦ ᠶᠢᠨ ᠬᠠᠮᠲᠤ ᠠᠮᠤ ᠪᠤᠳᠠᠭ᠎ᠠ ᠲᠤᠰᠤ ᠶᠢ ᠰᠢᠯᠵᠢᠭᠦᠯᠦᠨ ᠲᠣᠬᠢᠷᠠᠭᠤᠯᠬᠤ ᠲᠥᠯᠥᠪᠯᠡᠭᠡ ᠶᠢ ᠬᠢᠨᠠᠮᠠᠭᠠᠶ ᠰᠠᠶᠢᠨ ᠬᠢᠨ᠎ᠡ᠃ ᠴᠢᠬᠤᠯᠠ ᠲᠠᠢ ᠦᠶ᠎ᠡ ᠳᠤ᠂ ᠬᠤᠲᠠ ᠶᠢᠨ ᠵᠠᠰᠠᠭ ᠤᠨ ᠣᠷᠳᠣᠨ ᠢᠶᠠᠷ ᠳᠠᠮᠵᠢᠭᠤᠯᠤᠨ ᠪᠠᠴᠢᠮ ᠪᠠᠶᠢᠳᠠᠯ ᠢ ᠠᠷᠭᠠᠴᠠᠬᠤ ᠠᠮᠤ ᠪᠤᠳᠠᠭᠠᠨ ᠤ ᠢᠷᠡᠯᠲᠡ ᠶᠢ ᠵᠣᠬᠢᠴᠠᠭᠤᠯᠬᠤ ᠪᠤᠶᠤ ᠬᠤᠯᠪᠣᠭᠳᠠᠯ ᠪᠦᠬᠦᠢ ᠭᠠᠵᠠᠷ ᠣᠷᠣᠨ ᠠᠴᠠ ᠲᠤᠰᠠᠯᠠᠮᠵᠢ ᠭᠤᠶᠤᠨ᠎ᠠ᠃    ︵ᠠᠷᠪᠠᠨ ᠭᠤᠷᠪᠠ︶ ᠣᠨᠴᠠ ᠪᠠᠴᠢᠮ ᠰᠡᠷᠡᠮᠵᠢᠯᠡᠭᠦᠯᠬᠦ ᠪᠠᠶᠢᠳᠠᠯ ᠭᠠᠷᠬᠤ ᠦᠶᠡᠰ     1. ᠦᠨ᠎ᠡ ᠬᠠᠩᠰᠢ ᠶᠢᠨ ᠲᠠᠯ᠎ᠠ ᠪᠠᠷ ᠭᠠᠷ ᠲᠦᠷᠦᠭᠦ ᠶᠢ ᠬᠡᠷᠡᠭᠵᠢᠭᠦᠯᠦᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠤᠲᠠ ᠶᠢᠨ ᠠᠮᠤ ᠲᠣᠰᠣᠨ ᠤ ᠵᠠᠬ᠎ᠠ ᠳᠡᠯᠭᠡᠭᠦᠷ ᠤᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠵᠢᠯᠣᠭᠤᠳᠬᠤ ᠭᠠᠵᠠᠷ ᠤᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠠᠴᠠ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ ᠬᠡᠷᠡᠭᠵᠢᠭᠦᠯᠦᠨ᠎ᠡ᠃    2. ᠬᠡᠮᠵᠢᠶ᠎ᠡ ᠲᠠᠢ ᠪᠠᠷ ᠬᠠᠩᠭᠠᠬᠤ ᠶᠢ ᠬᠡᠷᠡᠭᠵᠢᠭᠦᠯᠦᠨ᠎ᠡ᠃ ᠰᠠᠭᠤᠭᠠᠯᠢ ᠠᠷᠠᠳ ᠤᠨ ᠬᠡᠮᠵᠢᠶ᠎ᠡ ᠲᠠᠢ ᠪᠠᠷ ᠬᠠᠩᠭᠠᠬᠤ ᠪᠠᠷᠢᠮᠵᠢᠶ᠎ᠠ ᠪᠠ ᠬᠡᠪᠴᠢᠶ᠎ᠡ ᠶᠢ ᠲᠣᠭᠲᠠᠭᠠᠵᠤ᠂ ᠴᠢᠬᠤᠯᠠ ᠲᠠᠢ ᠦᠶ᠎ᠡ ᠳᠤ ᠬᠡᠮᠵᠢᠶ᠎ᠡ ᠲᠠᠢ ᠪᠠᠷ ᠬᠠᠩᠭᠠᠬᠤ ᠶᠢ ᠲᠦᠷ ᠬᠡᠷᠡᠭᠵᠢᠭᠦᠯᠬᠦ ᠬᠡᠷᠡᠭᠲᠡᠶ᠃  ᠣᠯᠠᠨ ᠨᠡᠶᠢᠲᠡ ᠶᠢᠨ ᠬᠤᠭᠤᠯᠠᠨ ᠤ ᠨᠢᠭᠡᠴᠡ ᠨᠦᠭᠦᠳ ᠠᠵᠢᠯᠳᠠᠨ  ᠲᠤ ᠭᠦᠢᠴᠡᠳ ᠪᠥᠭᠡᠳ ᠬᠡᠮᠵᠢᠶ᠎ᠡ ᠲᠠᠢ ᠪᠠᠷ ᠬᠠᠩᠭᠠᠬᠤ ᠶᠢ ᠬᠡᠷᠡᠭᠵᠢᠭᠦᠯᠵᠦ᠂ ᠴᠡᠷᠢᠭ ᠤᠨ ᠠᠮᠤ ᠬᠦᠨᠡᠰᠦᠨ ᠤ ᠬᠠᠩᠭᠠᠯᠭ᠎ᠠ ᠶᠢᠨ ᠠᠷᠭ᠎ᠠ ᠵᠠᠮ ᠢ ᠬᠤᠪᠢᠷᠠᠭᠤᠯᠬᠤ ᠦᠭᠡᠢ ᠪᠥᠭᠡᠳ ᠭᠦᠢᠴᠡᠳ ᠪᠠᠲᠤᠯᠠᠭ᠎ᠠ ᠲᠠᠢ ᠪᠣᠯᠭᠠᠨ᠎ᠠ᠃   3. ᠵᠠᠬ᠎ᠠ ᠳᠡᠯᠭᠡᠭᠦᠷ ᠤᠨ ᠪᠠᠴᠢᠮ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠴᠢᠬᠤᠯᠠᠲᠠᠶ ᠦᠶ᠎ᠡ ᠳᠤ ᠬᠤᠳᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠵᠠᠷᠯᠢᠭ ᠪᠠᠭᠤᠯᠭᠠᠨ ᠬᠠᠷᠢᠶ᠎ᠠ ᠣᠷᠣᠨ ᠤ ᠳᠣᠲᠣᠷᠠᠬᠢ ᠪᠤᠢ ᠪᠦᠬᠦᠢ ᠭᠠᠳᠠᠭᠰᠢ ᠪᠣᠷᠣᠯᠠᠭᠤᠯᠬᠤ ᠠᠮᠤ ᠪᠤᠳᠠᠭᠠᠨ ᠤ ᠪᠥᠭᠡᠮ ᠢᠶᠠᠷ ᠬᠤᠳᠠᠯᠳᠤᠬᠤ ᠠᠷᠠᠯᠵᠢᠶ᠎ᠠ ᠶᠢ ᠲᠦᠷ ᠵᠣᠭᠰᠣᠭᠠᠬᠤ ᠶᠢᠨ ᠬᠠᠮᠲᠤ ᠬᠤᠳᠠ ᠶᠢᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠠᠴᠠ ᠨᠡᠶᠢᠭᠡᠮ ᠤᠨ ᠤᠳᠤ ᠪᠠᠶᠢᠭ᠎ᠠ ᠠᠮᠤ ᠳᠤᠰᠤᠨ ᠤ ᠡᠬᠢ ᠪᠠᠶᠠᠯᠢᠭ ᠢ ᠨᠢᠭᠡᠳᠦᠯᠲᠡᠶ ᠲᠠᠲᠠᠪᠤᠷᠢᠯᠠᠨ ᠬᠤᠳᠠᠯᠳᠤᠨ ᠠᠪᠴᠤ᠂ ᠨᠢᠭᠡᠳᠦᠯᠲᠡᠶ ᠵᠣᠬᠢᠶᠠᠨ ᠪᠠᠶᠢᠭᠤᠯᠤᠨ ᠪᠣᠷᠣᠯᠠᠭᠤᠯᠤᠨ᠎ᠠ᠃     ︵ᠠᠷᠪᠠᠨ ᠳᠥᠷᠪᠡ︶ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠬᠦ ᠪᠠ ᠳᠠᠭᠤᠰᠬᠠᠬᠤ  ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ  ᠃      ᠳᠥᠷᠪᠡ᠂  ᠡᠷᠬᠡ ᠬᠠᠷᠢᠭᠤᠴᠠᠯᠭ᠎ᠠ ᠪᠠ ᠡᠭᠦᠷᠭᠡ     ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠠᠴᠠ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠵᠤ᠂ ᠠᠮᠤ ᠪᠤᠳᠠᠭᠠᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠲᠠ ᠶᠢᠨ ᠳᠠᠷᠤᠭ᠎ᠠ ᠰᠦᠨ ᠰᠢᠤ ᠹᠸᠢ ᠶᠡᠷᠦᠩᠬᠡᠶ ᠵᠢᠯᠣᠭᠤᠳᠤᠭᠴᠢ ᠶᠢᠨ ᠲᠤᠰᠢᠶᠠᠯ ᠢ  ᠬᠠᠷᠢᠭᠤᠴᠠᠵᠣ᠂  ᠂ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ  ᠬᠠᠮᠢᠭ᠎ᠠ ᠪᠦᠬᠦᠢ ᠡᠷᠬᠢᠯᠡᠭᠴᠢ ᠵᠢᠴᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ  ᠠᠴᠠ ᠳᠡᠳ᠋ ᠶᠡᠷᠦᠩᠬᠡᠶ ᠵᠢᠯᠣᠭᠤᠳᠤᠭᠴᠢ ᠶᠢᠨ ᠲᠤᠰᠢᠶᠠᠯ ᠢ ᠡᠭᠦᠷᠭᠡᠯᠡᠵᠦ᠂ ᠪᠦᠷᠢᠯᠳᠦᠬᠦᠨ ᠨᠢᠭᠡᠴᠡ ᠨᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠡᠳ᠋ ᠤᠨ ᠵᠠᠰᠠᠭ᠂ ᠬᠢᠨᠠᠨ ᠪᠤᠳᠤᠬᠤ᠂ ᠠᠵᠤ  ᠦᠢᠯᠡᠳᠪᠦᠷᠢ ᠮᠡᠳᠡᠭᠡ ᠵᠠᠩᠭᠢ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ᠂ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ᠂ ᠲᠡᠷᠭᠡᠨ ᠥᠷᠲᠡᠭᠡ ᠵᠡᠷᠭᠡ ᠬᠠᠮᠢᠶ᠎ᠠ ᠪᠥᠬᠦᠶ ᠨᠢᠭᠡᠴᠡ ᠪᠠᠷ ᠪᠦᠷᠢᠯᠳᠦᠨ᠎ᠡ᠃ ᠵᠢᠯᠣᠭᠤᠳᠬᠤ ᠭᠠᠵᠠᠷ ᠤᠨ ᠠᠯᠪᠠᠨ ᠬᠡᠷ ᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠲᠣᠬᠢᠷᠠᠭᠤᠯᠪᠠ᠃    ︵ᠨᠢᠭᠡ︶ ᠵᠢᠯᠣᠭᠤᠳᠬᠤ ᠭᠠᠵᠠᠷ  ᠤᠨ ᠭᠤᠣᠯ ᠡᠭᠦᠷᠭᠡ ᠬᠠᠷᠢᠭᠤᠴᠠᠯᠭ᠎ᠠ    1. ᠪᠥᠬᠦ ᠬᠤᠲᠠ ᠶᠢᠨ ᠠᠮᠤ ᠲᠣᠰᠣᠨ ᠤ ᠵᠠᠬ᠎ᠠ ᠳᠡᠯᠭᠡᠭᠦᠷ ᠤᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠵᠤ᠂ ᠵᠢᠯᠣᠭᠤᠳᠬᠤ ᠪᠠ ᠵᠣᠬᠢᠴᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠬᠠᠷᠢᠭᠤᠴᠠᠨ᠎ᠠ᠃   2. ᠠᠮᠤ ᠪᠤᠳᠠᠭ᠎ᠠ ᠲᠣᠰᠣᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠶᠢᠳᠠᠯ ᠢ ᠦᠨᠳᠦᠰᠦᠯᠡᠨ᠂ ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠ ᠳᠠᠭᠤᠰᠬᠠᠬᠤ  ᠶᠢ ᠲᠣᠭᠲᠠᠭᠠᠨ᠎ᠠ᠃   3. ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ  ᠰᠢᠢᠳᠪᠦᠷᠢᠯᠡᠨ᠎ᠡ᠃   4. ᠠᠮᠤ ᠪᠤᠳᠠᠭ᠎ᠠ ᠲᠣᠰᠣᠨ ᠤ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠶᠢᠨ ᠪᠠᠶᠢᠳᠠᠯ ᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃    5. ᠠᠮᠤ ᠪᠤᠳᠠᠭ᠎ᠠ ᠲᠣᠰᠣᠨ ᠤ ᠵᠠᠬ᠎ᠠ ᠳᠡᠯᠭᠡᠭᠦᠷ ᠤᠨ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ᠂  ᠪᠣᠰᠣᠳ ᠬᠤᠲᠠ᠂ ᠬᠤᠰᠢᠭᠤ ᠰᠢᠶᠠᠨ ᠵᠢᠴᠢ ᠲᠤᠬᠠᠶ ᠶᠢᠨ ᠭᠠᠵᠠᠷ ᠲᠤ ᠰᠠᠭᠤᠭ᠎ᠠ ᠴᠡᠷᠢᠭ ᠠᠩᠭᠢ ᠳᠤ ᠲᠤᠰᠠᠯᠠᠮᠵᠢ ᠭᠤᠶᠤᠴᠢᠯᠠᠨ᠎ᠠ᠃   6. ᠡᠯ᠎ᠡ ᠰᠠᠯᠠᠭ᠎ᠠ ᠮᠥᠴᠢᠷ ᠤᠨ ᠠᠮᠤ ᠪᠤᠳᠠᠭ᠎ᠠ ᠲᠣᠰᠣᠨ ᠤ ᠵᠠᠬ᠎ᠠ ᠳᠡᠯᠭᠡᠭᠦᠷ ᠤᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠵᠢᠯ ᠢ ᠰᠢᠮᠳᠠᠭᠤᠯᠤᠨ ᠪᠠᠶᠢᠴᠠᠭᠠᠨ᠎ᠠ᠃    ︵ᠬᠤᠶᠠᠷ︶ ᠵᠢᠯᠣᠭᠤᠳᠬᠤ ᠭᠠᠵᠠᠷ  ᠤᠨ ᠠᠯᠪᠠᠨ ᠭᠡᠷ  ᠤᠨ ᠭᠤᠣᠯ ᠡᠭᠦᠷᠭᠡ ᠬᠠᠷᠢᠭᠤᠴᠠᠯᠭ᠎ᠠ    1. ᠠᠮᠤ ᠲᠣᠰᠣᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠤᠭᠴᠢ ᠳᠤ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢᠨ ᠰᠠᠨᠠᠯ ᠢᠶᠠᠨ ᠴᠠᠭ ᠲᠤᠬᠠᠶ ᠳᠤᠨᠢ ᠳᠤᠷᠠᠳᠬᠤ ᠬᠡᠷᠡᠭᠲᠡᠶ᠃   2. ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠲᠠ ᠶᠢᠨ ᠵᠠᠰᠠᠭ ᠤᠨ ᠣᠷᠳᠣᠨ ᠪᠤᠶᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠵᠢᠯ ᠢ ᠥᠷᠨᠢᠭᠦᠯᠬᠦ ᠳᠤ ᠲᠤᠯᠭᠠᠷᠠᠭᠰᠠᠨ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠨ᠎ᠡ᠃ 3. ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠵᠢᠯᠣᠭᠤᠳᠬᠤ ᠭᠠᠵᠠᠷ ᠤᠨ ᠠᠵᠢᠯ ᠤᠨ ᠵᠢᠭᠠᠪᠤᠷᠢ ᠪᠣᠯᠤᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠬᠤ ᠶᠢᠨ ᠬᠠᠮᠲᠤ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃   4 .ᠬᠡᠷᠡᠭᠵᠢᠭᠦᠯᠬᠦ ᠪᠡᠯᠡᠳᠬᠡᠯ ᠲᠥᠰᠦᠯ ᠳᠠᠬᠢ ᠡᠯ᠎ᠡ ᠵᠦᠢᠯ ᠤᠨ ᠪᠡᠯᠡ ᠮᠥᠩᠭᠦᠨ ᠤ ᠵᠠᠷᠤᠯᠭ᠎ᠠ ᠶᠢᠨ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃   5. ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠬᠤᠭᠤᠴᠠᠭᠠᠨ ᠳᠠᠬᠢ ᠠᠮᠤ ᠲᠣᠰᠣᠨ ᠤ ᠵᠠᠬ᠎ᠠ ᠳᠡᠯᠭᠡᠭᠦᠷ ᠤᠨ ᠠᠵᠢᠯᠯᠠᠭᠠᠨ ᠢ ᠬᠢᠨᠠᠨ ᠬᠡᠮᠵᠢᠭᠰᠡᠨ ᠪᠠᠶᠢᠳᠠᠯ ᠢ ᠴᠤᠭᠯᠠᠭᠤᠯᠬᠤ᠂ ᠡᠮᠬᠢᠯᠡᠬᠦ᠂ ᠶᠡᠷᠦᠩᠬᠡᠶᠢᠯᠡᠨ  ᠰᠢᠢᠳᠪᠦᠷᠢᠯᠡᠬᠦ ᠶᠢ ᠬᠠᠷᠢᠭᠤᠴᠠᠵᠤ᠂ ᠠᠮᠤ ᠲᠣᠰᠣᠨ ᠤ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠠᠵᠢᠯᠯᠠᠭᠠᠨ ᠤ ᠵᠠᠳᠠᠯᠤᠯᠲᠠ ᠶᠢ ᠨᠠᠶᠢᠷᠠᠭᠤᠯᠤᠨ ᠲᠠᠷᠬᠠᠭᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠨ᠎ᠡ᠃   6. ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠡᠷᠡᠭᠵᠢᠭᠦᠯᠦᠭᠰᠡᠨ ᠨᠢᠭᠡᠴᠡ ᠪᠠ ᠬᠤᠪᠢ ᠬᠥᠮᠦᠨ ᠢ ᠱᠠᠩᠨᠠᠵᠤ ᠲᠣᠷᠭᠠᠬᠤ ᠰᠠᠨᠠᠯ ᠢᠶᠠᠨ ᠳᠤᠷᠠᠳᠬᠤ ᠬᠡᠷᠡᠭᠲᠡᠶ᠃   7. ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ  ᠭᠦᠢᠴᠡᠳᠭᠡᠨ᠎ᠡ  ᠃   ᠵ᠊ᠵᠯᠣᠭᠤᠳᠬᠤ ᠭᠠᠵᠠᠷ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠴᠢᠦᠶ ᠽᠣᠸᠧ ᠸᠧᠨ  ᠡᠷᠬᠢᠯᠡᠭᠴᠢ  ᠬᠠᠷᠢᠭᠤᠴᠠᠨ᠎ᠠ᠂ ᠬᠠᠷᠢᠯᠴᠠᠬᠤ ᠤᠲᠠᠰᠤ᠄ 0470 — 3205699᠂ ᠡᠭᠦᠨ ᠳᠤ ᠡᠳ᠋ᠰᠢᠭᠦᠯᠬᠦ ᠲᠡᠭᠡᠭᠡᠪᠦᠷᠢᠯᠡᠬᠦ ᠬᠠᠩᠭᠠᠬᠤ᠂  ᠶᠡᠷᠦᠩᠬᠡᠶᠢᠯᠡᠨ ᠰᠡᠷᠡᠮᠵᠢᠯᠡᠭᠦᠯᠬᠦ᠂ ᠬᠢᠨᠠᠯᠲᠠ ᠲᠠᠯᠪᠢᠵᠤ ᠬᠢᠨᠠᠨ ᠰᠢᠯᠭᠠᠬᠤ᠂ ᠴᠡᠷᠢᠭ ᠤᠨ ᠠᠮᠤ ᠪᠤᠳᠠᠭ᠎ᠠ ᠶᠢ ᠣᠨᠴᠠ ᠬᠠᠩᠭᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠡᠳ᠋ ᠮᠠᠲ᠋ᠧᠷᠢᠶᠠᠯ ᠢ ᠪᠠᠲᠤᠯᠠᠬᠤ ᠵᠡᠷᠭᠡ ᠲᠠᠪᠤᠨ ᠠᠵᠢᠯ ᠤᠨ ᠳᠤᠭᠤᠶᠢᠯᠠᠩ ᠢ ᠪᠠᠶᠢᠭᠤᠯᠪᠠ  ︵ᠭᠤᠷᠪᠠ︶ ᠡᠯ᠎ᠡ ᠠᠵᠢᠯᠯᠠᠬᠤ ᠳᠤᠭᠤᠶᠢᠯᠠᠩ ᠤᠨ ᠳᠤᠭᠤᠶᠢᠯᠠᠩ ᠤᠨ ᠬᠠᠷᠢᠭᠤᠴᠠᠯᠭ᠎ᠠ     1 . ᠡᠳ᠋ᠰᠢᠭᠦᠯᠵᠦ ᠲᠡᠭᠡᠭᠡᠪᠦᠷᠢᠯᠡᠬᠦ ᠬᠠᠩᠭᠠᠯᠭ᠎ᠠ᠄ ᠬᠤᠳᠠ ᠶᠢᠨ ᠱᠠᠲᠤᠨ ᠤ ᠨᠥᠭᠡᠴᠡ ᠠᠮᠤ ᠪᠤᠳᠠᠭ᠎ᠠ ᠶᠢ ᠬᠥᠮᠥᠷᠭᠡ ᠠᠴᠠ ᠭᠠᠷᠭᠠᠬᠤ ᠠᠵᠤ ᠠᠬᠤᠶᠢᠯᠠᠯ ᠪᠠ ᠬᠥᠮᠥᠷᠭᠡ ᠠᠴᠠ ᠭᠠᠷᠭᠠᠬᠤ ᠲᠤᠭ᠎ᠠ ᠬᠡᠮᠵᠢᠶ᠎ᠡ᠂ ᠲᠦᠷᠦᠯ ᠵᠦᠢᠯ ᠤᠨ ᠲᠥᠯᠥᠪᠯᠡᠭᠡ ᠶᠢ ᠲᠤᠭᠤᠷᠪᠢᠨ ᠲᠣᠭᠲᠠᠭᠠᠨ᠎ᠠ᠃  ᠪᠠᠴᠢᠮ ᠪᠠᠶᠢᠳᠠᠯ ᠢ ᠠᠷᠭᠠᠴᠠᠬᠤ ᠠᠮᠤ ᠪᠤᠳᠠᠭ᠎ᠠ ᠪᠣᠯᠪᠠᠰᠤᠷᠠᠭᠤᠯᠬᠤ ᠲᠦᠷᠦᠯ ᠵᠦᠢᠯ᠂ ᠲᠤᠭ᠎ᠠ ᠬᠡᠮᠵᠢᠶ᠎ᠡ᠂ ᠬᠥᠮᠥᠷᠭᠡ ᠶᠢᠨ ᠬᠠᠳᠠᠭᠠᠯᠠᠯᠲᠠ ᠪᠠ ᠠᠮᠤ ᠪᠤᠳᠠᠭᠠᠨ ᠤ ᠲᠡᠭᠡᠭᠡᠪᠦᠷᠢ ᠶᠢᠨ ᠭᠦᠢᠯᠭᠡᠭᠡᠨ ᠤ ᠴᠢᠭᠯᠡᠯ᠂  ᠬᠡᠮᠵᠢᠶ᠎ᠡ᠂ ᠬᠤᠷᠳᠤᠴᠠ ᠶᠢ ᠵᠦᠢ ᠵᠣᠬᠢᠰᠲᠠᠶ ᠪᠠᠷ ᠲᠥᠯᠥᠪᠯᠡᠵᠦ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠡᠭᠦᠷᠭᠡ ᠶᠢ ᠡᠭᠦᠷᠭᠡᠯᠡᠭᠰᠡᠨ ᠪᠣᠯᠪᠠᠰᠤᠷᠠᠭᠤᠯᠬᠤ᠂ ᠪᠣᠷᠣᠯᠠᠭᠤᠯᠬᠤ ᠠᠵᠤ ᠠᠬᠤᠶᠢᠯᠠᠯ ᠢ ᠵᠢᠭᠠᠨ ᠲᠣᠭᠲᠠᠭᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠵᠥᠪᠯᠡᠯᠴᠡᠭᠡᠷ ᠲᠣᠭᠲᠠᠭᠠᠬᠤ ᠬᠡᠷᠡᠭᠲᠡᠶ᠃  ᠠᠮᠤ ᠪᠤᠳᠠᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠤᠨ ᠭᠦᠢᠴᠡᠳ ᠳᠠᠭᠠᠭᠠᠴᠠ ᠲᠠᠢ ᠪᠣᠯᠪᠠᠰᠤᠷᠠᠭᠤᠯᠬᠤ ᠳᠤ ᠬᠢᠨᠠᠯᠲᠠ ᠲᠠᠯᠪᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠷᠡᠭᠴᠡᠭᠡ ᠶᠢ ᠪᠠᠲᠤᠯᠠᠨ᠎ᠠ᠃    2. ᠶᠡᠷᠦᠩᠬᠡᠶᠢᠯᠡᠨ ᠰᠡᠷᠡᠮᠵᠢᠯᠡᠭᠦᠯᠬᠦ᠄ ᠠᠮᠤ ᠪᠤᠳᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠰᠢᠰᠲ᠋ᠧᠮ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠮᠤ ᠪᠤᠳᠠᠭᠠᠨ ᠤ ᠦᠨ᠎ᠡ ᠪᠣᠯᠤᠨ ᠬᠠᠩᠭᠠᠯᠭ᠎ᠠ ᠶᠢᠨ ᠪᠠᠶᠢᠳᠠᠯ ᠢ 24 ᠴᠠᠭ ᠢᠶᠠᠷ ᠬᠢᠨᠠᠨ ᠡᠵᠡᠮᠳᠡᠵᠦ᠂ ᠨᠡᠶᠢᠭᠡᠮ ᠤᠨ ᠠᠮᠤ ᠪᠤᠳᠠᠭ᠎ᠠ ᠡᠳ᠋ᠰᠢᠭᠦᠯᠬᠦ᠂ ᠡᠵᠡᠩᠨᠡᠬᠦ ᠠᠵᠤ ᠠᠬᠤᠶᠢᠯᠠᠯ ︵ᠤᠯᠤᠰ ᠤᠨ ᠥᠮᠴᠢᠯᠡᠯ ᠤᠨ ᠠᠮᠤ ᠪᠤᠳᠠᠭᠠᠨ ᠤ ᠠᠵᠤ ᠠᠬᠤᠶᠢᠯᠠᠯ᠂ ᠪᠣᠯᠪᠠᠰᠤᠷᠠᠭᠤᠯᠤᠭᠰᠠᠨ ᠠᠮᠤ ᠪᠤᠳᠠᠭ᠎ᠠ ᠳᠤᠰᠤ ᠶᠢ ᠪᠥᠭᠡᠮ ᠢᠶᠠᠷ ᠬᠤᠳᠠᠯᠳᠤᠬᠤ ᠠᠮᠤ ᠪᠤᠳᠠᠭᠠᠨ ᠤ ᠳᠡᠯᠭᠡᠭᠦᠷ ᠢ ᠪᠠᠭᠲᠠᠨ᠎ᠠ︶ ᠤᠨ ᠬᠤᠳᠠᠯᠳᠤᠨ ᠣᠷᠣᠭᠤᠯᠬᠤ᠂ ᠪᠣᠷᠣᠯᠠᠭᠤᠯᠬᠤ᠂ ᠬᠥᠮᠥᠷᠭᠡᠯᠡᠨ ᠬᠠᠳᠠᠭᠠᠯᠠᠬᠤ ᠲᠤᠭ᠎ᠠ ᠬᠡᠮᠵᠢᠶ᠎ᠡ ᠪᠠ ᠦᠨ᠎ᠡ ᠬᠠᠩᠰᠢ ᠶᠢᠨ ᠡᠳᠦᠷ ᠲᠤ ᠮᠡᠳᠡᠭᠡᠯᠡᠬᠦ ᠲᠦᠷᠢᠮ ᠢ ᠪᠠᠶᠢᠭᠤᠯᠵᠤ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠷᠢᠯᠴᠠᠵᠤ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠠᠮᠤ ᠪᠤᠳᠠᠭᠠᠨ ᠤ ᠵᠠᠬ᠎ᠠ ᠳᠡᠯᠭᠡᠭᠦᠷ ᠲᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠤᠬᠠᠶ ᠶᠢᠨ ᠭᠠᠵᠠᠷ ᠤᠨ ᠠᠮᠤ ᠪᠤᠳᠠᠭᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠣᠷᠣᠨ ᠤ  ᠳᠣᠲᠣᠨ᠎ᠠ ᠭᠠᠳᠠᠨᠠᠬᠢ ᠠᠮᠤ ᠪᠤᠳᠠᠭᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠪᠠᠴᠢᠮ ᠬᠤᠳᠠᠯᠳᠤᠨ ᠠᠪᠬᠤ ᠪᠠᠷ ᠳᠠᠮᠵᠢᠭᠤᠯᠤᠨ ᠠᠮᠤ  ᠪᠣᠳᠠᠭ᠎ᠠ ᠪᠠ ᠲᠣᠰᠣ ᠶᠢ ᠴᠤᠭᠯᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ  ᠶᠢᠨ ᠬᠡᠮᠵᠢᠶ᠎ᠡ ᠶᠢ ᠪᠠᠲᠤᠯᠠᠨ᠎ᠠ᠃    3. ᠴᠡᠷᠢᠭ ᠤᠨ ᠠᠮᠤ ᠬᠦᠨᠡᠰᠦᠨ ᠤ ᠣᠨᠴᠠ ᠬᠠᠩᠭᠠᠯᠭ᠎ᠠ᠄  ᠴᠡᠷᠢᠭ ᠤᠨ ᠠᠮᠤ ᠪᠤᠳᠠᠭ᠎ᠠ ᠬᠠᠩᠭᠠᠬᠤ ᠦᠷᠳᠡᠭᠡ ᠳᠤ ᠲᠦᠰᠢᠭᠯᠡᠨ᠂ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠤ ᠪᠣᠯᠪᠠᠰᠤᠷᠠᠭᠤᠯᠤᠭᠰᠠᠨ ᠠᠮᠤ ᠲᠤᠰᠤ ᠶᠢ ᠭᠠᠳᠠᠨ᠎ᠠ ᠠᠴᠠ ᠬᠤᠳᠠᠯᠳᠤᠨ ᠠᠪᠬᠤ ᠪᠠ ᠬᠠᠳᠠᠭᠠᠯᠠᠬᠤ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠣᠨᠴᠠ ᠬᠠᠩᠭᠠᠯᠭ᠎ᠠ ᠶᠢᠨ ᠬᠥᠮᠦᠰ ᠪᠠ ᠬᠠᠩᠭᠠᠬᠤ ᠪᠠᠷᠢᠮᠵᠢᠶ᠎ᠠ᠂ ᠬᠡᠪᠴᠢᠶ᠎ᠡ ᠪᠠ ᠦᠨ᠎ᠡ ᠬᠠᠩᠰᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠡᠷᠢᠭ ᠠᠩᠬᠢ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠬᠤᠭᠤᠯᠠᠨ ᠭᠡᠷ᠂ ᠠᠰᠠᠷᠠᠮᠵᠢ ᠶᠢᠨ ᠬᠦᠷᠢᠶᠡᠯᠡᠩ ᠤᠨ ᠬᠤᠭᠤᠯᠠᠨ ᠭᠡᠷ᠂ ᠡᠮᠨᠡᠯᠭᠡ ᠶᠢᠨ ᠬᠤᠷᠢᠶᠠᠨ ᠤ ᠬᠤᠭᠤᠯᠠᠨ ᠭᠡᠷ ᠵᠡᠷᠭᠡ ᠣᠨᠴᠠ ᠲᠣᠭᠲᠠᠭᠠᠭᠰᠠᠨ ᠬᠥᠮᠦᠰ ᠲᠤ ᠬᠠᠨᠳᠤᠯᠭ᠎ᠠ ᠲᠠᠢ ᠪᠠᠷ ᠠᠮᠤ ᠲᠤᠰᠤ ᠶᠢ ᠬᠠᠩᠭᠠᠵᠤ᠂ ᠶᠠᠰᠤ ᠴᠢᠨᠠᠷ᠂ ᠲᠤᠭ᠎ᠠ ᠬᠡᠮᠵᠢᠶ᠎ᠡ ᠶᠢᠨ ᠶᠣᠰᠣᠭᠠᠷ ᠴᠠᠭ ᠲᠤᠬᠠᠶ ᠳᠤᠨᠢ ᠬᠠᠩᠭᠠᠬᠤ ᠶᠢ ᠪᠠᠲᠤᠯᠠᠬᠤ ᠬᠡᠷᠡᠭᠲᠡᠶ᠃   4. ᠬᠢᠨᠠᠯᠲᠠ ᠲᠠᠯᠪᠢᠵᠤ ᠬᠢᠨᠠᠨ ᠰᠢᠯᠭᠠᠬᠤ᠄ ᠡᠯ᠎ᠡ ᠠᠵᠢᠯᠯᠠᠬᠤ ᠳᠤᠭᠤᠶᠢᠯᠠᠩ᠂ ᠲᠣᠭᠲᠠᠭᠰᠠᠨ ᠴᠡᠭ ᠤᠨ ᠠᠮᠤ ᠪᠤᠳᠠᠭ᠎ᠠ ᠬᠠᠳᠠᠭᠠᠯᠠᠬᠤ᠂ ᠡᠳ᠋ᠰᠢᠭᠦᠯᠬᠦ᠂ ᠬᠠᠩᠭᠠᠬᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠶᠢᠨ ᠰᠢᠯᠭᠠᠨ ᠬᠢᠨᠠᠬᠤ ᠠᠷᠭ᠎ᠠ  ᠶᠢ ᠲᠣᠭᠲᠠᠭᠠᠨ ᠵᠣᠬᠢᠶᠠᠨ  ᠪᠠᠶᠢᠭᠤᠯᠵᠣ ᠬᠡᠷᠡᠭᠵᠢᠭᠦᠯᠬᠦ ᠬᠡᠷᠡᠭᠲᠡᠶ᠃   5. ᠠᠷᠤ ᠲᠠᠯ᠎ᠠ ᠶᠢᠨ ᠦᠢᠯᠡᠴᠢᠯᠡᠭᠡᠨ ᠤ ᠡᠳ᠋ ᠮᠠᠲ᠋ᠧᠷᠢᠶᠠᠯ ᠤᠨ ᠪᠠᠲᠤᠯᠠᠭ᠎ᠠ᠄ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡ ᠮᠥᠩᠭᠦ᠂ ᠡᠳ᠋ ᠮᠠᠲ᠋ᠧᠷᠢᠶᠠᠯ ᠵᠡᠷᠭᠡ ᠶᠢᠨ ᠬᠠᠩᠭᠠᠯᠭ᠎ᠠ ᠶᠢ ᠪᠠᠲᠣᠯᠠᠵᠣ᠂ ᠨᠥᠬᠦᠪᠥᠷᠢ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠡᠳ᠋ ᠮᠠᠲ᠋ᠧᠷᠢᠶᠠᠯ ᠣᠯᠭᠤᠬᠤ ᠶᠢ ᠬᠠᠷᠢᠭᠤᠴᠠᠨ ᠵᠣᠬᠢᠴᠠᠭᠤᠯᠤᠨ᠎ᠠ᠃    ︵ᠲᠥᠷᠪᠡ︶ ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ  ᠤᠨ ᠡᠭᠦᠷᠭᠡ ᠬᠠᠷᠢᠭᠤᠴᠠᠯᠭ᠎ᠠ     1. ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ᠰᠠᠯᠠᠭ᠎ᠠ ᠮᠥᠴᠢᠷ ᠲᠤ᠄ ᠠᠮᠤ ᠳᠤᠰᠤᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠥᠳᠡᠯᠦᠩᠭᠦᠶ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠴᠢᠬᠤᠯᠠᠲᠠᠶ ᠦᠶ᠎ᠡ ᠳᠤ ᠬᠤᠲᠠ ᠶᠢᠨ ᠵᠠᠰᠠᠭ ᠤᠨ ᠣᠷᠳᠣᠨ ᠳᠤ ᠠᠮᠤ ᠳᠤᠰᠤᠨ ᠤ ᠪᠣᠷᠣᠯᠠᠭᠤᠯᠭ᠎ᠠ ᠶᠢᠨ ᠦᠨ᠎ᠡ ᠬᠠᠩᠰᠢ ᠶᠢ ᠬᠢᠵᠠᠭᠠᠷᠯᠠᠬᠤ ᠵᠡᠷᠭᠡ ᠦᠨ᠎ᠡ ᠬᠠᠩᠰᠢ ᠶᠢ ᠬᠠᠮᠢᠶᠠᠷᠬᠤ ᠠᠷᠭ᠎ᠠ ᠬᠡᠮᠵᠢᠶ᠎ᠡ ᠶᠢ  ᠬᠡᠷᠡᠭᠵᠢᠭᠦᠯᠬᠦ ᠰᠠᠨᠠᠭᠤᠯᠭ᠎ᠠ ᠶᠢ ᠳᠣᠷᠠᠳᠣᠨ᠎ᠠ᠃ ᠠᠮᠤ ᠲᠣᠰᠣᠨ ᠤ ᠵᠠᠬ᠎ᠠ ᠳᠡᠯᠭᠡᠭᠦᠷ ᠤᠨ ᠡᠳᠦᠷ ᠲᠤᠲᠤᠮ ᠤᠨ ᠬᠢᠨᠠᠨ ᠬᠡᠮᠵᠢᠵᠦ ᠲᠥᠰᠦᠭᠡᠯᠡᠬᠦ ᠶᠢ ᠬᠠᠷᠢᠭᠤᠴᠠᠬᠤ ᠶᠢᠨ ᠬᠠᠮᠲᠤ᠂ ᠪᠥᠬᠦ ᠬᠤᠲᠠ ᠶᠢᠨ ᠠᠮᠤ ᠲᠣᠰᠣᠨ ᠤ ᠵᠠᠬ᠎ᠠ ᠳᠡᠯᠭᠡᠭᠦᠷ ᠤᠨ ᠬᠤᠳᠠᠯᠳᠤᠨ ᠠᠪᠬᠤ᠂ ᠪᠣᠷᠣᠯᠠᠭᠤᠯᠬᠤ᠂ ᠬᠠᠳᠠᠭᠠᠯᠠᠬᠤ᠂ ᠦᠨ᠎ᠡ ᠬᠠᠩᠰᠢ  ᠶᠢᠨ ᠪᠠᠶᠢᠳᠠᠯ  ᠵᠡᠷᠭᠡ  ᠶᠢ ᠦᠨᠳᠦᠰᠦᠯᠡᠨ᠂ ᠶᠡᠷᠦᠩᠬᠡᠶᠢᠯᠡᠨ ᠦᠨᠡᠯᠡᠵᠦ ᠮᠡᠳᠡᠭᠦᠯᠬᠦ ᠲᠦᠷᠢᠮ ᠢ ᠪᠠᠶᠢᠭᠤᠯᠵᠤ᠂ ᠲᠣᠭᠤᠷᠢᠭ᠂ ᠬᠤᠲᠠ ᠶᠢᠨ ᠳᠣᠲᠣᠨ᠎ᠠ ᠭᠠᠳᠠᠨᠠᠬᠢ ᠬᠤᠯᠪᠣᠭᠳᠠᠯ ᠪᠥᠬᠦᠶ ᠠᠮᠤ ᠲᠣᠰᠣᠨ ᠤ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ ᠴᠤᠭᠯᠠᠭᠤᠯᠤᠨ ᠡᠵᠡᠮᠳᠡᠨ᠎ᠡ  ᠂ ᠵᠠᠬ᠎ᠠ ᠳᠡᠯᠭᠡᠭᠦᠷ ᠤᠨ  ᠪᠠᠶᠢᠳᠠᠯ ᠢ ᠵᠠᠳᠠᠯᠤᠨ ᠲᠥᠰᠦᠭᠡᠯᠡᠵᠦ᠂ ᠬᠤᠲᠠ ᠶᠢᠨ ᠵᠠᠰᠠᠭ ᠤᠨ ᠣᠷᠳᠣᠨ ᠪᠣᠯᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ ᠰᠡᠷᠡᠮᠵᠢᠯᠡᠭᠦᠯᠬᠦ ᠰᠠᠨᠠᠯ ᠢᠶᠠᠨ ᠴᠠᠭ ᠲᠤᠬᠠᠶ ᠳᠤᠨᠢ ᠳᠤᠷᠠᠳᠬᠤ ᠶᠢᠨ ᠬᠠᠮᠲᠤ᠂ ᠣᠷᠣᠨ ᠨᠤᠲᠤᠭ ᠤᠨ ᠠᠮᠤ ᠲᠣᠰᠣ ᠨᠥᠭᠡᠴᠡᠯᠡᠬᠦ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠪᠠᠶᠢᠳᠠᠯ ᠳᠣᠤᠷᠠᠬᠢ ᠠᠮᠤ ᠲᠣᠰᠣ ᠬᠤᠳᠠᠯᠳᠤᠨ ᠠᠪᠬᠤ᠂ ᠡᠳ᠋ᠰᠢᠭᠦᠯᠬᠦ᠂ ᠰᠢᠯᠵᠢᠭᠦᠯᠦᠨ ᠲᠡᠭᠡᠭᠡᠪᠦᠷᠢᠯᠡᠬᠦ᠂ ᠪᠣᠷᠣᠯᠠᠭᠤᠯᠬᠤ᠂ ᠲᠠᠷᠬᠠᠭᠠᠬᠤ ᠶᠢ ᠵᠣᠬᠢᠶᠠᠨ ᠪᠠᠶᠢᠭᠤᠯᠤᠨ᠎ᠠ᠃       2. ᠡᠳ᠋ ᠤᠨ ᠵᠠᠰᠠᠭ ᠤᠨ ᠰᠠᠯᠠᠭ᠎ᠠ ᠮᠥᠴᠢᠷ᠄ ᠠᠮᠤ ᠳᠤᠰᠤᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠳᠤ ᠬᠡᠷᠡᠭᠰᠡᠬᠦ ᠬᠠᠮᠢᠶ᠎ᠠ ᠪᠥᠬᠦᠶ ᠪᠠᠯᠠ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠰᠠᠯᠭᠠᠨ ᠥᠭᠴᠦ ᠪᠣᠳᠠᠲᠠᠶᠢᠵᠢᠭᠤᠯᠵᠤ᠂ ᠠᠮᠤ ᠪᠤᠳᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠰᠢᠰᠲ᠋ᠧᠮ ᠢ ᠪᠠᠶᠢᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠴᠡᠭᠡ ᠶᠢ ᠪᠠᠲᠤᠯᠠᠬᠤ ᠬᠡᠷᠡᠭᠲᠡᠶ᠃    3. ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠵᠠᠮ ᠬᠠᠷᠢᠯᠴᠠᠭᠠᠨ  ᠤ ᠰᠠᠯᠠᠭ᠎ᠠ ᠮᠥᠴᠢᠷ᠄ ᠠᠮᠤ ᠲᠣᠰᠣ ᠪᠣᠯᠪᠠᠰᠤᠷᠠᠭᠤᠯᠬᠤ ᠪᠠ ᠰᠢᠯᠵᠢᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠮᠤ ᠲᠣᠰᠣ ᠪᠣᠯᠪᠠᠰᠤᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠠᠮᠤ ᠲᠣᠰᠣᠨ ᠤ ᠲᠡᠭᠡᠭᠡᠪᠦᠷᠢ ᠶᠢᠨ ᠨᠡᠪᠲᠡᠷᠡᠬᠦ ᠦᠨᠡᠮᠯᠡᠯ ᠢ ᠤᠷᠢᠳᠠᠪᠠᠷ ᠣᠯᠭᠤᠬᠤ ᠶᠢ ᠪᠠᠲᠤᠯᠠᠵᠤ᠂ ᠠᠮᠤ ᠲᠣᠰᠣᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ  ᠂ ᠴᠢᠬᠤᠯᠠ ᠲᠠᠢ ᠦᠶ᠎ᠡ ᠳᠤ ᠳᠡᠭᠡᠳᠦ ᠱᠠᠲᠤᠨ ᠤ ᠲᠣᠭᠲᠠᠭᠠᠯ ᠶᠣᠰᠣᠭᠠᠷ ᠠᠮᠤ ᠲᠤᠰᠤ ᠶᠢ ᠭᠠᠳᠠᠭᠰᠢ ᠭᠠᠷᠭᠠᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃    4. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠦᠳᠲᠡᠷ ᠲᠦᠷᠭᠡᠨ ᠪᠠᠶᠢᠴᠠᠭᠠᠨ  ᠰᠢᠢᠳᠪᠦᠷᠢᠯᠡᠨ᠎ᠡ᠃ ᠠᠮᠤ ᠲᠣᠰᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠯᠳᠡᠪ ᠵᠦᠢᠯ ᠤᠨ ᠬᠤᠳᠠᠯ ᠬᠠᠭᠤᠷᠮᠠᠭ ᠵᠦᠢᠯ ᠢ ᠬᠡᠷᠡᠭᠯᠡᠬᠦ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠵᠡᠷᠭᠡ ᠬᠠᠤᠯᠢ ᠪᠤᠰᠤ ᠡᠵᠡᠩᠨᠡᠯᠲᠡ ᠶᠢᠨ ᠠᠵᠢᠯᠯᠠᠭ᠎ᠠ ᠳᠤ ᠴᠣᠬᠢᠯᠲᠠ ᠥᠭᠴᠦ᠂  ᠠᠮᠤ ᠳᠤᠰᠤᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠠᠮᠤ ᠪᠤᠳᠠᠭ᠎ᠠ ᠲᠤᠰᠤᠨ  ᠤ ᠢᠳᠡᠭᠡᠨ   ᠤ ᠠᠶᠤᠯ ᠥᠭᠡᠢ ᠶᠢᠨ ᠬᠠᠮᠢᠶᠠᠷᠤᠯᠲᠠ ᠳᠤ ᠶᠡᠷᠦᠩᠬᠡᠶᠢᠯᠡᠭᠰᠡᠨ ᠬᠢᠨᠠᠯᠲᠠ ᠲᠠᠯᠪᠢᠵᠤ᠂ ᠬᠤᠳᠠᠯ ᠬᠠᠭᠤᠷᠮᠠᠭ ᠴᠢᠨᠠᠷ ᠮᠠᠭᠤ᠂ ᠬᠤᠣᠷ ᠬᠥᠨᠥᠭᠡᠯ ᠲᠠᠢ ᠠᠮᠤ ᠪᠤᠳᠠᠭ᠎ᠠ ᠲᠤᠰᠤᠨ   ᠤ ᠦᠢᠯᠡᠳᠬᠦᠨ ᠦᠢᠯᠡᠳᠪᠦᠷᠢᠯᠡᠬᠦ᠂ ᠪᠣᠷᠣᠯᠠᠭᠤᠯᠬᠤ  ᠵᠡᠷᠭᠡ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ  ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃   5. ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ᠄ ᠨᠡᠶᠢᠭᠡᠮ ᠲᠣᠭᠤᠷᠢᠭ ᠤᠨ ᠪᠠᠶᠢᠳᠠᠯ ᠢ ᠪᠠᠶᠢᠴᠠᠭᠠᠨ ᠣᠶᠢᠯᠠᠭᠠᠬᠤ ᠶᠢ ᠵᠣᠬᠢᠶᠠᠨ ᠪᠠᠶᠢᠭᠤᠯᠵᠤ᠂  ᠬᠠᠪᠰᠣᠷᠣᠨ ᠲᠡᠳᠬᠦᠬᠦ ᠡᠲᠡᠭᠡᠳ ᠢ ᠲᠣᠭᠲᠠᠭᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠲᠡᠳᠬᠦᠮᠵᠢ ᠶᠢᠨ ᠵᠣᠭᠤᠰ ᠪᠣᠯᠤᠨ ᠲᠡᠳᠬᠦᠮᠵᠢ ᠶᠢᠨ ᠠᠮᠤ ᠪᠤᠳᠠᠭ᠎ᠠ ᠶᠢ ᠲᠠᠷᠬᠠᠭᠠᠬᠤ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠶᠢ ᠬᠠᠷᠢᠭᠤᠴᠠᠬᠤ ᠬᠡᠷᠡᠭᠲᠡᠶ᠃   6. ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠲᠤ᠄ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢᠨ ᠬᠤᠭᠤᠯᠠᠨ ᠭᠡᠷ ᠤᠨ ᠣᠨᠴᠠ ᠬᠠᠩᠭᠠᠬᠤ ᠠᠮᠤ ᠪᠤᠳᠠᠭᠠᠨ ᠤ ᠲᠤᠭ᠎ᠠ ᠬᠡᠮᠵᠢᠶ᠎ᠡ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠠᠮᠤ ᠪᠤᠳᠠᠭᠠᠨ ᠤ ᠠᠷᠢᠭᠤᠨ ᠴᠡᠪᠡᠷ ᠢ ᠬᠢᠨᠠᠨ ᠡᠵᠡᠮᠳᠡᠬᠦ ᠶᠢ ᠬᠠᠷᠢᠭᠤᠴᠠᠵᠤ᠂ ᠬᠤᠣᠷ  ᠬᠥᠨᠥᠭᠡᠯ ᠲᠠᠢ ᠠᠮᠤ ᠲᠣᠰᠣᠨ ᠤ ᠪᠦᠲᠦᠭᠡᠭᠳᠡᠬᠦᠨ  ᠵᠠᠬ᠎ᠠ ᠳᠡᠯᠭᠡᠭᠦᠷ ᠲᠤ  ᠣᠷᠣᠬᠤ ᠶᠢ ᠰᠡᠷᠭᠡᠶᠢᠯᠡᠨ᠎ᠡ᠃   7. ᠬᠢᠨᠠᠨ ᠪᠤᠳᠤᠬᠤ ᠰᠠᠯᠠᠭ᠎ᠠ ᠮᠥᠴᠢᠷ᠄ ᠪᠠᠴᠢᠮ ᠪᠠᠶᠢᠳᠠᠯ ᠢ ᠠᠷᠭᠠᠴᠠᠬᠤ ᠳᠤ ᠠᠮᠤ ᠪᠤᠳᠠᠭ᠎ᠠ ᠬᠡᠷᠡᠭᠯᠡᠬᠦ᠂ ᠦᠨ᠎ᠡ ᠬᠠᠩᠰᠢ ᠳᠤ ᠭᠠᠷ ᠲᠦᠷᠦᠭᠦ᠂ ᠪᠠᠴᠢᠮ ᠪᠠᠶᠢᠳᠠᠯ ᠢ ᠠᠷᠭᠠᠴᠠᠬᠤ ᠪᠠᠯᠠ ᠮᠥᠩᠭᠦ ᠶᠢ ᠬᠡᠷᠡᠭᠯᠡᠬᠦ ᠳᠤᠮᠳᠠᠬᠢ ᠬᠤᠯᠪᠣᠭᠳᠠᠯ ᠪᠥᠬᠦᠶ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠨ ᠪᠤᠳᠤᠵᠤ ᠬᠢᠨᠠᠯᠲᠠ ᠲᠠᠯᠪᠢᠬᠤ ᠶᠢ  ᠬᠠᠷᠢᠭᠤᠴᠠᠨ᠎ᠠ᠃   8. ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠄ ᠠᠮᠤ ᠳᠤᠰᠤᠨ ᠤ ᠬᠠᠩᠭᠠᠯᠭ᠎ᠠ ᠶᠢᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠳᠢᠭᠯᠢᠮ ᠢ ᠬᠠᠷᠢᠭᠤᠴᠠᠨ ᠬᠠᠮᠠᠭᠠᠯᠠᠵᠤ᠂ ᠭᠤᠣᠯ ᠪᠣᠯᠬᠤ ᠠᠮᠤ ᠪᠤᠳᠠᠭ᠎ᠠ ᠨᠥᠭᠡᠴᠡᠯᠡᠬᠦ ᠬᠥᠮᠥᠷᠭᠡ᠂ ᠠᠮᠤ ᠳᠤᠰᠤᠨ ᠤ ᠵᠠᠬ᠎ᠠ ᠳᠡᠯᠭᠡᠭᠦᠷ᠂ ᠠᠮᠤ ᠳᠤᠰᠤᠨ ᠤ ᠪᠣᠷᠣᠯᠠᠭᠤᠯᠭ᠎ᠠ ᠶᠢᠨ  ᠴᠡᠭ ᠵᠢᠴᠢ ᠠᠮᠤ ᠳᠤᠰᠤᠨ ᠤ ᠲᠡᠭᠡᠭᠡᠪᠦᠷᠢ ᠶᠢᠨ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠪᠠ ᠡᠵᠡᠮᠳᠡᠯ ᠢ ᠴᠢᠩᠭᠠᠳᠬᠠᠨ᠎ᠠ  ᠂ ᠠᠮᠤ ᠪᠤᠳᠠᠭ᠎ᠠ ᠢᠳᠡᠰᠢᠨ ᠲᠤᠰᠤᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠪᠳᠡᠬᠦ ᠪᠠ ᠠᠮᠤ ᠪᠤᠳᠠᠭ᠎ᠠ ᠢᠳᠡᠰᠢᠨ ᠲᠤᠰᠤ ᠶᠢ ᠲᠦᠷᠬᠢᠯᠳᠦᠨ ᠪᠤᠯᠢᠶᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠵᠦ᠂  ᠴᠢᠩᠭ᠎ᠠ ᠴᠣᠬᠢᠯᠲᠠ ᠥᠭᠭᠦᠨ᠎ᠡ᠃   9. ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠄ ᠣᠷᠣᠨ ᠨᠤᠲᠤᠭ ᠤᠨ ᠨᠥᠭᠡᠴᠡ ᠠᠮᠤ ᠪᠤᠳᠠᠭᠠᠨ ᠤ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠠᠮᠤ ᠪᠤᠳᠠᠭ᠎ᠠ ᠲᠣᠰᠣ ᠵᠢᠴᠢ ᠬᠠᠮᠢᠶ᠎ᠠ ᠪᠥᠬᠦᠶ ᠵᠠᠷᠤᠳᠠᠯ ᠢ ᠬᠤᠳᠠᠯᠳᠤᠨ ᠠᠪᠬᠤ ᠳᠤ ᠬᠡᠷᠡᠭᠰᠡᠬᠦ ᠵᠢᠭᠡᠯᠡᠯᠭᠡ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠶ᠃   10. ᠲᠡᠮᠦᠷ ᠵᠡᠮ ᠤᠨ ᠰᠠᠯᠠᠭ᠎ᠠ ᠮᠥᠴᠢᠷ᠄ ᠲᠡᠭᠡᠭᠡᠪᠦᠷᠢ ᠶᠢᠨ ᠬᠦᠴᠦᠨ ᠢ ᠲᠣᠬᠢᠷᠠᠭᠤᠯᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠠᠮᠤ ᠪᠤᠳᠠᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠳᠤ ᠬᠡᠷᠡᠭᠰᠡᠬᠦ ᠲᠡᠭᠡᠭᠡᠪᠦᠷᠢ ᠶᠢᠨ ᠬᠦᠴᠦᠨ ᠢ ᠪᠠᠲᠤᠯᠠᠨ᠎ᠠ᠃   11. ᠬᠤᠲᠠ ᠶᠢᠨ ᠲᠠᠷᠢᠶᠠᠯᠠᠩ ᠮᠠᠯ ᠠᠵᠤ ᠠᠬᠤᠶ  ᠶᠢᠨ ᠰᠠᠯᠠᠭ᠎ᠠ ᠮᠥᠴᠢᠷ ᠲᠤ᠄ ᠠᠮᠤ ᠪᠤᠳᠠᠭᠠᠨ ᠤ ᠦᠢᠯᠡᠳᠪᠦᠷᠢᠯᠡᠯ ᠢ ᠰᠡᠷᠭᠦᠭᠡᠬᠦ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠡᠪᠴᠢᠶ᠎ᠡ ᠬᠢᠭᠡᠳ ᠡᠭᠦᠯᠳᠡᠷ ᠤᠨ ᠲᠤᠬᠠᠶ ᠰᠠᠨᠠᠭᠤᠯᠭ᠎ᠠ ᠳᠤᠷᠠᠳᠴᠤ᠂ ᠦᠷ᠎ᠡ ᠶᠢᠨ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃    ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ  ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰ ᠲᠤᠰ ᠤᠨ ᠡᠭᠦᠷᠭᠡ ᠴᠢᠳᠠᠪᠤᠷᠢ ᠶᠢᠨ ᠬᠡᠪᠴᠢᠶᠡᠨ ᠳᠣᠲᠣᠷ᠎ᠠ ᠪᠠᠨ ᠠᠵᠢᠯ ᠢᠶᠠᠨ ᠬᠢᠨ᠎ᠡ᠃ ᠬᠤᠲᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠤᠳᠤᠷᠢᠳᠤᠯᠭ᠎ᠠ  ᠳᠣᠣᠷ᠎ᠠ᠂ ᠬᠠᠮᠢᠶ᠎ᠠ ᠪᠦᠬᠦᠢ ᠬᠠᠮᠵᠢᠯᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃    ︵ᠲᠠᠪᠤ︶ ᠪᠠᠴᠢᠮ ᠪᠠᠶᠢᠳᠠᠯ  ᠢ ᠠᠷᠭᠠᠴᠠᠬᠤ ᠮᠡᠳᠡᠭᠡᠯᠡᠯ᠃ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠤ᠂ ᠡᠯ᠎ᠡ ᠣᠷᠣᠯᠴᠠᠭᠰᠠᠨ ᠰᠠᠯᠠᠭ᠎ᠠ ᠮᠥᠴᠢᠷ ᠤᠳ ᠴᠢᠮᠡᠭᠡ ᠨᠡᠪᠲᠡᠷᠡᠯᠭᠡ ᠶᠢᠨ ᠠᠷᠭ᠎ᠠ ᠮᠠᠶ᠋ᠢᠭ ᠢᠶᠠᠨ ᠲᠣᠳᠣᠷᠬᠠᠶᠢᠯᠠᠵᠤ᠂ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠠᠬᠢ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠵᠢᠴᠢ ᠪᠤᠰᠤᠳ ᠴᠢᠬᠤᠯᠠ ᠲᠠᠯᠠᠪᠤᠷ ᠤᠨ ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃    ︵ᠵᠢᠷᠭᠤᠭ᠎ᠠ︶ ᠮᠡᠳᠡᠭᠡ ᠵᠠᠩᠭᠢ ᠴᠤᠭᠯᠠᠭᠤᠯᠬᠤ ᠪᠠ ᠮᠡᠳᠡᠭᠦᠯᠦᠨ ᠬᠦᠷᠭᠡᠬᠦ᠃ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠬᠢᠨᠠᠨ ᠬᠠᠷᠭᠤᠭᠤᠯᠵᠤ᠂ ᠪᠠᠶᠢᠳᠠᠯ ᠢ ᠣᠶᠢᠯᠠᠭᠠᠬᠤ ᠶᠢᠨ ᠬᠠᠮᠲᠤ᠂ ᠬᠤᠲᠠ ᠶᠢᠨ ᠵᠠᠰᠠᠭ ᠤᠨ ᠣᠷᠳᠣᠨ ᠵᠢᠴᠢ ᠬᠥᠯᠥᠨ ᠪᠤᠶᠢᠷ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠳᠡᠬᠦ ᠬᠡᠷᠡᠭᠲᠡᠶ᠃ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠤ ᠳᠣᠣᠷᠠᠬᠢ ᠵᠦᠢᠯ  ᠢ ᠪᠠᠭᠲᠠᠭᠠᠬᠤ ᠬᠡᠷᠡᠭᠲᠡᠶ᠄ ᠮᠡᠳᠡᠭᠦᠯᠦᠨ ᠬᠦᠷᠭᠡᠬᠦ ᠮᠡᠳᠡᠭᠡ ᠵᠠᠩᠭᠢ ᠶᠢᠨ ᠨᠢᠭᠡᠴᠢ ᠶᠢᠨ ᠨᠡᠷᠡᠶᠢᠳᠦᠯ᠂ ᠠᠵᠢᠯᠳᠠᠨ ᠤ ᠤᠪᠤᠭ ᠨᠡᠷ᠎ᠡ ᠪᠠ ᠬᠠᠷᠢᠯᠴᠠᠬᠤ ᠤᠲᠠᠰᠤ᠂ ᠬᠡᠷᠡᠭ ᠡᠭᠦᠰᠦᠭᠰᠡᠨ ᠴᠠᠭ᠂ ᠭᠠᠵᠠᠷ᠂ ᠡᠭᠦᠰᠦᠭᠰᠡᠨ ᠰᠢᠯᠲᠠᠭᠠᠨ᠂  ᠨᠥᠯᠥᠭᠡ᠂ ᠠᠪᠤᠭᠰᠠᠨ ᠠᠷᠭ᠎ᠠ ᠬᠡᠮᠵᠢᠶ᠎ᠡ᠂ ᠤᠴᠠᠷᠠᠭᠤᠯᠵᠤ ᠮᠡᠳᠡᠬᠦ ᠬᠤᠣᠷ ᠬᠥᠨᠥᠭᠡᠯ᠂ ᠲᠠᠷᠠᠭᠠᠴᠢ ᠶᠢᠨ ᠠᠯᠬᠤᠮ ᠳᠤ ᠠᠷᠭ᠎ᠠ ᠬᠡᠮᠵᠢᠶ᠎ᠡ ᠠᠪᠬᠤ ᠰᠠᠨᠠᠭᠤᠯᠭ᠎ᠠ ᠵᠡᠷᠭᠡ ᠠᠭᠤᠯᠭ᠎ᠠ ᠨᠤᠭᠤᠳ ᠢ ᠪᠠᠭᠲᠠᠭᠠᠨ᠎ᠠ᠃    ︵ᠲᠤᠯᠤᠭ᠎ᠠ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ  ᠵᠣᠭᠰᠣᠭᠠᠬᠤ᠃ ᠠᠮᠤ ᠪᠤᠳᠠᠭᠠᠨ ᠤ ᠪᠠᠴᠢᠮ ᠪᠠᠶᠢᠳᠠᠯ  ᠢ ᠦᠭᠡᠶᠢᠰᠭᠡᠭᠰᠡᠨ  ᠤ ᠲᠠᠷᠠᠭ᠎ᠠ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠡᠷᠡᠭᠵᠢᠭᠦᠯᠬᠦ ᠶᠢ ᠵᠣᠭᠰᠣᠭᠠᠬᠤ ᠭᠤᠶᠤᠴᠢᠯᠠᠯ ᠢ ᠴᠠᠭ ᠲᠤᠬᠠᠶ ᠳᠤᠨᠢ ᠳᠤᠷᠠᠳᠴᠤ᠂ ᠬᠤᠳᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ ᠬᠤᠳᠠ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ  ᠵᠣᠭᠰᠣᠭᠠᠨ᠎ᠠ᠃   ︵ᠨᠠᠢᠮᠠ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠡᠷᠡᠭᠵᠢᠭᠦᠯᠬᠦ ᠪᠠᠨ ᠵᠣᠭᠰᠣᠭᠰᠠᠨ ᠤ ᠲᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ  ᠬᠠᠮᠢᠶ᠎ᠠ ᠪᠦᠬᠦᠢ ᠵᠠᠷᠤᠳᠠᠯ᠂ ᠬᠦᠦ ᠮᠥᠩᠭᠦ ᠪᠠ ᠪᠡᠯᠡ ᠮᠥᠩᠭᠦ ᠶᠢ ᠴᠠᠭ ᠲᠤᠬᠠᠶ ᠳᠤᠨᠢ ᠪᠤᠳᠤᠬᠤ ᠬᠡᠷᠡᠭᠲᠡᠶ᠂ ᠡᠯ᠎ᠡ ᠵᠦᠢᠯ ᠤᠨ ᠵᠠᠷᠤᠳᠠᠯ ᠤᠨ ᠵᠠᠷᠤᠯᠭ᠎ᠠ ᠶᠢ ᠬᠢᠨᠠᠨ ᠪᠤᠳᠤᠬᠤ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠬᠢᠨᠠᠨ ᠪᠤᠳᠤᠬᠤ ᠬᠡᠷᠡᠭᠲᠡᠶ᠃ ᠡᠭᠦᠨ ᠤ ᠬᠠᠮᠲᠤ ᠨᠥᠬᠦᠪᠥᠷᠢᠯᠡᠬᠦ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ ᠶᠢ ᠲᠣᠭᠲᠠᠭᠰᠠᠨ ᠬᠤᠭᠤᠴᠠᠭᠠᠨ ᠳᠤ ᠴᠠᠭ ᠲᠤᠬᠠᠶ ᠳᠤᠨᠢ ᠰᠡᠷᠭᠦᠭᠡᠬᠦ ᠬᠡᠷᠡᠭᠲᠡᠶ᠃    ᠲᠠᠪᠤ᠂ ᠠᠵᠢᠯ  ᠤᠨ ᠱᠠᠭᠠᠷᠳᠠᠯᠭ᠎ᠠ   ︵ᠨᠢᠭᠡ︶ ᠲᠤᠰ ᠪᠡᠯᠡᠳᠬᠡᠯ ᠲᠥᠰᠦᠯ  ᠢ ᠬᠤᠳᠠ ᠶᠢᠨ ᠨᠠᠮ  ᠤᠨ ᠬᠤᠷᠢᠶ᠎ᠠ᠂ ᠬᠤᠳᠠ ᠶᠢᠨ ᠵᠠᠰᠠᠭ   ᠤᠨ ᠣᠷᠳᠣᠨ ᠪᠣᠯᠤᠨ ᠵᠢᠯᠣᠭᠤᠳᠬᠤ ᠭᠠᠵᠠᠷ  ᠤᠨ ᠨᠢᠭᠡᠳᠦᠯᠲᠡᠶ ᠤᠳᠤᠷᠢᠳᠤᠯᠭ᠎ᠠ  ᠳᠣᠣᠷ᠎ᠠ ᠬᠡᠷᠡᠭᠵᠢᠭᠦᠯᠵᠦ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠡᠷᠬᠡᠪᠰᠢ ᠠᠯᠬᠤᠮ ᠢᠶᠠᠨ ᠨᠢᠭᠡᠳᠬᠡᠵᠦ᠂ ᠠᠵᠢᠯᠯᠠᠭ᠎ᠠ ᠪᠠᠨ ᠵᠣᠬᠢᠴᠠᠭᠤᠯᠤᠨ᠂ ᠪᠠᠴᠢᠮ ᠪᠠᠶᠢᠳᠠᠯ   ᠢ ᠠᠷᠭᠠᠴᠠᠬᠤ ᠠᠵᠢᠯ   ᠤᠨ  ᠬᠡᠷᠡᠭᠴᠡᠭᠡ ᠶᠢ ᠲᠠᠭᠠᠬᠤ ᠬᠡᠷᠡᠭᠲᠡᠶ᠃    ︵ᠬᠤᠶᠠᠷ︶ ᠬᠤᠳᠠ ᠶᠢᠨ ᠵᠠᠰᠠᠭ   ᠤᠨ ᠣᠷᠳᠣᠨ   ᠤ ᠬᠤᠯᠪᠣᠭᠳᠠᠯ ᠪᠥᠬᠦᠢ ᠰᠠᠯᠠᠭ᠎ᠠ ᠮᠥᠴᠢᠷ  ᠲᠤᠰ ᠪᠡᠯᠡᠳᠬᠡᠯ ᠲᠥᠰᠦᠯ  ᠲᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠠᠴᠢᠮ ᠪᠠᠶᠢᠳᠠᠯ   ᠢ ᠠᠷᠭᠠᠴᠠᠬᠤ ᠵᠣᠬᠢᠴᠠᠩᠭᠤᠶ ᠠᠷᠭ᠎ᠠ ᠬᠡᠮᠵᠢᠶ᠎ᠡ ᠶᠢ  ᠲᠣᠭᠲᠠᠭᠠᠵᠤ᠂ ᠪᠠᠴᠢᠮ ᠪᠠᠶᠢᠳᠠᠯ  ᠢ ᠠᠷᠭᠠᠴᠠᠬᠤ ᠵᠢᠯᠣᠭᠤᠳᠬᠤ ᠭᠠᠵᠠᠷ  ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠶ᠃   ︵ᠭᠤᠷᠪᠠ︶ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠠᠶᠢᠳᠠᠯ ᠢᠶᠠᠨ ᠴᠠᠭ ᠲᠤᠬᠠᠶ ᠳᠤᠨᠢ ᠳ᠋ᠦᠩᠨᠡᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠡᠷᠡᠭᠵᠢᠭᠦᠯᠬᠦ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠠᠭ ᠲᠤᠬᠠᠶ ᠳᠤᠨᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃   ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠲᠣᠪᠤᠶᠢᠮ᠎ᠠ ᠢᠯᠡᠷᠡᠯ ᠲᠠᠢ ᠨᠢᠭᠡᠴᠡ ᠪᠠ ᠬᠤᠪᠢ ᠬᠥᠮᠦᠨ ᠢ ᠵᠢᠯᠣᠭᠤᠳᠬᠤ ᠭᠠᠵᠠᠷ ᠠᠴᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠬᠥᠬᠢᠭᠦᠯᠦᠨ ᠱᠠᠩᠨᠠᠨ᠎ᠠ᠃    ︵ᠲᠠᠪᠤ︶ ᠳᠣᠣᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠭᠡ ᠶᠢ ᠬᠢᠭᠰᠡᠨ ᠪᠠᠶᠢᠪᠠᠯ᠂ ᠦᠢᠯᠡ  ᠠᠵᠢᠯᠯᠠᠭ᠎ᠠ  ᠶᠢᠨ ᠬᠢᠨᠢ ᠬᠦᠨᠳᠦ ᠬᠦᠡᠭᠭᠡᠨ ᠢ ᠦᠨᠳᠦᠰᠦᠯᠡᠨ᠂ ᠲᠤᠬᠠᠶ ᠶᠢᠨ ᠬᠥᠮᠦᠨ ᠳᠤ ᠵᠣᠬᠢᠴᠠᠩᠭᠤᠶ ᠵᠠᠰᠠᠭ ᠵᠠᠬᠢᠷᠭᠠᠨ ᠤ  ᠰᠢᠢᠳᠭᠡᠯ ᠥᠭᠴᠦ᠂ ᠬᠤᠯᠪᠣᠭᠳᠠᠯ ᠪᠦᠬᠦᠢ  ᠨᠢᠭᠡᠴᠡ ᠶᠢ ᠵᠠᠷᠯᠠᠨ ᠰᠢᠭᠦᠮᠵᠢᠯᠡᠨ᠎ᠡ  ᠃ ᠤᠯᠤᠰ ᠤᠨ ᠵᠠᠰᠠᠭ ᠵᠠᠬᠢᠷᠭᠠᠨ ᠤ ᠬᠠᠤᠯᠢ  ᠴᠠᠭᠠᠵᠠ ᠬᠠᠤᠯᠢ ᠲᠣᠭᠲᠠᠭᠠᠯ  ᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠶᠣᠰᠣᠭᠠᠷ ᠵᠠᠰᠠᠭ ᠶᠠᠪᠤᠭᠤᠯᠤᠨ ᠰᠢᠢᠳᠭᠡᠨ ᠲᠣᠷᠭᠠᠬᠤ ᠬᠡᠷᠡᠭᠲᠡᠶ︔ ᠶᠠᠯ᠎ᠠ ᠪᠣᠯᠣᠭᠰᠠᠨ ᠪᠠᠶᠢᠪᠠᠯ᠂ ᠬᠠᠤᠯᠢ ᠴᠠᠭᠠᠵᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃   1. ᠲᠣᠰ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠲᠣᠭᠲᠠᠭᠠᠯ ᠪᠠ ᠠᠮᠤ ᠪᠤᠳᠠᠭ᠎ᠠ ᠲᠣᠰᠣᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠬᠤ  ᠲᠦᠰᠦᠯ ᠢ ᠬᠡᠷᠡᠭᠵᠢᠭᠦᠯᠦᠭᠰᠡᠨ ᠥᠬᠡᠶ᠃   2.ᠠᠮᠤ ᠪᠤᠳᠠᠭ᠎ᠠ ᠢᠳᠡᠰᠢᠨ ᠲᠤᠰᠤᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠵᠢᠯᠣᠭᠤᠳᠬᠤ ᠭᠠᠵᠠᠷ ᠤᠨ ᠵᠠᠷᠯᠢᠭ ᠢ ᠵᠥᠷᠢᠴᠡᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠡᠭᠦᠷᠭᠡ ᠶᠢ ᠡᠭᠦᠷᠭᠡᠯᠡᠬᠦ ᠶᠢ ᠲᠡᠪᠴᠢᠭᠰᠡᠨ᠃   3. ᠠᠮᠤ ᠪᠤᠳᠠᠭ᠎ᠠ ᠲᠤᠰᠤᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠵᠠᠷᠤᠳᠠᠯ ᠪᠤᠶᠤ ᠪᠦᠲᠦᠭᠡᠭᠳᠡᠬᠦᠨ ᠤ ᠠᠮᠤ ᠪᠤᠳᠠᠭ᠎ᠠ ᠲᠤᠰᠤ᠂ ᠨᠥᠭᠡᠴᠡ ᠠᠮᠤ ᠪᠤᠳᠠᠭ᠎ᠠ ᠲᠤᠰᠤ ᠶᠢ ᠱᠠᠮᠰᠢᠭᠰᠠᠨ᠂ ᠨᠡᠭᠦᠯᠭᠡᠨ ᠬᠡᠷᠡᠭᠯᠡᠭᠰᠡᠨ᠂ ᠬᠤᠯᠠᠭᠠᠶᠢᠯᠠᠭᠰᠠᠨ᠃  4. ᠠᠮᠤ ᠪᠤᠳᠠᠭᠠᠨ ᠤ ᠬᠠᠩᠭᠠᠯᠭ᠎ᠠ ᠶᠢ ᠪᠠᠴᠢᠮ ᠠᠷᠭᠠᠴᠠᠬᠤ ᠦᠶ᠎ᠡ ᠳᠤ᠂ ᠬᠤᠳᠠᠯ ᠢᠶᠠᠷ ᠦᠨᠡᠨ ᠢ ᠰᠠᠮᠠᠭᠤᠷᠠᠭᠤᠯᠬᠤ᠂ ᠮᠠᠭᠤ ᠪᠠᠷ ᠰᠠᠶᠢᠨ ᠢ ᠣᠷᠣᠯᠠᠭᠤᠯᠬᠤ ᠪᠤᠶᠤ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠵᠤ᠂ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠵᠦ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ᠃   5. ᠵᠢᠭᠠᠨ ᠲᠣᠭᠲᠠᠭᠠᠭᠰᠠᠨ ᠪᠣᠯᠪᠠᠰᠤᠷᠠᠭᠤᠯᠬᠤ ᠠᠵᠤ ᠠᠬᠤᠶᠢᠯᠠᠯ ᠪᠠ ᠪᠣᠷᠣᠯᠠᠭᠤᠯᠬᠤ  ᠴᠡᠭ ᠨᠢ ᠠᠮᠤ ᠪᠤᠳᠠᠭ᠎ᠠ ᠪᠣᠯᠪᠠᠰᠤᠷᠠᠭᠤᠯᠬᠤ ᠪᠠ ᠬᠠᠩᠭᠠᠬᠤ ᠡᠭᠦᠷᠭᠡ ᠶᠢ ᠬᠦᠯᠢᠶᠡᠨ ᠠᠪᠬᠤ ᠦᠭᠡᠢ᠂ ᠵᠢᠭᠠᠨ ᠲᠣᠭᠲᠠᠭᠠᠭᠰᠠᠨ ᠬᠠᠩᠭᠠᠬᠤ ᠠᠷᠭ᠎ᠠ ᠮᠠᠶ᠋ᠢᠭ ᠢ ᠦᠯᠦ ᠵᠢᠷᠤᠮᠯᠠᠬᠤ ᠪᠤᠶᠤ ᠳᠤᠷ᠎ᠠ ᠪᠠᠷ ᠢᠶᠠᠨ ᠦᠨ᠎ᠡ ᠶᠢ ᠥᠰᠬᠡᠭᠰᠡᠨ᠃   6. ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠵᠤ᠂ ᠴᠠᠭ ᠲᠣᠬᠢᠶᠠᠯ ᠢ ᠰᠠᠭᠠᠲᠠᠭᠠᠵᠤ᠂ ᠬᠤᠬᠢᠷᠠᠯ ᠤᠴᠠᠷᠠᠭᠤᠯᠤᠭᠰᠠᠨ᠃   7. ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠬᠤᠭᠤᠴᠠᠭᠠᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠤᠰᠤᠳ ᠡᠯ᠎ᠡ ᠵᠦᠢᠯ ᠤᠨ ᠦᠢᠯᠡ ᠠᠵᠢᠯᠯᠠᠭ᠎ᠠ᠃   ᠵᠢᠷᠭᠤᠭ᠎ᠠ᠂ ᠪᠠᠴᠢᠮ ᠪᠠᠶᠢᠳᠠᠯ  ᠢ ᠠᠷᠭᠠᠴᠠᠬᠤ ᠪᠣᠯᠪᠠᠰᠤᠷᠠᠭᠤᠯᠤᠯ ᠬᠢᠭᠡᠳ ᠰᠣᠷᠢᠯᠲᠠ      ᠠᠮᠤ ᠪᠤᠳᠠᠭᠠᠨ ᠤ ᠠᠮᠤᠷ ᠲᠦᠪᠰᠢᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠥᠰᠦᠯ ᠪᠣᠯᠤᠨ ᠶᠠᠰᠤ ᠴᠢᠨᠠᠷ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠮᠤ ᠪᠤᠳᠠᠭᠠᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠯᠠᠨ ᠠᠶᠢᠯ ᠬᠤᠲᠠ ᠶᠢᠨ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ  ᠪᠠᠲᠣᠯᠠᠨ᠎ᠠ᠃ ᠵᠢᠯ ᠪᠦᠷᠢ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ᠂ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠯᠭ᠎ᠠ ᠶᠢᠨ ᠲᠣᠣᠷ ᠰᠦᠯᠵᠢᠶᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠ ᠶᠠᠰᠤ ᠴᠢᠨᠠᠷ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠣᠯᠪᠠᠰᠤᠷᠠᠯ ᠵᠢᠴᠢ ᠳᠠᠭᠤᠷᠢᠶᠠᠮᠠᠯ  ᠪᠣᠯᠪᠠᠰᠣᠷᠠᠯ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠭᠡᠨᠡᠳᠲᠡ ᠶᠢᠨ ᠬᠡᠷᠡᠭ ᠢ ᠠᠷᠭᠠᠴᠠᠬᠤ ᠪᠠ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠡᠯ᠎ᠡ ᠲᠥᠷᠥᠯ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      ᠲᠤᠯᠤᠭ᠎ᠠ᠂ ᠳᠠᠭᠠᠯᠳᠤᠭᠤᠯᠤᠭᠰᠠᠨ ᠲᠦᠷᠢᠮ      ᠲᠣᠰ ᠪᠡᠯᠡᠳᠬᠡᠯ ᠲᠥᠰᠦᠯ ᠢ ᠵᠠᠯᠠᠨ ᠠᠶᠢᠯ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠵᠤ᠂ ᠲᠣᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号