ᠮᠥᠬᠦᠴᠢ ᠪᠠᠯᠭᠠᠰᠤ᠄ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠳᠠᠬᠢᠨ ᠲᠠᠰ ᠳᠡᠪᠰᠢᠭᠦᠯᠵᠦ᠂ ᠭᠠᠮᠰᠢᠭ ᠢ ︽ᠨᠣᠴᠣᠬᠤ ᠠᠴᠠ ᠡᠮᠦᠨ᠎ᠡ︾ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2021/3/17
    ᠬᠠᠪᠤᠷ ᠤᠨ ᠤᠯᠠᠷᠢᠯ ᠪᠣᠯᠬᠤ ᠳᠤ᠂ ᠠᠭᠠᠷ ᠤᠨ ᠳᠤᠯᠠᠭᠠᠨ ᠳᠡᠭᠡᠭᠰᠢᠯᠡᠵᠦ᠂ ᠭᠠᠯ ᠤᠨ ᠠᠶᠤᠯ ᠢ ᠲᠦᠢᠯ ᠤᠨ ᠠᠮᠠᠷᠬᠠᠨ ᠲᠠᠯᠪᠢᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠬᠦᠴᠢᠷᠳᠡᠯ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠣᠶ ᠰᠢᠭᠤᠶ ᠶᠢᠨ ᠭᠠᠯ ᠰᠡᠷᠭᠡᠶᠢᠯᠡᠬᠦ ᠠᠮᠤᠷ ᠲᠦᠪᠰᠢᠨ ᠤ ᠱᠤᠭᠤᠮ ᠢ ᠰᠠᠶᠢᠲᠤᠷ ᠰᠠᠬᠢᠬᠤ ᠶᠢᠨ ᠲᠥᠯᠥᠭᠡ ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠵᠤ᠂ ᠤᠢᠢᠷ᠎ᠠ ᠶᠢᠨ ᠡᠳᠦᠷ ᠤᠳ ᠲᠤ ᠮᠦᠬᠦᠴᠢ ᠪᠠᠯᠭᠠᠰᠤᠨ ᠤ ᠨᠠᠮ ᠤᠨ  ᠬᠤᠷᠢᠶ᠎ᠠ᠂ ᠵᠠᠰᠠᠭ ᠤᠨ ᠣᠷᠳᠣᠨ ᠪᠣᠯᠤᠨ ᠶᠠᠩ   ᠱᠦ᠋ ᠭᠸᠤ ᠤᠢ ᠰᠢᠭᠤᠢ ᠶᠢᠨ ᠲᠠᠯᠠᠪᠠᠢ ᠳᠤ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢ ᠶᠡᠬᠡᠪᠡᠷ ᠥᠷᠨᠢᠭᠦᠯᠵᠦ᠂ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠬᠦᠷᠢᠶ᠎ᠡ ᠶᠢ ᠥᠷᠭᠡᠳᠬᠡᠵᠦ᠂ ᠣᠳᠣᠬᠢᠴᠢᠯᠠᠭᠰᠠᠨ ᠵᠠᠭᠤᠴᠢᠯᠠᠭᠤᠷ ᠪᠣᠯᠤᠨ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠶᠢ ᠭᠦᠢᠴᠡᠳ ᠠᠰᠢᠭᠯᠠᠵᠤ᠂ ᠬᠠᠪᠤᠷ ᠤᠨ ᠤᠯᠠᠷᠢᠯ ᠤᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠬᠦᠴᠦᠲᠡᠢ ᠠᠬᠢᠭᠤᠯᠵᠤ᠂ ᠠᠮᠤᠷ ᠠᠮᠤᠭᠤᠯᠠᠩ ᠡᠶ᠎ᠡ ᠵᠣᠬᠢᠴᠠᠩᠭᠤᠢ ᠲᠦᠢᠮᠡᠷ ᠢ ᠰᠡᠷᠭᠡᠶᠢᠯᠡᠬᠦ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠪᠠ᠃     ᠤᠬᠠᠭᠤᠯᠭ᠎ᠠ ᠶᠢᠨ ᠤᠷᠢᠶ᠎ᠠ ᠯᠣᠽᠦ᠋ᠩ ᠢ ︽ᠭᠡᠷᠡᠯᠳᠦᠭᠦᠯᠵᠦ︾᠂ ᠭᠠᠯ ᠢ ᠰᠡᠷᠭᠡᠶᠢᠯᠡᠬᠦ ᠤᠬᠠᠭᠤᠯᠭ᠎ᠠ  ᠰᠡᠭᠦᠳᠡᠷ ᠮᠡᠲᠦ ᠲᠠᠭᠠᠪᠠ᠃ ᠣᠶᠢᠷ᠎ᠠ ᠳᠤ ᠮᠥᠭᠦᠴᠢ ᠪᠠᠯᠭᠠᠰᠤᠨ ᠤ ᠵᠡᠭᠡᠯᠢ ᠭᠤᠳᠤᠮᠵᠢ ᠶᠢᠨ ᠢᠯᠡ ᠲᠣᠳᠣ ᠭᠠᠵᠠᠷ ᠲᠤ ᠭᠠᠯ ᠰᠡᠷᠭᠡᠶᠢᠯᠡᠬᠦ ᠤᠯᠠᠭᠠᠨ ᠡᠯᠭᠦᠭᠡ ᠪᠢᠴᠢᠭᠡᠰᠦ᠂ ᠡᠯ᠎ᠡ ᠲᠥᠷᠥᠯ ᠤᠨ ᠭᠠᠯ ᠰᠡᠷᠭᠡᠶᠢᠯᠡᠬᠦ ᠥᠩᠭᠡᠲᠦ ᠲᠤᠭ᠂ ᠱᠤᠭ ᠵᠢᠷᠤᠭ ᠤᠨ ᠲᠣᠮᠣ ᠰᠣᠨᠢᠨ ᠢ ᠣᠯᠵᠤ ᠬᠠᠷᠠᠨ᠎ᠠ᠃ ᠳᠡᠭᠡᠳᠦ ᠬᠤᠷᠳᠤᠴᠠᠲᠤ ᠵᠠᠮ ᠤᠨ ᠠᠭᠤᠯᠵᠠᠷ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ ᠲᠤ ᠬᠥᠮᠦᠨ ᠣᠯᠠᠨ᠂ ᠬᠥᠮᠦᠨ ᠣᠯᠠᠨ ᠭᠠᠵᠠᠷ ᠲᠤ ᠡᠯ᠎ᠡ  ᠵᠦᠢᠯ ᠤᠨ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠬᠦ ᠪᠠᠷ ᠳᠠᠮᠵᠢᠭᠤᠯᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ ᠲᠠᠲᠠᠵᠤ᠂ ᠠᠩᠬᠠᠷᠤᠯ ᠢ ᠶᠡᠬᠡᠳᠡ ᠲᠠᠲᠠᠵᠠᠶ᠃ ᠶᠡᠭᠡ ᠪᠦᠷᠢᠶ᠎ᠡ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ︽ᠠᠮᠤᠷ ᠲᠦᠪᠰᠢᠨ ᠤ ᠳᠠᠭᠤᠨ︾ ᠢ ᠬᠠᠩᠭᠢᠨᠠᠭᠤᠯᠪᠠ᠃ ᠮᠥᠬᠦᠴᠢ ᠪᠠᠯᠭᠠᠰᠤᠨ ᠤ ᠡᠯ᠎ᠡ ᠲᠣᠰᠬᠤᠨ ᠤ ᠬᠢᠨ ᠪᠦᠷᠢᠶ᠎ᠡ ᠶᠢ ᠠᠰᠢᠭᠯᠠᠨ ᠭᠠᠯ ᠰᠡᠷᠭᠡᠶᠢᠯᠡᠬᠦ ᠤᠬᠠᠭᠤᠯᠭ᠎ᠠ ᠶᠢᠨ ᠲᠠᠭᠤᠨ ᠳᠠᠪᠲᠠᠮᠵᠢ ᠶᠢ ᠨᠡᠪᠲᠡᠷᠡᠭᠦᠯᠵᠦ᠂ ᠰᠢᠯᠵᠢᠮᠡᠯ ᠲᠠᠭᠤ ᠴᠢᠮᠡᠭᠡ ᠪᠠᠷ ᠲᠣᠰ ᠲᠣᠰᠬᠤᠨ ᠤ ᠪᠠᠨ ᠠᠶᠤᠯ ᠲᠠᠢ ᠣᠷᠣᠨ ᠪᠦᠰᠡ᠂ ᠭᠤᠤᠯᠳᠠᠯᠭ᠎ᠠ ᠲᠠᠢ ᠵᠠᠮ ᠤᠨ ᠬᠡᠰᠡᠭ ᠲᠤ ᠲᠣᠭᠤᠷᠢᠨ ᠤᠬᠠᠭᠤᠯᠬᠤ ᠪᠠ ᠲᠣᠭᠤᠷᠢᠨ ᠬᠠᠮᠠᠭᠠᠯᠠᠨ᠎ᠠ᠃ ᠡᠭᠦᠨ ᠤ ᠬᠠᠮᠲᠤ ᠮᠥᠬᠦᠴᠢ ᠪᠠᠯᠭᠠᠰᠤᠨ ᠤ ᠵᠠᠰᠠᠭ ᠤᠨ ᠣᠷᠳᠣᠨ ᠪᠣᠯᠤᠨ ᠶᠠᠩ  ᠱᠦ᠋ ᠭᠸᠤ ᠤᠢ ᠰᠢᠭᠤᠢ ᠶᠢᠨ ᠲᠠᠯᠠᠪᠠᠢ ᠠᠴᠠ ᠭᠠᠯ ᠰᠡᠷᠭᠡᠶᠢᠯᠡᠬᠦ ᠤᠬᠠᠭᠤᠯᠭ᠎ᠠ ᠶᠢᠨ ᠲᠡᠷᠭᠡ 4 ᠭᠠᠷᠭᠠᠵᠤ᠂ ᠠᠶᠢᠯ ᠲᠣᠰᠬᠤᠨ ᠭᠤᠳᠤᠮᠵᠢ ᠪᠠᠷ ᠶᠠᠪᠤᠵᠤ᠂ ᠪᠦᠬᠦ ᠡᠳᠦᠷ ᠢᠶᠠᠷ ᠢᠶᠠᠨ ᠭᠠᠯ ᠰᠡᠷᠭᠡᠶᠢᠯᠡᠬᠦ ᠤᠬᠠᠭᠤᠯᠭ᠎ᠠ ᠶᠢ ᠥᠷᠨᠢᠭᠦᠯᠵᠦ᠂ ᠭᠠᠯ ᠢ ᠰᠡᠷᠭᠡᠶᠢᠯᠡᠬᠦ ᠶᠡᠷᠦ ᠶᠢᠨ ᠮᠡᠳᠡᠯᠭᠡ ᠶᠢ ᠵᠢᠷᠦᠬᠡᠨ ᠳᠤ   ᠪᠠᠨ ᠬᠠᠳᠠᠩᠰᠢᠭᠤᠯᠵᠤ᠂ ᠴᠠᠭ ᠢᠮᠠᠭᠲᠠ ᠭᠠᠯ ᠢ ᠰᠡᠷᠭᠡᠶᠢᠯᠡᠬᠦ ᠰᠡᠷᠡᠮᠵᠢ ᠶᠢᠨ ᠬᠤᠩᠬᠤ ᠶᠢ ᠳᠤᠤᠭᠠᠷᠭᠠᠪᠠ᠃      ︽ᠣᠯᠠᠨ ᠵᠠᠭᠤᠴᠢᠯᠠᠭᠤᠷ︾   ᠢ ᠬᠠᠮᠲᠤ ᠳᠤ ᠨᠢ ᠬᠦᠳᠡᠯᠦᠯᠴᠡᠵᠦ᠂ ᠭᠠᠯ ᠰᠡᠷᠭᠡᠶᠢᠯᠡᠬᠦ ᠠᠭᠤᠷ ᠠᠮᠢᠰᠬᠤᠯ ᠢ ᠪᠣᠶ ᠪᠣᠯᠭᠠᠪᠠ  ᠃ ᠪᠠᠯᠭᠠᠰᠤ ᠲᠣᠰᠬᠤᠨ ᠬᠤᠶᠠᠷ ᠱᠠᠲᠤᠨ ᠤ ᠬᠢᠨ ᠢᠨᠲ᠋ᠧᠷ  ᠰᠦᠯᠵᠢᠶ᠎ᠡ ᠶᠢ ᠠᠰᠢᠭᠯᠠᠨ᠂  ᠸᠧᠴᠠᠲ  ᠤᠨ ᠪᠦᠯᠦᠭᠯᠡᠯ᠂  ᠨᠠᠶᠢᠵᠠ ᠶᠢᠨ ᠲᠣᠭᠤᠷᠢᠭ᠂  ᠲᠢᠭ ᠲᠤᠭ᠂ ᠬᠤᠷᠳᠤᠨ ᠭᠠᠷ ᠵᠡᠷᠭᠡ ᠰᠦᠯᠵᠢᠶᠡᠨ ᠤ ᠲᠠᠪᠴᠠᠩ ᠢ ᠠᠰᠢᠭᠯᠠᠨ ᠴᠢᠩᠭ᠎ᠠ ᠰᠡᠷᠭᠡᠶᠢᠯᠡᠯᠲᠡ ᠶᠢᠨ ᠵᠠᠷᠯᠠᠯ ᠢ ᠳᠠᠮᠵᠢᠭᠤᠯᠤᠨ ᠲᠠᠷᠬᠠᠭᠠᠵᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ᠂  ᠳᠠᠬᠢᠬᠤ ᠶᠢ ᠴᠠᠭᠠᠵᠠᠯᠠᠬᠤ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠳᠠᠮᠵᠢᠭᠤᠯᠪᠠ  ᠂ ᠤᠢ ᠰᠢᠭᠤᠶ ᠶᠢᠨ ᠲᠦᠢᠮᠡᠷ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ  ᠬᠤᠷᠢᠭᠯᠠᠪᠠ᠃ ᠪᠥᠬᠦ ᠠᠷᠠᠳ ᠢᠶᠠᠷ ᠢᠶᠠᠨ ᠠᠩᠬᠠᠷᠴᠤ᠂ ᠪᠥᠬᠦ ᠠᠷᠠᠳ ᠢᠶᠠᠷ ᠢᠶᠠᠨ ᠳᠡᠮᠵᠢᠵᠦ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠭᠠᠯ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠠᠷᠠᠳ ᠣᠯᠠᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠣᠶ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠳᠤ ᠣᠷᠣᠯᠴᠠᠬᠤ ᠬᠡᠮᠵᠢᠶ᠎ᠡ‌‍ᠪᠠ‌ᠮᠡᠳᠡᠷᠡᠬᠦ ᠬᠡᠮᠵᠢᠶ᠎ᠡ ᠶᠢ ᠨᠡᠮᠡᠭᠳᠡᠭᠦᠯᠦᠨ᠎ᠡ᠃      ︽ᠰᠦᠯᠵᠢᠶᠡᠨ ᠤ ᠠᠵᠢᠯᠲᠠᠨ︾ ᠭᠠᠯ ᠰᠡᠷᠭᠡᠶᠢᠯᠡᠬᠦ ᠠᠮᠤᠷ ᠲᠦᠪᠰᠢᠨ ᠤ ᠲᠣᠤᠷ ᠢ ᠨᠢᠭᠲᠠ ᠰᠦᠯᠵᠢᠪᠡ᠃ ᠭᠠᠯ ᠢ ᠰᠡᠷᠭᠡᠶᠢᠯᠡᠬᠦ ᠠᠵᠢᠯ ᠳᠤ ᠴᠢᠭᠯᠡᠭᠦᠯᠦᠨ᠂ ᠮᠥᠬᠦᠴᠢ ᠪᠠᠯᠭᠠᠰᠤ ︽ᠪᠠᠭ ᠤᠨ ᠪᠦᠷᠢᠯᠳᠦᠬᠦᠨ ᠨᠡᠷ ᠬᠡᠰᠡᠭ ᠢ ᠳᠠᠭᠠᠭᠠᠴᠢᠯᠠᠬᠤ᠂ ᠪᠠᠶᠢᠭᠤᠯᠤᠯᠭ᠎ᠠ ᠶᠢᠨ ᠺᠠᠳ᠋ᠷ ᠲᠣᠰᠬᠤᠨ ᠢ ᠳᠠᠭᠠᠭᠠᠴᠢᠯᠠᠬᠤ᠂ ᠲᠣᠰᠬᠤᠨ ᠤ ᠺᠠᠳ᠋ᠷ ᠳᠤᠭᠤᠶᠢᠯᠠᠩ ᠢ ᠳᠠᠭᠠᠭᠠᠴᠢᠯᠠᠬᠤ︾ ᠲᠤᠤᠷᠴᠢᠯᠠᠭᠰᠠᠨ ᠭᠤᠷᠪᠠᠨ ᠱᠠᠲᠤᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠨᠠᠮ ᠤᠨ ᠭᠡᠰᠢᠭᠦᠨ ᠺᠠᠳ᠋ᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠬᠥᠮᠦᠰ ᠢ ᠳᠠᠶᠢᠴᠢᠯᠠᠨ ᠭᠠᠯ ᠰᠡᠷᠭᠡᠶᠢᠯᠡᠬᠦ ᠡᠯ᠎ᠡ  ᠵᠦᠢᠯ ᠤᠨ ᠠᠵᠢᠯ ᠳᠤ ᠣᠷᠣᠯᠴᠠᠭᠤᠯᠵᠤ᠂ ︽ᠰᠦᠯᠵᠢᠶᠡᠨ ᠳᠤ ᠬᠡᠮ ᠬᠡᠮᠵᠢᠶ᠎ᠡ ᠲᠠᠢ᠂ ᠬᠡᠮ ᠬᠡᠮᠵᠢᠶ᠎ᠡ ᠳᠤ ᠬᠥᠮᠦᠨ ᠲᠠᠢ᠂ ᠬᠥᠮᠦᠨ ᠪᠦᠬᠦᠨ ᠳᠤ ᠬᠠᠷᠢᠭᠤᠴᠠᠯᠭ᠎ᠠ ᠲᠠᠢ︾ ᠪᠠᠶᠢᠬᠤ ᠬᠡᠷᠡᠭᠲᠡᠶ᠃        ᠣᠯᠠᠨ ᠶᠠᠩᠵᠤ ᠶᠢᠨ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠠᠷᠠᠳ ᠣᠯᠠᠨ ᠤ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠣᠯᠠᠨ ᠢᠶᠠᠷ ᠢᠶᠠᠨ ᠬᠠᠤᠯᠢ ᠶᠣᠰᠣᠭᠠᠷ᠂ ᠠᠮᠤᠷ ᠲᠦᠪᠰᠢᠨ᠂ ᠪᠣᠯᠪᠠᠰᠤᠨ ᠢᠶᠠᠷ ᠭᠠᠯ ᠢ ᠬᠡᠷᠡᠭᠯᠡᠵᠦ᠂ ᠬᠤᠪᠢ ᠬᠥᠮᠦᠨ ᠤ  ᠦᠢᠯᠡ ᠠᠵᠢᠯᠯᠠᠭ᠎ᠠ ᠶᠢ ᠠᠩᠬᠠᠷᠬᠤ ᠶᠢᠨ ᠬᠠᠮᠲᠤ ᠪᠠᠰᠠ ᠪᠤᠰᠤᠳ ᠤᠨ  ᠦᠢᠯᠡ ᠠᠵᠢᠯᠯᠠᠭ᠎ᠠ ᠳᠤ ᠬᠢᠨᠠᠯᠲᠠ ᠲᠠᠯᠪᠢᠨ᠎ᠠ ᠭᠡᠵᠦ ᠢᠯᠡᠷᠬᠡᠶᠢᠯᠡᠵᠦ᠂ ᠪᠦᠬᠦ ᠪᠠᠯᠭᠠᠰᠤᠨ ᠤ ᠭᠠᠯ ᠢ ᠰᠡᠷᠭᠡᠢᠯᠡᠬᠦ ᠠᠮᠤᠷ ᠲᠦᠪᠰᠢᠨ ᠤ ᠠᠵᠢᠯ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠪᠠᠷ  ᠴᠢᠷᠮᠠᠶᠢᠨ᠎ᠠ  ︕    
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号