ᠲᠠᠷᠢᠶᠠᠯᠠᠩ ᠬᠥᠳᠡᠭᠡ ᠲᠣᠰᠬᠤᠨ ᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠠᠬᠢ ᠲᠠᠷᠢᠶᠠᠯᠠᠩ ᠤᠨ ᠠᠶᠤᠯᠭᠦᠶ | ᠦᠢᠯᠡᠳᠪᠦᠷᠢᠯᠡᠯ ᠤᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠵᠤ᠂ ᠸᠠ ᠳ᠋ᠢ ᠰᠢᠶᠠᠩ ᠤᠨ | ᠲᠠᠷᠢᠶᠠᠯᠠᠩ ᠤᠨ ᠠᠶᠤᠯᠭᠦᠶ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠠᠷᠠᠳ ᠤᠯᠠᠨ ᠤ ᠠᠮᠢ | ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ ᠂ 3 ᠰᠠᠷ᠎ᠠ ᠶᠢᠨ 10 | ᠤ ᠡᠳᠦᠷ᠂ ᠵᠠᠯᠠᠨ ᠠᠶᠢᠯ ᠬᠤᠲᠠ ᠶᠢᠨ ᠲᠠᠷᠢᠶᠠᠯᠠᠩ ᠤᠨ ᠬᠠᠤᠯᠢ ᠬᠡᠷᠡᠭᠵᠢᠭᠦᠯᠬᠦ ᠶᠡᠭᠡ ᠠᠩᠭᠢ᠂ ᠰᠢᠶᠠᠩ ᠤᠨ | ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠪᠥᠬᠦ ᠰᠢᠶᠠᠩ ᠤᠨ ᠬᠡᠪᠴᠢᠶᠡᠨ ᠳᠤ | ᠲᠠᠷᠢᠶᠠᠯᠠᠩ ᠤᠨ ᠮᠠᠰᠢᠨ ᠮᠧᠬᠠᠨᠢᠭ᠂ ᠲᠠᠷᠢᠶᠠᠯᠠᠩ ᠤᠨ ᠢᠨᠵᠧᠨᠧᠷᠢᠩ᠂ ᠲᠠᠷᠢᠶᠠᠯᠠᠩ ᠤᠨ ᠮᠠᠰᠢᠨ ᠪᠠᠭᠠᠵᠢ ᠶᠢᠨ ᠶᠠᠰᠤ | ᠴᠢᠨᠠᠷ ᠤᠨ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢ ᠥᠷᠨᠢᠭᠦᠯᠪᠡ᠃ | ᠪᠠᠶᠢᠴᠠᠭᠠᠬᠤ ᠳᠤᠭᠤᠶᠢᠯᠠᠩ ᠤᠨ ᠬᠢᠨ ᠲᠠᠷᠢᠶᠠᠯᠠᠩ ᠤᠨ ᠮᠠᠰᠢᠨ ᠤ ᠬᠤᠷᠰᠢᠶ᠎ᠠ᠂ ᠦᠢᠯᠡᠳᠪᠦᠷᠢᠯᠡᠯ | ᠡᠵᠡᠩᠨᠡᠯᠲᠡ ᠶᠢᠨ ᠳᠡᠯᠭᠡᠭᠦᠷ ᠤᠨ ᠡᠵᠡᠩᠨᠡᠯᠲᠡ ᠶᠢᠨ ᠦᠨᠡᠮᠯᠡᠯ ᠤᠨ ᠳᠠᠩᠰᠠᠯᠠᠯ᠂ ᠲᠥᠬᠦᠭᠡᠷᠦᠮᠵᠢ ᠬᠤᠳᠠᠯᠳᠤᠨ | ᠠᠪᠤᠭᠰᠠᠨ ᠪᠣᠷᠣᠯᠠᠭᠤᠯᠭ᠎ᠠ ᠶᠢᠨ ᠲᠡᠮᠳᠡᠭᠯᠡᠯ᠂ ᠲᠠᠷᠢᠶᠠᠯᠠᠩ ᠤᠨ ᠮᠠᠰᠢᠨ ᠤ ᠶᠠᠰᠤ ᠴᠢᠨᠠᠷ ᠵᠡᠷᠭᠡ ᠪᠠᠶᠢᠳᠠᠯ ᠳᠤ | ᠪᠠᠶᠢᠴᠠᠭᠠᠯᠲᠠ ᠬᠢᠭᠰᠡᠨ ᠪᠥᠭᠡᠳ ᠡᠵᠡᠩᠨᠡᠭᠴᠢᠳ ᠢ ᠲᠠᠷᠢᠶᠠᠯᠠᠩ ᠤᠨ ᠠᠶᠤᠯᠭᠦᠶ ᠦᠢᠯᠡᠳᠪᠦᠷᠢᠯᠡᠯ ᠤᠨ ᠡᠨᠡ ᠬᠦ | ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠶ ᠭᠡᠵᠦ᠂ ᠲᠠᠷᠢᠶᠠᠯᠠᠩ ᠤᠨ ᠠᠶᠤᠯ ᠥᠭᠡᠢ ᠦᠢᠯᠡᠳᠪᠦᠷᠢᠯᠡᠯ ᠤᠨ | ᠬᠦᠨᠳᠦ ᠴᠢᠬᠤᠯᠠ ᠴᠢᠨᠠᠷ ᠪᠣᠯᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠶᠤᠯ ᠥᠭᠡᠢ ᠦᠢᠯᠡᠳᠪᠦᠷᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ ᠠᠮᠣᠷ ᠲᠦᠪᠰᠢᠨ ᠳᠤ ᠪᠠᠭ᠎ᠠ | ᠶᠠᠪᠤᠳᠠᠯ ᠥᠭᠡᠢ︾ ᠭᠡᠳᠡᠭ ᠢ ᠪᠠᠲᠤ ᠴᠡᠭᠡᠵᠢᠯᠡᠵᠦ᠂ ᠠᠶᠤᠯ ᠥᠭᠡᠢ ᠦᠢᠯᠡᠳᠪᠦᠷᠢᠯᠡᠯ ᠤᠨ ᠦᠵᠡᠯ ᠤᠬᠠᠮᠰᠠᠷ ᠢᠶᠠᠨ | ᠳᠡᠭᠡᠭᠰᠢᠯᠡᠭᠦᠯᠬᠦ ᠬᠡᠷᠡᠭᠲᠡᠶ ᠭᠡᠵᠡᠢ᠃ ᠡᠭᠦᠨ ᠤ ᠬᠠᠮᠲᠤ ᠲᠠᠷᠢᠶᠠᠯᠠᠩ ᠤᠨ ᠮᠠᠰᠢᠨ ᠲᠥᠬᠦᠭᠡᠷᠦᠮᠵᠢ ᠶᠢᠨ ᠠᠮᠤᠷ | ᠲᠦᠪᠰᠢᠨ ᠢᠶᠠᠷ ᠠᠵᠢᠯᠯᠠᠬᠤ ᠶᠠᠪᠤᠴᠠ ᠶᠢᠨ ᠵᠢᠯᠣᠭᠤᠳᠬᠤ ᠡᠷᠴᠢᠮ ᠢ ᠴᠢᠩᠭᠠᠷᠠᠭᠤᠯᠵᠤ᠂ ᠲᠠᠷᠢᠶᠠᠴᠢᠨ ᠡᠷᠦᠬᠡ ᠶᠢᠨ | ᠠᠮᠤᠷ ᠲᠦᠪᠰᠢᠨ ᠢᠶᠠᠷ ᠠᠵᠢᠯᠯᠠᠬᠤ ᠬᠢᠷᠢ ᠲᠦᠪᠰᠢᠨ ᠢ ᠨᠡᠮᠡᠭᠳᠡᠭᠦᠯᠵᠦ᠂ ᠲᠠᠷᠢᠶᠠᠯᠠᠩ ᠤᠨ ᠬᠥᠭᠵᠢᠯᠲᠡ ᠳᠠᠬᠢ | ᠲᠠᠷᠢᠶᠠᠯᠠᠩ ᠤᠨ ᠮᠠᠰᠢᠨᠴᠢᠯᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠨ ᠤ ᠤᠯᠠᠮ ᠠᠴᠠ ᠸᠠ ᠳ᠋ᠢ | ᠰᠢᠶᠠᠩ ᠤᠨ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠬᠦ ᠬᠡᠷᠡᠭᠲᠡᠢ | ᠭᠡᠵᠦ ᠱᠠᠭᠠᠷᠳᠠᠵᠠᠢ᠃ |