ᠵᠠᠯᠠᠨ ᠠᠶᠢᠯ ᠬᠤᠲᠠ ᠶᠢᠨ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠴᠠᠰᠤᠨ ᠳᠤ ᠭᠤᠯᠭᠤᠬᠤ ᠠᠩᠭᠢ ᠶᠢᠨ ᠬᠤᠪᠢ ᠬᠥᠮᠦᠨ ᠤ ᠰᠢᠯᠭᠠᠯᠲᠠ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2021/3/2
       ᠣᠶᠢᠷ᠎ᠠ ᠳᠤ᠂ ᠵᠠᠯᠠᠨ ᠠᠶᠢᠯ ᠬᠤᠲᠠ ᠶᠢᠨ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠠᠴᠠ ᠠᠩᠭᠢ ᠶᠢᠨ ᠳᠣᠲᠣᠷᠠᠬᠢ ᠬᠤᠪᠢ ᠬᠥᠮᠦᠨ ᠤ ᠥᠨᠳᠥᠷ ᠠᠭᠤᠯᠠ ᠶᠢᠨ ᠴᠠᠰᠤᠨ ᠳᠤ ᠭᠤᠯᠭᠤᠬᠤ ᠰᠣᠷᠢᠯᠲᠠ ᠶᠢᠨ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠣᠷᠭᠠᠭᠴᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠬᠢᠨᠠᠮᠠᠭᠠᠶ ᠴᠢᠩᠭ᠎ᠠ ᠨᠢᠮᠪᠠᠶ ᠪᠠᠶᠢᠵᠤ᠂ ᠲᠠᠮᠢᠷᠴᠢᠳ  ᠭᠦᠢᠴᠡᠳ ᠪᠡᠯᠡᠳᠬᠡᠯ ᠬᠢᠵᠦ᠂ ᠤᠷᠤᠯᠳᠤᠭᠠᠨ ᠤ ᠲᠠᠯᠠᠪᠤᠷ ᠲᠤ ᠡᠷᠡᠯᠬᠡᠭᠯᠡᠨ ᠲᠡᠮᠡᠴᠡᠵᠦ᠂ ᠴᠤᠭ ᠵᠢᠪᠬᠤᠭ᠎ᠠ ᠪᠠᠨ ᠢᠯᠡᠷᠡᠭᠦᠯᠪᠡ᠃        ᠤᠷᠤᠯᠳᠤᠭᠠᠨ ᠤ ᠳᠠᠷᠠᠭ᠎ᠠ ᠠᠩᠭᠢ ᠶᠢᠨ ᠳᠣᠲᠣᠭᠠᠳᠤ ᠳᠤ ᠳ᠋ᠦᠩᠨᠡᠯᠲᠡ ᠬᠢᠵᠦ᠂ ᠭᠡᠰᠢᠭᠦᠨ ᠨᠢᠭᠡᠪᠦᠷᠢ ᠶᠢᠨ ᠬᠢᠷᠢ ᠪᠦᠲᠦᠮᠵᠢ ᠶᠢ ᠨᠤᠲᠠᠯᠠᠵᠤ᠂ ᠬᠦᠷᠦᠯᠴᠡᠬᠦ ᠦᠭᠡᠢ ᠲᠠᠯ᠎ᠠ ᠶᠢ ᠵᠢᠭᠠᠵᠤ ᠭᠠᠷᠭᠠᠪᠠ᠃ ᠰᠣᠷᠭᠠᠭᠴᠢ ᠪᠠ ᠠᠩᠭᠢ ᠶᠢᠨ ᠭᠡᠰᠢᠭᠦᠳ ᠬᠤᠶᠢᠰᠢᠳᠠ ᠶᠢᠨ ᠪᠣᠯᠪᠠᠰᠤᠷᠠᠯ ᠤᠨ ᠳᠤᠮᠳᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠦᠬᠦ ᠲᠠᠯ᠎ᠠ ᠪᠠᠷ ᠵᠥᠷᠢᠶ᠎ᠡ ᠪᠠᠨ ᠡᠷᠢᠵᠦ᠂ ᠤᠷᠤᠯᠳᠤᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠪᠣᠯᠪᠠᠰᠤᠷᠠᠯ ᠤᠨ ᠬᠢᠷᠢ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠷᠤᠯᠳᠤᠭᠠᠨ ᠤ ᠲᠠᠯᠠᠪᠤᠷ ᠲᠤ ᠪᠣᠳᠠᠲᠤ ᠬᠦᠴᠦᠨ ᠢᠶᠠᠨ ᠭᠦᠢᠴᠡᠳ ᠪᠠᠳᠠᠷᠠᠭᠤᠯᠵᠤ᠂  ᠰᠠᠶᠢᠨ ᠬᠢᠷᠢ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ ᠭᠡᠵᠦ ᠢᠯᠡᠷᠬᠡᠢᠯᠡᠪᠡ᠃        ᠣᠶᠢᠷ᠎ᠠ ᠶᠢᠨ ᠵᠢᠯ ᠳᠤ ᠵᠠᠯᠠᠨ ᠠᠶᠢᠯ ᠬᠤᠲᠠ ᠴᠠᠰᠤᠨ ᠳᠡᠭᠡᠷᠡᠬᠢ ᠤᠷᠤᠯᠳᠤᠭᠠᠨ ᠤ ᠤᠷᠤᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠴᠠᠰᠤᠨ ᠳᠤ ᠭᠤᠯᠭᠤᠬᠤ ᠠᠩᠭᠢ ᠶᠢᠨ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠴᠠᠰᠤᠨ ᠳᠡᠭᠡᠷᠡᠬᠢ ᠤᠷᠤᠯᠳᠤᠭᠠᠨ ᠤ ᠪᠡᠶ᠎ᠡ ᠶᠢᠨ ᠲᠠᠮᠢᠷ ᠤᠨ ᠰᠠᠭᠤᠷᠢ ᠶᠢ ᠪᠠᠬᠢᠵᠢᠭᠦᠯᠪᠡ᠃ 2021 ᠣᠨ ᠳᠤ᠂ ᠵᠠᠯᠠᠨ ᠠᠶᠢᠯ ᠬᠤᠲᠠ ᠶᠢᠨ ᠠᠵᠢᠯ ᠤᠨ ᠴᠢᠯᠥᠭᠡᠨ ᠤ ᠲᠠᠮᠢᠷ ᠤᠨ ᠰᠤᠷᠭᠠᠭᠤᠯᠢ  ︽ᠬᠢᠵᠢᠭ ᠢ ᠰᠡᠷᠭᠡᠶᠢᠯᠡᠬᠦ᠂ ᠲᠡᠶᠢᠨ ᠳᠤ ᠪᠡᠯᠡᠳᠬᠡᠬᠦ᠂ ᠪᠣᠯᠪᠠᠰᠤᠷᠠᠯ ᠢ ᠠᠳᠬᠤᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠰᠢᠭᠦᠳ ᠤᠨ ᠪᠣᠯᠪᠠᠰᠤᠷᠠᠯ ᠤᠨ ᠬᠠᠯᠠᠭᠤᠨ ᠰᠡᠳᠬᠢᠯᠭᠡ ᠶᠢ ᠭᠦᠢᠴᠡᠳ ᠬᠥᠭᠵᠢᠭᠡᠨ᠂ ᠤᠷᠤᠯᠳᠤᠭᠠᠨ ᠤ ᠲᠤᠷᠰᠢᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠵᠦ᠂ ᠤᠷᠤᠯᠳᠤᠭᠠᠨ᠂  ᠰᠣᠷᠭᠠᠯᠲᠠ᠂ ᠪᠣᠯᠪᠠᠰᠣᠷᠠᠯ ᠢ ᠨᠢᠭᠡ ᠴᠣᠭᠴᠠᠵᠢᠭᠤᠯᠤᠭᠰᠠᠨ ᠴᠠᠰᠤᠨ ᠳᠡᠭᠡᠷᠡᠬᠢ ᠶᠡᠷᠦᠩᠬᠡᠶᠢᠯᠡᠭᠰᠡᠨ ᠴᠢᠨᠠᠷᠲᠠᠶ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号