ᠸᠠ ᠳ᠋ᠢ ᠰᠢᠶᠠᠩ᠄ ︽ᠭᠤᠷᠪᠠ ᠶᠢ ᠪᠣᠳᠠᠲᠠᠶᠢᠵᠢᠭᠤᠯᠬᠤ︾ ᠶᠢ ᠪᠠᠷᠢᠮᠲᠠᠯᠠᠵᠤ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠮᠡᠳᠡᠭᠡ ᠵᠠᠩᠭᠢ ᠶᠢ ᠣᠷᠣᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2021/3/22
     ᠬᠥᠳᠡᠭᠡ ᠲᠣᠰᠬᠤᠨ ᠤ ᠭᠡᠷ ᠪᠠᠶᠢᠰᠢᠩ ᠤᠨ ᠮᠡᠳᠡᠭᠡ ᠵᠠᠩᠭᠢ ᠶᠢ ᠣᠷᠣᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠸᠠ ᠳ᠋ᠢ ᠰᠢᠶᠠᠩ ︽ᠭᠤᠷᠪᠠ ᠶᠢ ᠪᠣᠳᠠᠲᠠᠶᠢᠵᠢᠭᠤᠯᠬᠤ︾ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠬᠡᠷ ᠪᠠᠶᠢᠰᠢᠩ ᠤᠨ ᠠᠮᠤᠷ ᠲᠦᠪᠰᠢᠨ ᠤ ᠮᠡᠳᠡᠭᠡ ᠵᠠᠩᠭᠢ ᠶᠢ ᠣᠷᠣᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ᠃         ᠨᠢᠭᠡ ᠳᠤ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠵᠤ᠂ ᠲᠠᠨᠢᠯᠲᠠ ᠶᠢ ᠠᠳᠬᠤᠨ᠎ᠠ᠃ ᠰᠠᠭᠤᠭᠠᠯᠢ ᠠᠷᠠᠳ ᠤᠨ ᠭᠡᠷ ᠪᠠᠶᠢᠰᠢᠩ ᠤᠨ ᠮᠡᠳᠡᠭᠡ ᠵᠠᠩᠭᠢ ᠶᠢ ᠣᠷᠣᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠸᠠ ᠳ᠋ᠢ ᠰᠢᠶᠠᠩ ᠤᠨ ᠤᠳᠤᠷᠢᠳᠬᠤ ᠪᠠᠭ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠶ ᠰᠤᠳᠤᠯᠵᠤ᠂   ︽ᠰᠢᠶᠠᠩ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠶ ᠠᠳᠬᠤᠬᠤ︾ ᠠᠵᠢᠯ ᠤᠨ ᠰᠡᠳᠬᠢᠮᠵᠢ ᠶᠢ ᠳᠤᠷᠠᠳᠴᠤ᠂ ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠮᠡᠳᠡᠭᠡ ᠵᠠᠩᠭᠢ ᠣᠷᠣᠭᠤᠯᠬᠤ ᠠᠵᠢᠯ ᠤᠨ ᠲᠤᠰᠬᠠᠶ ᠰᠡᠳᠦᠪᠲᠦ ᠬᠤᠷᠠᠯ ᠢ ᠣᠯᠠᠨ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠮᠡᠳᠡᠭᠡ ᠵᠠᠩᠭᠢ ᠣᠷᠣᠭᠤᠯᠤᠭᠴᠢ ᠶᠢᠨ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠵᠦ᠂ ᠬᠡᠷ ᠪᠠᠶᠢᠰᠢᠩ ᠤᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠪᠢᠴᠢᠵᠦ ᠣᠷᠣᠭᠤᠯᠬᠤ ᠠᠵᠢᠯ ᠤᠨ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃         ᠬᠤᠶᠠᠷ ᠲᠤ ᠳᠠᠶᠢᠴᠢᠯᠠᠯᠲᠠ ᠶᠢ ᠪᠣᠳᠠᠲᠠᠶᠢᠵᠢᠭᠤᠯᠵᠤ᠂ ᠪᠣᠯᠪᠠᠰᠤᠷᠠᠭᠤᠯᠤᠯ ᠢ ᠠᠳᠬᠤᠬᠤ ᠬᠡᠷᠡᠭᠲᠡᠶ᠃ ᠮᠡᠳᠡᠭᠡ ᠵᠠᠩᠭᠢ ᠶᠢᠨ ᠣᠷᠣᠭᠤᠯᠤᠯᠲᠠ ᠶᠢᠨ ᠥᠨᠳᠥᠷ ᠪᠦᠲᠦᠮᠵᠢᠲᠡᠶ ᠣᠨᠣᠪᠴᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠲᠣᠰᠬᠤᠨ ᠤ ᠷᠠᠳᠢᠣ᠋ ᠨᠡᠪᠲᠡᠷᠡᠭᠦᠯᠭᠡ᠂ ᠸᠢᠴᠠᠲ ᠤᠨ ᠪᠦᠯᠦᠭ ᠵᠡᠷᠭᠡ ᠬᠡᠯᠪᠡᠷᠢ ᠶᠢ ᠭᠦᠢᠴᠡᠳ ᠠᠰᠢᠭᠯᠠᠨ᠂ ᠬᠡᠷ ᠪᠠᠶᠢᠰᠢᠩ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢᠨ ᠴᠢᠩᠭ᠎ᠠ ᠨᠢᠮᠪᠠᠶ ᠴᠢᠨᠠᠷ ᠪᠠ ᠴᠢᠬᠤᠯᠠ ᠴᠢᠨᠠᠷ ᠢ ᠲᠥᠪᠯᠡᠷᠡᠭᠦᠯᠦᠨ ᠤᠬᠠᠭᠤᠯᠵᠤ᠂  ᠡᠭᠦᠨ ᠤ ᠤᠯᠠᠮ ᠠᠴᠠ ᠬᠠᠷᠢᠶᠠᠲᠤ ᠣᠷᠣᠨ ᠤ ᠤᠯᠠᠨ ᠲᠦᠮᠡᠨ ᠤ ᠡᠨᠡᠬᠦ ᠠᠵᠢᠯ ᠢ ᠣᠶᠢᠯᠠᠭᠠᠬᠤ ᠨᠤᠷᠮ᠎ᠠ ᠪᠠ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ᠂ ᠰᠢᠶᠠᠩ ᠤᠨ ᠱᠠᠲᠤᠨ ᠤ ᠠᠵᠢᠯᠲᠠᠨ ᠢ ᠡᠯ᠎ᠡ ᠲᠣᠰᠬᠤᠨ ᠳᠤ ᠭᠦᠨᠵᠡᠭᠡᠶᠢᠷᠡᠭᠦᠯᠦᠨ᠂ ︽ᠨᠢᠭᠡ ᠳᠤ ᠨᠢᠭᠡ ᠶᠢᠨ︾ ᠬᠡᠯᠪᠡᠷᠢ ᠪᠠᠷ ᠲᠣᠰᠬᠤᠨ ᠤ ᠱᠠᠲᠤᠨ ᠤ ᠬᠥᠮᠦᠰ ᠲᠤ ᠪᠣᠳᠠᠲᠤ ᠪᠣᠯᠪᠠᠰᠤᠷᠠᠯ ᠤᠨ ᠪᠣᠯᠪᠠᠰᠤᠷᠠᠯ ᠬᠢᠵᠦ᠂ ᠪᠥᠬᠦ ᠰᠢᠶᠠᠩ ᠤᠨ ᠬᠡᠷ ᠪᠠᠶᠢᠰᠢᠩ ᠤᠨ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢᠨ ᠮᠡᠳᠡᠭᠡ ᠵᠠᠩᠭᠢ ᠶᠢ ᠣᠷᠣᠭᠤᠯᠬᠤ ᠠᠵᠢᠯ ᠳᠤ ᠰᠠᠭᠤᠷᠢ ᠲᠠᠯᠪᠢᠵᠤ ᠥᠭᠬᠦ ᠬᠡᠷᠡᠭᠲᠡᠶ᠃         ᠭᠤᠷᠪᠠ ᠳᠤ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃  ᠸᠠ ᠳ᠋ᠢ ᠰᠢᠶᠠᠩ ᠤᠨ ᠮᠡᠳᠡᠭᠡ ᠵᠠᠩᠭᠢ ᠣᠷᠣᠭᠤᠯᠬᠤ 54 ᠬᠥᠮᠦᠨ ᠦᠳᠲᠡᠷ ᠲᠦᠷᠭᠡᠨ ᠬᠥᠳᠡᠯᠦᠯᠴᠡᠵᠦ᠂ ᠠᠶᠢᠯ ᠲᠣᠰᠬᠤᠨ ᠳᠤ ᠭᠦᠨᠵᠡᠭᠡᠶᠢᠷᠡᠨ ᠬᠡᠷ ᠪᠠᠶᠢᠰᠢᠩ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠮᠡᠳᠡᠭᠡ ᠵᠠᠩᠭᠢ ᠶᠢ ᠣᠷᠣᠭᠤᠯᠬᠤ ᠪᠠ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠲᠦᠷᠦᠭᠦᠬᠡᠨ ᠪᠣᠯᠲᠠᠯ᠎ᠠ᠂ ᠬᠥᠳᠡᠭᠡ ᠲᠣᠰᠬᠤᠨ ᠤ 2289 ᠬᠡᠷ ᠪᠠᠶᠢᠰᠢᠩ ᠤᠨ ᠠᠮᠤᠷ ᠲᠦᠪᠰᠢᠨ ᠤ ᠮᠡᠳᠡᠭᠡ ᠵᠠᠩᠭᠢ ᠶᠢ ᠴᠤᠭᠯᠠᠭᠤᠯᠬᠤ ᠪᠠ ᠳᠡᠭᠡᠭᠰᠢ ᠳᠠᠮᠵᠢᠭᠤᠯᠬᠤ ᠠᠵᠢᠯ ᠢ ᠨᠢᠭᠡᠨᠲᠡ ᠪᠡᠶᠡᠯᠡᠭᠦᠯᠵᠡᠶ᠃         ᠲᠠᠷᠠᠭᠠᠴᠢ ᠶᠢᠨ ᠠᠯᠬᠤᠮ ᠳᠤ᠂ ᠸᠠ ᠳ᠋ᠢ ᠰᠢᠶᠠᠩ ᠤᠨ ᠬᠢᠨ ︽ᠨᠢᠭᠡ ᠡᠷᠦᠬᠡ  ᠨᠢᠭᠡ ᠬᠡᠷ ᠪᠠᠶᠢᠰᠢᠩ ᠢ ᠣᠷᠬᠢᠭᠳᠠᠭᠤᠯᠬᠤ ᠥᠬᠡᠶ︾ ᠪᠠᠶᠢᠬᠤ ᠵᠠᠷᠴᠢᠮ ᠢ ᠦᠷᠭᠦᠯᠵᠢᠯᠡᠨ ᠪᠠᠷᠢᠮᠲᠠᠯᠠᠵᠤ᠂ ︽ᠲᠣᠤᠷ ᠲᠠᠲᠠᠬᠤ ᠮᠠᠶ᠋ᠢᠭ︾ ᠤᠨ ᠪᠠᠶᠢᠴᠠᠭᠠᠯᠲᠠ ᠶᠢ ᠥᠷᠨᠢᠭᠦᠯᠦᠨ᠎ᠡ  ᠂ ᠬᠠᠷᠢᠶᠠᠲᠤ ᠣᠷᠣᠨ ᠤ ᠬᠡᠷ ᠪᠠᠶᠢᠰᠢᠩ ᠤᠨ ᠮᠡᠳᠡᠭᠡ ᠵᠠᠩᠭᠢ ᠶᠢ ᠦᠨᠡᠨ ᠪᠣᠳᠠᠲᠠᠶ ᠂ ᠪᠥᠬᠦ ᠲᠠᠯ᠎ᠠ ᠪᠠᠷ᠂ ᠣᠨᠣᠪᠴᠢᠲᠠᠶ ᠴᠤᠭᠯᠠᠭᠤᠯᠬᠤ ᠶᠢ ᠦᠨᠡᠨᠬᠦ ᠪᠠᠲᠤᠯᠠᠵᠤ᠂ ᠪᠥᠬᠦ ᠰᠢᠶᠠᠩ ᠤᠨ ᠰᠠᠭᠤᠭᠠᠯᠢ ᠠᠷᠠᠳ ᠤᠨ ᠬᠡᠷ ᠪᠠᠶᠢᠰᠢᠩ ᠤᠨ ᠮᠡᠳᠡᠭᠡ ᠵᠠᠩᠭᠢ ᠶᠢ ᠣᠷᠣᠭᠤᠯᠬᠤ ᠠᠵᠢᠯ ᠢ ᠴᠠᠭ ᠲᠤᠬᠠᠶ ᠳᠤᠨᠢ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠪᠡᠶᠡᠯᠡᠭᠦᠯᠬᠦ ᠬᠡᠷᠡᠭᠲᠡᠶ᠃  
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号