ᠵᠠᠯᠠᠨ ᠠᠶᠢᠯ ᠬᠤᠲᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠰᠠᠨᠠᠯ ᠰᠠᠨᠠᠭᠤᠯᠭ᠎ᠠ ᠬᠤᠷᠢᠶᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/2
     
         2  ᠰᠠᠷ᠎ᠠ  ᠶᠢᠨ   26      ᠤ  ᠡᠳᠦᠷ᠂ ᠵᠠᠯᠠᠨ ᠠᠶᠢᠯ ᠬᠤᠳᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠰᠠᠨᠠᠯ ᠬᠤᠷᠢᠶᠠᠬᠤ ᠰᠠᠨᠠᠭᠤᠯᠭ᠎ᠠ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠬᠤᠳᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠠᠬᠠᠮᠠᠳ ᠺᠠᠳ᠋ᠷ ᠪᠣᠯᠤᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠬᠤᠷᠢᠶᠠᠪᠠ᠃ ᠬᠤᠲᠠ ᠶᠢᠨ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂  ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠸᠠᠩ ᠪᠥᠸᠧ ᠬᠤᠷᠠᠯ ᠢ ᠡᠷᠬᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠵᠢᠦᠸᠠᠨ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠧᠨ ᠴᠧᠩ ᠵᠢᠴᠢ ᠪᠦᠬᠦ ᠬᠤᠲᠠ ᠶᠢᠨ ᠠᠬᠠᠮᠠᠳ ᠺᠠᠳ᠋ᠷ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠨ᠂ ᠭᠠᠳᠠᠨ᠎ᠠ ᠰᠠᠭᠤᠭ᠎ᠠ ᠨᠢᠭᠡᠴᠡ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠯᠠᠨ ᠲᠦᠮᠡᠨ ᠤ ᠪᠦᠯᠬᠦᠮ ᠤᠨ ᠲᠥᠯᠥᠭᠡᠯᠡᠭᠴᠢ᠂ ᠬᠠᠤᠯᠢ ᠴᠠᠭᠠᠵᠠ ᠶᠢᠨ ᠵᠥᠪᠯᠡᠭᠴᠢ᠂ ᠭᠤᠣᠯᠳᠠᠯᠭ᠎ᠠ ᠲᠠᠢ ᠠᠵᠤ ᠠᠬᠤᠢᠯᠠᠯ ᠤᠨ ᠬᠠᠷᠢᠭᠤᠴᠠᠯᠭᠠᠲᠠᠨ ᠪᠠ ᠣᠯᠠᠨ ᠲᠦᠮᠡᠨ ᠤ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠪᠣᠯᠤᠨ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠣᠰ ᠲᠣᠰ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠠᠭᠠᠷ ᠤᠨ ᠠᠵᠤ ᠦᠢᠯᠡᠰ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠤᠨᠴᠠᠯᠢᠬᠳᠤ ᠲᠡᠵᠢᠭᠡᠨ ᠦᠷᠡᠵᠢᠭᠦᠯᠬᠦ  ᠦᠢᠯᠡᠰ᠂ ᠰᠣᠶᠣᠯ ᠤᠨ  ᠦᠢᠯᠡᠰ ᠵᠡᠷᠭᠡ ᠠᠭᠤᠯᠭ᠎ᠠ ᠶᠢᠨ ᠲᠤᠬᠠᠶ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠭᠰᠠᠨ ᠪᠥᠭᠡᠳ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠲᠤᠬᠠᠶ ᠯᠠᠪᠯᠠᠯᠲᠠ ᠪᠣᠯᠭᠠᠵᠤ ᠪᠣᠯᠬᠤ ᠰᠠᠨᠠᠯ᠂ ᠰᠠᠨᠠᠭᠤᠯᠭ᠎ᠠ ᠳᠤᠷᠠᠳᠴᠠᠶ᠃       ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠭᠰᠡᠨ ᠠᠩᠬᠠᠨ ᠤ ᠵᠢᠯ ᠪᠣᠯᠤᠨ᠎ᠠ᠂ ᠪᠠᠰᠠ ᠴᠤ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠰᠠᠶᠢᠲᠤᠷ ᠲᠤᠭᠤᠷᠪᠢᠬᠤ ᠨᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠠᠲᠤᠯᠠᠬᠤ ᠳᠤ ᠮᠠᠰᠢ ᠴᠢᠬᠤᠯᠠ ᠶᠤᠮ᠃       ᠬᠤᠷᠠᠯ ᠠᠴᠠ᠂ ᠢᠯᠡᠳᠬᠡᠯ ᠲᠤᠭᠤᠷᠪᠢᠬᠤ ᠳᠤᠭᠤᠶᠢᠯᠠᠩ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠦᠨᠳᠦᠰᠦᠯᠡᠵᠦ᠂ ᠨᠠᠷᠢᠨ ᠬᠢᠨᠠᠮᠠᠭᠠᠢ ᠡᠮᠬᠢᠯᠡᠵᠦ᠂ ᠭᠦᠢᠴᠡᠳ ᠰᠢᠩᠭᠡᠭᠡᠨ ᠠᠪᠴᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠤᠯᠠᠮ ᠴᠢᠨᠠᠭᠰᠢᠳᠠ ᠰᠠᠶᠢᠲᠤᠷ ᠵᠠᠰᠠᠵᠤ᠂ ᠰᠠᠶᠢᠲᠤᠷ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ  ᠵᠠᠯᠠᠨ ᠠᠶᠢᠯ ᠬᠤᠳᠠ ᠶᠢᠨ ᠪᠣᠳᠠᠲᠤ ᠪᠠᠶᠢᠳᠠᠯ ᠳᠤ ᠨᠡᠩ ᠰᠠᠶᠢᠲᠤᠷ ᠨᠡᠶᠢᠴᠡᠵᠦ᠂ ᠠᠷᠠᠳ ᠤᠯᠠᠨ ᠤ ᠬᠦᠰᠡᠯ ᠰᠠᠨᠠᠭ᠎ᠠ ᠶᠢ ᠨᠡᠩ ᠰᠠᠶᠢᠲᠤᠷ ᠢᠯᠡᠷᠡᠭᠦᠯᠵᠦ᠂ ᠪᠦᠬᠦ ᠬᠤᠳᠠ ᠶᠢᠨ ᠠᠷᠠᠳ ᠲᠦᠮᠡᠨ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠣᠯᠭᠤᠬᠤ ᠬᠡᠷᠡᠭᠲᠡᠢ  ᠭᠡᠵᠡᠢ᠃ ᠡᠭᠦᠨ ᠤ ᠬᠠᠮᠲᠤ ᠨᠡᠶᠢᠭᠡᠮ ᠤᠨ ᠡᠯ᠎ᠡ ᠡᠲᠡᠭᠡᠳ ᠤᠨ ᠬᠢᠨ ᠵᠠᠰᠠᠭ ᠤᠨ ᠣᠷᠳᠣᠨ ᠤ ᠠᠵᠢᠯ ᠢ  ᠣᠷᠢᠲᠣ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠵᠠᠰᠠᠭ ᠤᠨ ᠣᠷᠳᠣᠨ ᠤ ᠠᠷᠠᠳ ᠲᠦᠮᠡᠨ ᠳᠤ  ᠦᠢᠯᠡᠴᠢᠯᠡᠬᠦ ᠡᠭᠦᠷᠭᠡ ᠴᠢᠳᠠᠪᠤᠷᠢ ᠶᠢ ᠨᠠᠩ ᠰᠠᠶᠢᠲᠤᠷ ᠪᠠᠳᠠᠷᠠᠭᠤᠯᠵᠤ᠂ ᠵᠠᠯᠠᠨ ᠠᠶᠢᠯ ᠬᠤᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠠᠷᠠᠳ ᠲᠦᠮᠡᠨ ᠳᠤ ᠨᠠᠩ ᠰᠠᠶᠢᠲᠤᠷ ᠬᠦᠷᠲᠡᠭᠡᠬᠦ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ ᠭᠡᠵᠡᠶ᠃        
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号