ᠵᠠᠯᠠᠨ ᠠᠶᠢᠯ ᠬᠤᠲᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠤ ᠳᠤᠭᠤᠶᠢᠯᠠᠩ ᠤᠨ ᠠᠩᠬᠠᠳᠤᠭᠠᠷ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/2
   
           2  ᠰᠠᠷ᠎ᠠ   ᠶᠢᠨ   27      ᠤ  ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠳᠡᠳ᠋ ᠡᠷᠬᠢᠯᠡᠭᠴᠢ᠂ ᠵᠠᠰᠠᠭ ᠤᠨ ᠶᠠᠪᠤᠳᠠᠯ ᠤᠨ ᠣᠷᠴᠢᠨ ᠠᠬᠤᠶ ᠶᠢᠨ ᠳᠤᠭᠤᠶᠢᠯᠠᠩ ᠤᠨ ᠳᠠᠷᠤᠭ᠎ᠠ ᠸᠠᠩ ᠪᠥᠸᠧ ᠵᠠᠯᠠᠨ ᠠᠶᠢᠯ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠵᠠᠰᠠᠭ ᠤᠨ ᠶᠠᠪᠤᠳᠠᠯ ᠤᠨ ᠣᠷᠴᠢᠨ ᠠᠬᠤᠶ ᠶᠢᠨ ᠳᠤᠭᠤᠶᠢᠯᠠᠩ ᠤᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠵᠠᠰᠠᠭ ᠤᠨ ᠶᠠᠪᠤᠳᠠᠯ ᠤᠨ ᠣᠷᠴᠢᠨ ᠠᠬᠤᠶ ᠶᠢᠨ ᠳᠤᠭᠤᠶᠢᠯᠠᠩ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠵᠠᠰᠠᠭ ᠤᠨ ᠶᠠᠪᠤᠳᠠᠯ ᠤᠨ ᠣᠷᠴᠢᠨ ᠠᠬᠤᠶ ᠶᠢᠨ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃       ᠬᠤᠷᠠᠯ ᠠᠴᠠ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠤ ᠳᠤᠭᠤᠶᠢᠯᠠᠩ ᠤᠨ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠲᠣᠰ ᠲᠣᠰ ᠰᠣᠨᠣᠰᠪᠠ᠃       ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠨᠠᠮ ᠤᠨ ᠲᠥᠪ ᠬᠤᠷᠢᠶᠠᠨ ᠤ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠡᠵᠡᠮᠰᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃        ᠬᠤᠷᠠᠯ ᠠᠴᠠ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠤ ᠳᠤᠭᠤᠶᠢᠯᠠᠩ ᠤᠨ ᠡᠯ᠎ᠡ ᠳᠡᠳ᠋ ᠳᠤᠭᠤᠶᠢᠯᠠᠩ ᠤᠨ ᠳᠠᠷᠤᠭ᠎ᠠ᠂ ᠪᠦᠷᠢᠯᠳᠦᠬᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠣᠷᠣᠯᠴᠠᠵᠤ ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠪᠣᠯᠤᠨ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠤᠷᠴᠠ ᠭᠠᠪᠰᠢᠭᠠᠢ ᠬᠦᠴᠦᠨ ᠢ ᠵᠣᠬᠢᠶᠠᠨ ᠪᠠᠶᠢᠭᠤᠯᠵᠤ᠂ ᠲᠤᠰᠬᠠᠢ ᠬᠥᠮᠦᠨ ᠰᠣᠩᠭᠤᠨ ᠰᠢᠯᠵᠢᠭᠦᠯᠵᠦ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠨᠠᠷᠢᠨ ᠲᠠᠩᠰᠠ ᠪᠠᠷ ᠬᠥᠳᠡᠯᠦᠩᠭᠦᠢ ᠬᠠᠮᠢᠶᠠᠷᠬᠤ᠂ ᠲᠠᠩᠰᠠ ᠡᠪᠬᠡᠮᠡᠯ ᠢᠶᠠᠷ ᠠᠬᠢᠭᠤᠯᠬᠤ᠂ ᠳ᠋ᠤᠭᠠᠷᠯᠠᠵᠤ ᠳ᠋ᠤᠭᠠᠷ ᠬᠠᠰᠤᠬᠤ ᠶᠢ ᠬᠡᠷᠡᠭᠵᠢᠭᠦᠯᠵᠦ᠂ ︽ᠵᠤᠷᠪᠤᠰ ᠪᠦᠷᠢ ᠶᠢ ᠴᠡᠭᠴᠡᠯᠡᠨ ᠰᠠᠶᠢᠵᠢᠷᠠᠭᠤᠯᠵᠤ᠂ ᠵᠤᠷᠪᠤᠰ ᠪᠦᠷᠢ ᠶᠢ ᠨᠠᠶᠢᠳᠠᠪᠤᠷᠢᠵᠢᠭᠤᠯᠬᠤ︾ ᠱᠠᠭᠠᠷᠳᠠᠯᠭ᠎ᠠ ᠶᠣᠰᠣᠭᠠᠷ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ ᠭᠡᠵᠡᠢ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号